ᠥᠪᠥᠷ ᠮᠣᠩᠭᠣᠯ ᠲᠦᠷᠦᠭᠦᠸ᠋ ᠪᠦᠯᠦᠭ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ 《ᠴᠠᠭᠠᠨ ᠲᠠᠩᠰᠠ》 ᠵᠢ ᠨᠡᠢᠲᠡᠯᠡᠪᠡ
2026-04-01 10:17:25
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠤᠰᠬᠠᠢᠯᠠᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠵᠦ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠢᠷᠤᠮᠵᠢᠯ᠎ᠲᠠᠢ ᠡᠮᠬᠢ ᠵᠢᠷᠤᠮ᠎ᠲᠠᠢ ᠬᠥᠭᠵᠢᠬᠦ᠎ᠶᠢ ᠠᠬᠢᠭᠤᠯᠬᠤ ᠢ᠋ᠢᠨ ᠲᠦᠯᠦᠭᠡ᠂ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠤᠨ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ ᠶᠣᠰᠣᠭᠠᠷ᠂ ᠤᠢᠷ᠎ᠡ᠎ᠳᠦ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶ᠎ᠠ ᠢ᠋ᠢᠨ ᠨᠡᠢᠭᠡᠮ᠎ᠤᠨ ᠠᠵᠢᠯ᠎ᠤᠨ ᠬᠡᠯᠲᠡᠰ ᠦᠪᠦᠷ ᠮᠤᠩᠭᠤᠯ᠎ᠤᠨ ᠦᠪᠡᠷᠲᠡᠭᠡᠨ ᠤᠷᠤᠨ᠎ᠤ ᠲᠡᠰ᠎ᠤᠨ ᠲᠦᠷᠦᠭᠦᠦ ᠪᠦᠯᠦᠭ᠎ᠤᠨ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠵᠤᠬᠢᠶᠠᠨ ᠪᠠᠢᠭᠤᠯᠤᠯᠲᠠ ᠢ᠋ᠢᠨ 《ᠴᠠᠭᠠᠨ ᠲᠠᠩᠰᠠ》 ᠵᠢ ᠨᠡᠢᠲᠡᠯᠡᠪᠡ᠃

ᠤᠢᠯᠠᠭᠠᠬᠰᠠᠨ ᠢ᠋ᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠬᠤᠯᠪᠤᠭ᠎ᠠ᠂ ᠥᠪᠥᠷ ᠮᠣᠩᠭᠣᠯ᠎ᠤᠨ ᠡᠮᠡᠭᠲᠡᠢᠴᠦᠳ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠨᠡᠢᠭᠡᠮᠯᠢᠭ᠂ ᠥᠪᠥᠷ ᠮᠣᠩᠭᠣᠯ᠎ᠤᠨ ᠵᠠᠯᠠᠭᠤᠴᠤᠳ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠤ ᠨᠡᠢᠭᠡᠮᠯᠢᠭ ᠦᠪᠦᠷ ᠮᠤᠩᠭᠤᠯ᠎ᠤᠨ ᠦᠪᠡᠷᠲᠡᠭᠡᠨ ᠤᠷᠤᠨ᠎ᠤ ᠲᠡᠰ᠎ᠤᠨ ᠲᠦᠷᠦᠭᠦᠦ ᠪᠦᠯᠦᠭ᠎ᠤᠨ ᠰᠠᠢᠨ ᠲᠤᠷ᠎ᠠ ᠢ᠋ᠢᠨ ᠦᠢᠯᠡᠴᠢᠯᠡᠭᠡᠨ᠎ᠤ ᠵᠤᠬᠢᠶᠠᠨ ᠪᠠᠢᠭᠤᠯᠤᠯᠲᠠ ᠢ᠋ᠢᠨ 《ᠴᠠᠭᠠᠨ ᠲᠠᠩᠰᠠ》 ᠳ᠋ᠤ ᠵᠢᠬᠰᠠᠭᠠᠬᠲᠠᠪᠠ᠃

ᠰᠠᠢᠨ ᠳᠤᠷ᠎ᠠ᠎ᠶᠢᠨ ᠦᠢᠯᠡᠴᠢᠯᠡᠭᠡᠨ᠎ᠦ 《ᠴᠠᠭᠠᠨ ᠲᠠᠩᠰᠠ》 ᠳ᠋ᠤ ᠵᠢᠭ᠍ᠰᠠᠭᠠᠭᠳᠠᠭᠰᠠᠨ ᠵᠣᠬᠢᠶᠠᠨ ᠪᠠᠢᠭᠤᠯᠤᠯᠲᠠ ᠭᠡᠳᠡᠭ ᠨᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯ᠎ᠤᠨ ᠪᠠᠢᠷᠢ᠎ᠶᠢ ᠪᠠᠢᠩᠭᠤᠵᠢᠭᠤᠯᠤᠨ ᠬᠠᠩᠭᠠᠵᠤ ᠳᠡᠶ᠋ᠢᠯᠬᠦ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ ᠳᠡᠶ᠋ᠢᠯᠬᠦ᠂ ᠡᠳᠦᠷ ᠲᠤᠲᠤᠮ᠎ᠤᠨ ᠬᠠᠮᠢᠶᠠᠷᠤᠯᠲᠠ ᠨᠢ ᠵᠢᠷᠤᠮᠵᠢᠯ᠎ᠲᠠᠢ ᠰᠢᠨᠵᠢᠯᠡᠬᠦ ᠤᠬᠠᠭᠠᠨᠴᠢ᠂ ᠵᠣᠬᠢᠶᠠᠨ ᠪᠠᠢᠭᠤᠯᠤᠯᠲᠠ᠎ᠶᠢᠨ ᠳᠦᠷᠢᠮ ᠨᠢ ᠪᠦᠷᠢᠨ ᠲᠡᠭᠦᠯᠳᠡᠷ᠂ ᠣᠯᠠᠨ ᠲᠦᠮᠡᠨ᠎ᠳᠦ ᠮᠡᠳᠡᠷᠡᠭᠳᠡᠭᠰᠡᠨ᠂ ᠰᠠᠢᠨ ᠠᠵᠢᠯᠯᠠᠭᠠᠨ᠎ᠲᠠᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢ ᠵᠢᠭᠠᠵᠤ ᠪᠣᠶ᠃ 《ᠴᠠᠭᠠᠨ ᠲᠠᠨᠭᠰᠠ》 ᠢ᠋ᠢᠨ ᠬᠠᠮᠢᠶᠠᠷᠤᠯᠲᠠ᠎ᠶᠢ ᠬᠡᠷᠡᠭᠵᠢᠭᠦᠯᠬᠦ ᠨᠢ ᠥᠷᠭᠡᠨ ᠤᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠰᠠᠢᠨ ᠳᠤᠷ᠎ᠠ᠎ᠶᠢᠨ ᠦᠢᠯᠡᠴᠢᠯᠡᠭᠡ᠎ᠳᠦ ᠣᠷᠣᠯᠴᠠᠬᠤ᠎ᠳᠤ ᠠᠷᠭ᠎ᠠ ᠵᠠᠮ ᠪᠠ ᠠᠵᠠ ᠲᠣᠬᠢᠶᠠᠯ ᠬᠠᠩᠭᠠᠬᠤ᠎ᠶᠢᠨ ᠲᠥᠯᠥᠭᠡ ᠶᠤᠮ᠃ 《ᠴᠠᠭᠠᠨ ᠲᠠᠩᠰᠠ》 ᠳ᠋ᠤ ᠬᠥᠳᠡᠯᠦᠩᠭᠦᠢ ᠬᠠᠮᠢᠶᠠᠷᠤᠯᠲᠠ᠎ᠶᠢ ᠬᠡᠷᠡᠭᠵᠢᠭᠦᠯᠵᠦ᠂ ᠨᠥᠬᠥᠴᠡᠯ᠎ᠳᠦ ᠨᠡᠢᠴᠡᠬᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢ ᠴᠠᠭ ᠲᠤᠬᠠᠢ ᠳ᠋ᠤᠨᠢ ᠣᠷᠣᠭᠤᠯᠵᠤ᠂ ᠬᠠᠤᠯᠢ ᠲᠣᠭᠲᠠᠭᠠᠯ ᠠ᠋ᠴᠠ ᠵᠥᠷᠢᠴᠡᠭᠰᠡᠨ ᠪᠠᠢᠳᠠᠯ ᠭᠠᠷᠪᠠᠯ ᠴᠠᠭ ᠲᠤᠬᠠᠢ ᠳ᠋ᠤᠨᠢ ᠭᠠᠷᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号