ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠠᠮᠢᠨᠤ᠋ ᠾᠧᠺᠰᠠ ᠬᠦᠴᠢᠯ ᠤ᠋ᠨ ᠲᠠᠷᠢᠯᠭ᠎ᠠ ᠶ᠋ᠢᠨ ᠰᠢᠩᠭᠡᠨ᠂ ᠬᠡᠷᠡᠬᠦ ᠴᠢᠨᠠᠷᠳᠠᠢ ᠦᠶ᠎ᠠ ᠭᠡᠰᠢᠭᠦᠨ ᠤ᠋ ᠦᠷᠪᠢᠰᠦᠯ ᠤ᠋ᠨ ᠬᠠᠪᠳᠠᠭᠠᠢ ᠦᠷᠢᠯ ᠵᠡᠷᠭᠡ ᠬᠤᠶᠠᠷ ᠵᠦᠢᠯ ᠤ᠋ᠨ ᠡᠮ ᠤ᠋ᠨ ᠶᠠᠰᠤ ᠴᠢᠨᠠᠷ ᠢ᠋ ᠵᠠᠳᠠᠯᠬᠤ ᠠᠵᠢᠯ ᠳ᠋ᠤ ᠲᠤᠪᠤᠢᠮ᠎ᠠ ᠠᠮᠵᠢᠯᠳᠠ ᠤᠯᠵᠤ᠂ ᠲᠦᠷᠦᠬᠦᠬᠡᠨ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠳ᠋ᠤ ᠰᠠᠢᠰᠢᠶᠠᠭᠳᠠᠪᠠ᠃
ᠤᠢᠯᠠᠭᠠᠭᠰᠠᠨ ᠶ᠋ᠢᠡᠷ᠂ 2025 ᠤᠨ ᠤ᠋ ᠪᠦᠬᠦ ᠤᠯᠤᠰ ᠤ᠋ᠨ ᠡᠮ ᠤ᠋ᠨ ᠵᠦᠢᠯᠡᠰ ᠢ᠋ ᠰᠤᠭᠤᠴᠢᠨ ᠪᠠᠢᠴᠠᠭᠠᠬᠤ ᠠᠵᠢᠯ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠤ᠋ᠨ ᠬᠢᠨ ᠪᠦᠬᠦ ᠤᠯᠤᠰ ᠤ᠋ᠨ 30 ᠮᠤᠵᠢ ᠤᠷᠤᠨ ᠬᠤᠳᠠ ᠪᠤᠯᠤᠨ 14 ᠡᠠᠵᠤ ᠠᠬᠤᠢᠯᠠᠯ ᠤ᠋ᠨ 15 ᠵᠦᠢᠯ ᠤ᠋ᠨ ᠦᠢᠯᠡᠳᠭᠦᠨ ᠳ᠋ᠤ ᠬᠤᠯᠪᠤᠭᠳᠠᠬᠤ ᠠᠮᠢᠨᠤ᠋ ᠾᠧᠺᠰᠠ ᠬᠦᠴᠢᠯ ᠤ᠋ᠨ ᠲᠠᠷᠢᠯᠭ᠎ᠠ ᠶ᠋ᠢᠨ ᠰᠢᠩᠭᠡᠨ᠂ ᠬᠡᠷᠡᠬᠦ ᠴᠢᠨᠠᠷᠳᠠᠢ ᠦᠶ᠎ᠠ ᠭᠡᠰᠢᠭᠦᠨ ᠤ᠋ ᠦᠷᠪᠢᠰᠦᠯ ᠤ᠋ᠨ ᠬᠠᠪᠳᠠᠭᠠᠢ ᠦᠷᠢᠯ ᠵᠡᠷᠭᠡ ᠬᠤᠶᠠᠷ ᠵᠦᠢᠯ ᠤ᠋ᠨ ᠡᠮ ᠤ᠋ᠨ ᠰᠤᠭᠤᠴᠢᠨ ᠪᠠᠢᠴᠠᠭᠠᠬᠤ ᠠᠵᠢᠯ ᠢ᠋ ᠬᠠᠷᠢᠭᠤᠴᠠᠨ ᠭᠦᠢᠴᠡᠳᠭᠡᠵᠦ᠂ ᠡᠭᠦᠷᠭᠡ ᠬᠦᠨᠳᠤ ᠪᠦᠭᠡᠳ ᠶᠠᠰᠤ ᠴᠢᠨᠠᠷ ᠤ᠋ᠨ ᠪᠠᠷᠢᠮᠵᠢᠶ᠎ᠠ ᠪᠤᠳᠤᠯᠢᠶᠠᠨᠳᠠᠢ ᠪᠠᠢᠪᠠ᠃ ᠡᠭᠦᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠤ᠋ᠨ ᠬᠢᠨ ᠪᠦᠬᠦ ᠶᠠᠪᠤᠴᠠ ᠶ᠋ᠢᠨ ᠰᠢᠯᠭᠠᠨ ᠪᠠᠢᠴᠠᠭᠠᠬᠤ ᠲᠦᠰᠦᠯ ᠢ᠋ ᠰᠢᠨᠵᠢᠯᠡᠬᠦ ᠤᠬᠠᠭᠠᠨᠴᠢ ᠪᠡᠷ ᠳᠤᠭᠳᠠᠭᠠᠵᠤ᠂ 198 ᠪᠦᠯᠦᠭ ᠦᠯᠢᠭᠡᠷ ᠡᠮ ᠤ᠋ᠨ ᠰᠢᠯᠭᠠᠨ ᠪᠠᠢᠴᠠᠭᠠᠬᠤ ᠠᠵᠢᠯ ᠢ᠋ ᠠᠮᠵᠢᠯᠳᠠ ᠲᠠᠢ ᠪᠡᠶᠡᠯᠡᠭᠦᠯᠦᠭᠰᠡᠨ ᠪᠦᠭᠡᠳ ᠡᠮ ᠤ᠋ᠨ ᠵᠦᠢᠯᠡᠰ ᠤ᠋ᠨ ᠵᠤᠷ ᠤ᠋ᠨ ᠤᠷ᠎ᠠ ᠮᠡᠷᠭᠡᠰᠢᠯ ᠢ᠋ ᠰᠢᠯᠢᠳᠡᠭᠵᠢᠭᠦᠯᠬᠦ᠂ ᠲᠦᠬᠦᠭᠡᠢ ᠮᠠᠲᠧᠷᠢᠶᠠᠯ ᠪᠠ ᠲᠤᠰᠠᠯᠠᠬᠤ ᠮᠠᠲᠧᠷᠢᠶᠠᠯ ᠤ᠋ᠨ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ ᠵᠡᠷᠭᠡ ᠵᠠᠩᠬᠢᠯᠠᠭ᠎ᠠ ᠶ᠋ᠢᠨ ᠭᠤᠭᠴᠤᠭ᠎ᠠ ᠵᠢᠨ ᠲᠤᠭᠤᠷᠢᠨ ᠳ᠋ᠤ 42 ᠵᠦᠢᠯ ᠤ᠋ᠨ ᠰᠦᠪᠡᠭᠴᠢᠯᠡᠯᠳᠡ ᠶ᠋ᠢᠨ ᠴᠢᠨᠠᠷᠳᠠᠢ ᠰᠤᠳᠤᠯᠭᠠᠨ ᠦᠷᠨᠢᠭᠦᠯᠵᠦ᠂ ᠡᠮ ᠤ᠋ᠨ ᠵᠦᠢᠯᠡᠰ ᠤ᠋ᠨ ᠶᠠᠰᠤ ᠴᠢᠨᠠᠷ ᠲᠤ᠌ ᠤᠷᠤᠰᠢᠬᠤ ᠳᠠᠯᠳᠠ ᠲᠦᠭᠰᠢᠭᠦᠷᠢ ᠶ᠋ᠢ ᠤᠯᠠᠮ ᠨᠢᠭᠡ ᠠᠯᠬᠤᠮ ᠰᠡᠷᠭᠡᠢᠯᠡᠵᠠᠢ᠃
ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠤ᠋ᠨ ᠬᠢᠨ ᠯᠠᠪᠳᠠᠭᠤᠨ ᠪᠠᠳᠤᠳᠠᠢ ᠰᠢᠯᠭᠠᠨ ᠪᠠᠢᠴᠠᠭᠠᠯᠳᠠ ᠪᠠ ᠭᠦᠨᠵᠡᠭᠡᠢ ᠵᠠᠳᠠᠯᠤᠯᠳᠠ ᠬᠢᠭᠰᠡᠨ ᠰᠠᠭᠤᠷᠢᠨ ᠲᠠᠬᠡᠷ᠎ᠠ ᠤᠯᠤᠰ ᠤ᠋ᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ᠌ ᠤᠷᠢᠳ ᠬᠤᠵᠢᠳ ᠨᠡᠢᠳᠡ 3 ᠤᠳᠠᠭ᠎ᠠ ᠶ᠋ᠢᠨ ᠬᠦᠨᠳᠤ ᠨᠤᠴᠢᠳᠠᠢ ᠶᠠᠰᠤ ᠴᠢᠨᠠᠷ ᠤ᠋ᠨ ᠲᠦᠭᠰᠢᠭᠦᠷᠢ ᠶ᠋ᠢᠨ ᠰᠡᠷᠡᠮᠵᠢᠯᠡᠭᠦᠯᠦᠯ᠂ 19 ᠵᠤᠷᠪᠤᠰ ᠡᠮ ᠤ᠋ᠨ ᠵᠦᠢᠯᠡᠰ ᠤ᠋ᠨ ᠶᠠᠰᠤ ᠴᠢᠨᠠᠷ ᠤ᠋ᠨ ᠲᠦᠭᠰᠢᠭᠦᠷᠢ ᠶ᠋ᠢᠨ ᠮᠡᠳᠡᠭᠡ ᠵᠠᠩᠬᠢ᠂ 3 ᠵᠤᠷᠪᠤᠰ ᠶᠠᠰᠤ ᠴᠢᠨᠠᠷ ᠤ᠋ᠨ ᠪᠠᠷᠢᠮᠵᠢᠶ᠎ᠠ ᠶ᠋ᠢᠨ ᠮᠡᠳᠡᠭᠡ ᠵᠠᠩᠬᠢ ᠶ᠋ᠢ ᠳᠡᠪᠰᠢᠭᠦᠯᠵᠦ᠂ 2 ᠬᠤᠪᠢ ᠨᠡᠢᠳᠡ 15.7 ᠲᠦᠮᠡᠨ ᠦᠰᠦᠭ ᠪᠦᠬᠦᠢ ᠲᠤᠰᠬᠠᠢ ᠵᠠᠳᠠᠯᠤᠯᠳᠠ ᠶ᠋ᠢᠨ ᠮᠡᠳᠡᠭᠦᠯᠦᠯᠳᠡ ᠶ᠋ᠢ ᠲᠤᠭᠤᠷᠪᠢᠨ ᠪᠢᠴᠢᠵᠦ ᠳᠡᠭᠡᠭᠰᠢ ᠳᠡᠪᠰᠢᠭᠦᠯᠤᠨ᠂ ᠡᠮ ᠤ᠋ᠨ ᠵᠦᠢᠯᠡᠰ ᠤ᠋ᠨ ᠳᠠᠯᠳᠠ ᠲᠦᠭᠰᠢᠭᠦᠷᠢ ᠶ᠋ᠢᠨ ᠴᠡᠭ ᠢ᠋ ᠨᠠᠷᠢᠨ ᠤᠨᠤᠪᠴᠢᠳᠠᠢ ᠵᠢᠭᠰᠠᠭᠠᠵᠤ᠂ ᠤᠯᠤᠰ ᠤ᠋ᠨ ᠡᠮ ᠤ᠋ᠨ ᠵᠦᠢᠯᠡᠰ ᠢ᠋ ᠰᠢᠨᠵᠢᠯᠡᠬᠦ ᠤᠬᠠᠭᠠᠨᠴᠢ ᠪᠡᠷ ᠬᠢᠨᠠᠨ ᠬᠠᠮᠢᠶᠠᠷᠬᠤ ᠳ᠋ᠤ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃