ᠲᠦᠷᠦᠬᠦᠬᠡᠨ᠂ 《ᠵᠡᠭᠦᠨ ᠬᠣᠢᠲᠤ ᠣᠷᠣᠨ᠎ᠤ ᠬᠤᠲᠠ᠎ᠶᠢᠨ ᠬᠦᠯ ᠪᠦᠮᠪᠦᠭᠡ᠎ᠶᠢᠨ ᠬᠤᠯᠪᠤᠭᠠᠳᠤ ᠤᠷᠤᠯᠳᠤᠭᠠᠨ》 ᠤ᠋ ᠪᠡᠯᠡᠳᠭᠡᠯ ᠪᠤᠯᠪᠠᠰᠤᠷᠠᠯ ᠵᠢᠡᠨ ᠡᠬᠢᠯᠡᠬᠦᠯᠬᠦ ᠪᠡᠷ ᠬᠥᠬᠡᠬᠣᠲᠠ᠎ᠶ᠋ᠢᠨ ᠬᠥᠯ ᠪᠥᠮᠪᠥᠭᠡ᠎ᠶ᠋ᠢᠨ ᠠᠩᠭᠢ ᠳ᠋ᠠᠯᠢᠶᠠᠨᠵᠦᠭ ᠮᠤᠷᠳᠠᠵᠠᠢ᠃
《ᠵᠡᠭᠦᠨ ᠬᠣᠢᠲᠤ ᠣᠷᠣᠨ᠎ᠤ ᠬᠣᠲᠠ᠎ᠶ᠋ᠢᠨ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ》 ᠪᠣᠯ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠮᠲᠤ᠎ᠪᠠᠷ ᠡᠭᠦᠰᠭᠡᠨ ᠪᠠᠢᠭᠤᠯᠤᠭ᠍ᠰᠠᠨ ᠬᠣᠲᠠ᠎ᠶ᠋ᠢᠨ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠪᠣᠯᠤᠨ᠎ᠠ᠃ ᠲᠤᠰ ᠤᠷᠤᠯᠳᠤᠭᠠᠨ ᠨᠢ ᠣᠷᠣᠨ ᠪᠦᠰᠡ᠎ᠶ᠋ᠢᠨ ᠬᠢᠵᠠᠭᠠᠷᠯᠠᠯ᠎ᠢ ᠡᠪᠳᠡᠵᠦ᠍᠂ ᠳᠥᠷᠪᠡᠨ ᠮᠤᠵᠢ ᠤᠷᠤᠨ ᠬᠣᠯᠪᠣᠭᠠᠯᠠᠨ ᠬᠥᠳᠡᠯᠦᠯᠴᠡᠵᠦ᠍᠂ ᠣᠯᠠᠨ ᠲᠦᠮᠡᠨᠴᠢ ᠴᠢᠨᠠᠷᠲᠠᠶ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠲᠦᠭᠡᠮᠡᠯᠵᠢᠭᠦᠯᠦᠯᠲᠡ᠎ᠶ᠋ᠢ ᠬᠠᠮᠲᠤ᠎ᠪᠠᠷ ᠳᠥᠯᠭᠢᠨ ᠠᠬᠢᠭᠤᠯᠵᠤ ᠰᠣᠳᠣᠨ ᠬᠥᠯ ᠪᠥᠮᠪᠥᠭᠡ᠎ᠶ᠋ᠢᠨ ᠤᠷᠤᠯᠳᠤᠭᠠᠨ᠎ᠢᠶᠠᠷ ᠭᠠᠵᠠᠷ ᠣᠷᠣᠨ᠎ᠤ ᠰᠣᠶᠣᠯ ᠵᠢᠭᠤᠯᠴᠢᠯᠠᠯ ᠬᠤᠳᠠᠯᠳᠤᠭ᠎ᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠪᠡᠷ ᠵᠤᠷᠢᠯᠭ᠎ᠠ ᠪᠤᠯᠭᠠᠪᠠ᠃ ᠠᠩᠬᠠᠳᠤᠭᠠᠷ ᠬᠤᠭᠤᠴᠠᠭᠠᠨ᠎ᠤ 《ᠵᠡᠭᠦᠨ ᠬᠣᠢᠲᠤ ᠣᠷᠣᠨ᠎ᠤ ᠬᠤᠲᠠ᠎ᠶᠢᠨ ᠬᠦᠯ ᠪᠦᠮᠪᠦᠭᠡ᠎ᠶᠢᠨ ᠬᠤᠯᠪᠤᠭᠠᠳᠤ ᠤᠷᠤᠯᠳᠤᠭᠠᠨ》 ᠡᠨᠡ ᠵᠢᠯ᠎ᠤᠨ 5 ᠰᠠᠷ᠎ᠠ᠎ᠠᠴᠠ 10 ᠰᠠᠷ᠎ᠠ ᠪᠣᠯᠲᠠᠯ᠎ᠠ ᠶᠠᠪᠤᠭᠳᠠᠨ᠎ᠠ᠂ ᠤᠷᠤᠯᠳᠤᠭᠠᠨ᠎ᠳᠤ ᠯᠢᠶᠣᠤᠨᠢᠩ ᠮᠤᠵᠢ᠎ᠶ᠋ᠢᠨ ᠮᠦᠭ᠌ᠳᠡᠨ ᠬᠣᠲᠠ᠂ ᠳ᠋ᠠᠯᠢᠶᠠᠨ ᠬᠣᠲᠠ᠂ ᠭᠢᠷᠢᠨ ᠮᠤᠵᠢ᠎ᠶ᠋ᠢᠨ ᠴᠠᠩᠴᠦ᠋ᠨ ᠬᠣᠲᠠ᠂ ᠶᠠᠨ ᠪᠢᠶᠠᠨᠦ ᠰᠤᠯᠤᠩᠭᠤᠰ ᠦᠨᠳᠦᠰᠦᠳᠡᠨ᠎ᠦ ᠦᠪᠡᠷᠳᠡᠬᠡᠨ ᠵᠠᠰᠠᠬᠤ ᠵᠧᠸ᠋᠂ ᠬᠠᠷᠠᠮᠥ᠋ᠷᠡᠨ ᠮᠤᠵᠢ᠎ᠶ᠋ᠢᠨ ᠬᠠᠷᠪᠢᠨ ᠬᠣᠲᠠ᠂ ᠵᠢᠶ ᠰᠢ ᠬᠣᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠂ ᠲᠦᠩᠯᠢᠶᠣᠤ ᠬᠣᠲᠠ᠎ᠶ᠋ᠢ ᠪᠠᠭ᠍ᠲᠠᠭᠠᠭ᠍ᠰᠠᠨ 8 ᠲᠥᠯᠥᠭᠡᠯᠡᠭ᠌ᠴᠢᠳ᠎ᠦᠨ ᠠᠩᠭᠢ ᠤᠷᠤᠯᠴᠠᠬᠤ ᠪᠤᠯᠤᠨ᠎ᠠ᠃
《ᠵᠡᠭᠦᠨ ᠬᠣᠢᠲᠤ ᠣᠷᠣᠨ᠎ᠤ ᠬᠣᠲᠠ᠎ᠶ᠋ᠢᠨ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ》 ᠨᠢ ᠬᠥᠯ ᠪᠥᠮᠪᠥᠭᠡ᠎ᠶ᠋ᠢᠨ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠬᠤᠳᠠᠯᠳᠤᠭ᠎ᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠠᠵᠤ ᠠᠬᠤᠶ᠎ᠶ᠋ᠢᠨ ᠦᠷ᠎ᠡ ᠠᠱᠢᠭ ᠬᠢᠭᠡᠳ ᠨᠡᠢᠭᠡᠮ᠎ᠦᠨ ᠦᠷ᠎ᠡ ᠠᠱᠢᠭ᠎ᠤᠨ ᠬᠤᠤᠰ ᠡᠯᠪᠡᠭ ᠬᠤᠷᠢᠶᠠᠯᠲᠠ᠎ᠶ᠋ᠢ ᠪᠡᠶᠡᠯᠡᠭᠦᠯᠵᠦ᠍᠂ ᠣᠷᠣᠨ ᠪᠦᠰᠡ᠎ᠶ᠋ᠢᠨ ᠬᠥᠭ᠌ᠵᠢᠯᠳᠡ᠎ᠳᠦ ᠪᠡᠶ᠎ᠡ᠎ᠶ᠋ᠢᠨ ᠲᠠᠮᠢᠷ᠎ᠤᠨ ᠬᠥᠳᠡᠯᠭᠡᠬᠦ᠌ ᠡᠨᠧᠷᠭᠢ ᠨᠡᠮᠡᠷᠢᠯᠡᠬᠦ᠌ ᠪᠤᠯᠤᠨ᠎ᠠ᠃ ᠣᠢᠯᠠᠭᠠᠭ᠍ᠰᠠᠨ᠎ᠢᠶᠠᠷ᠂ ᠬᠥᠬᠡᠬᠣᠲᠠ᠎ᠶᠢᠨ ᠠᠩᠭᠢ᠎ᠶᠢᠨ 80%᠎ᠡᠴᠡ ᠳᠡᠭᠡᠭ᠌ᠰᠢᠬᠢ ᠪᠥᠮᠪᠥᠭᠡᠴᠢᠨ ᠪᠣᠯ ᠬᠥᠬᠡᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠪᠤᠰᠤᠳ ᠠᠢᠮᠠᠭ ᠬᠣᠲᠠ᠎ᠶ᠋ᠢᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠱᠢᠯᠢᠳᠡᠭ ᠲᠠᠮᠢᠷᠴᠢᠨ ᠪᠣᠯᠤᠨ᠎ᠠ᠃ ᠲᠤᠰ ᠤᠳᠠᠭ᠎ᠠ ᠵᠢᠨ ᠪᠤᠯᠪᠠᠰᠤᠷᠠᠯ ᠨᠢ 1 ᠰᠠᠷ᠎ᠠ ᠶᠠᠪᠤᠭᠳᠠᠨ᠎ᠠ᠃