ᠤᠯᠤᠰ᠎ᠤᠨ ᠠᠮᠤ ᠪᠤᠳᠠᠭ᠎ᠠ ᠪᠠ ᠡᠳ᠋ ᠪᠤᠳᠠᠰ
ᠨᠥᠭᠡᠴᠡᠯᠡᠬᠦ ᠲᠣᠪᠴᠢᠶᠠᠨ᠎ᠤ ᠠᠵᠢᠯᠲᠠᠨ᠎ᠤ ᠶᠠᠪᠤᠳᠠᠯ᠎ᠤᠨ ᠵᠤᠷᠭᠠᠨ 3 ᠰᠠᠷ᠎ᠠ᠎ᠶᠢᠨ 28 ᠤ ᠡᠳᠦᠷ 《ᠤᠯᠤᠰ᠎ᠤᠨ ᠠᠮᠤ ᠪᠤᠳᠠᠭ᠎ᠠ ᠪᠠ ᠡᠳ᠋
ᠪᠤᠳᠠᠰ ᠨᠥᠭᠡᠴᠡᠯᠡᠬᠦ ᠲᠣᠪᠴᠢᠶ᠎ᠠ᠎ᠶᠢᠨ ᠰᠢᠭᠤᠳ ᠬᠠᠮᠢᠶᠠᠷᠤᠯᠲᠠ᠎ᠶᠢᠨ ᠲᠣᠪᠴᠢᠶ᠎ᠠ᠎ᠶᠢᠨ ᠠᠵᠢᠯ ᠦᠢᠯᠡᠰ᠎ᠦᠨ ᠨᠢᠭᠡᠴᠢ᠎ᠶᠢᠨ
2026 ᠣᠨ᠎ᠤ ᠢᠯᠡ᠎ᠪᠡᠷ ᠠᠵᠢᠯᠲᠠᠨ ᠡᠯᠰᠡᠬᠦ ᠠᠯᠪᠠᠨ ᠵᠠᠷᠯᠠᠯ》 ᠨᠡᠢᠲᠡᠯᠡᠵᠦ᠂ ᠨᠡᠢᠭᠡᠮ ᠨᠡᠶ᠋ᠢᠲᠡ᠎ᠡᠴᠡ 223 ᠠᠵᠢᠯᠲᠠᠨ ᠡᠯᠰᠡᠬᠦ ᠪᠡᠷ ᠪᠤᠢ᠂ ᠪᠦᠬᠦᠨ᠎ᠢ ᠠᠵᠢᠯ ᠦᠢᠯᠡᠰ᠎ᠦᠨ ᠣᠷᠣᠨ ᠲᠣᠭᠠᠨ᠎ᠤ
ᠬᠠᠮᠢᠶᠠᠷᠤᠯᠲᠠ᠎ᠳᠤ ᠣᠷᠣᠭᠤᠯᠤᠨ᠎ᠠ ᠭᠡᠪᠡ ᠃
ᠡᠯᠰᠡᠬᠦ ᠡᠲᠡᠭᠡᠳ
1. ᠲᠣᠰ ᠬᠤᠭᠤᠴᠠᠭᠠᠨ᠎ᠤ
ᠲᠡᠭᠦᠰᠦᠭᠰᠡᠳ᠄ ᠤᠯᠤᠰ᠎ᠤᠨ ᠳᠣᠲᠣᠭᠠᠳᠤ᠎ᠶᠢᠨ ᠶᠡᠬᠡ ᠳᠡᠭᠡᠳᠦ ᠰᠤᠷᠭᠠᠭᠤᠯᠢ
ᠵᠢᠨ 2026
ᠣᠨ᠎ᠤ ᠲᠡᠭᠦᠰᠦᠭᠰᠡᠳ ( ᠡᠯ᠎ᠡ ᠲᠥᠷᠥᠯ᠎ᠦᠨ ᠨᠠᠢᠳᠠᠨ ᠬᠥᠮᠥᠵᠢᠭᠦᠯᠬᠦ ᠰᠣᠷᠣᠭ᠍ᠴᠢ᠂ ᠬᠠᠨᠳᠤᠯᠭ᠎ᠠ᠎ᠲᠠᠢ ᠰᠣᠷᠣᠭ᠍ᠴᠢ ᠶᠢ
ᠪᠠᠭᠲᠠᠭᠠᠬᠤ ᠦᠭᠡᠢ᠂ ᠬᠣᠶᠠᠷ ᠵᠢᠯ᠎ᠦᠨ ᠠᠵᠢᠯ ᠰᠣᠩᠭᠣᠬᠤ ᠬᠤᠭᠤᠴᠠᠭᠠᠨ ᠳᠤ ᠪᠠᠢᠭ᠎ᠠ ᠠᠵᠢᠯ ᠣᠯᠣᠭᠠᠳᠤᠢ ᠲᠡᠭᠦᠰᠦᠭᠰᠡᠳ᠎ᠢ
ᠪᠠᠭᠲᠠᠭᠠᠨ᠎ᠠ ) ᠂ ᠲᠤᠬᠠᠢ᠎ᠶᠢᠨ ᠵᠢᠯ ᠳᠦ ᠬᠤᠭᠤᠴᠠᠭ᠎ᠠ ᠶᠣᠰᠣᠭᠠᠷ ᠲᠡᠭᠦᠰᠬᠦ ᠦᠨᠡᠮᠯᠡᠯ᠂ ᠡᠷᠳᠡᠮ᠎ᠦᠨ ᠴᠣᠯᠠ᠎ᠶᠢᠨ
ᠦᠨᠡᠮᠯᠡᠯ ᠵᠢᠨᠨ ᠤᠯᠤᠬᠰᠠᠳ᠃
2. ᠨᠡᠢᠭᠡᠮ ᠦᠨ ᠠᠵᠢᠯᠲᠠᠨ᠄
ᠳᠡᠬᠦᠰᠬᠦ ᠦᠶ᠎ᠠ ᠵᠢᠨ ᠬᠠᠮᠤᠭ᠎ᠤᠨ ᠥᠨᠳᠥᠷ ᠰᠤᠷᠤᠯᠭ᠎ᠠ᠎ᠶᠢᠨ ᠨᠠᠮᠲᠠᠷ ᠤᠨ ᠦᠨᠡᠮᠯᠡᠯ ᠪᠤᠯᠤᠨ ᠡᠷᠳᠡᠮ᠎ᠦᠨ
ᠴᠣᠯᠠ᠎ᠶᠢᠨ ᠦᠨᠡᠮᠯᠡᠯ ᠵᠢᠨᠨ ᠣᠯᠣᠭᠰᠠᠳ᠃
3. ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ
ᠪᠤᠴᠠᠵᠤ ᠢᠷᠡᠭᠰᠡᠳ᠄ ᠰᠤᠷᠭᠠᠨ ᠬᠥᠮᠦᠵᠢᠯ᠎ᠦᠨ ᠶᠠᠮᠤᠨ᠎ᠤ ᠭᠠᠳᠠᠭᠠᠳᠤ᠎ᠳᠤ ᠰᠤᠷᠤᠯᠴᠠᠬᠤ ᠦᠢᠯᠡᠴᠢᠯᠡᠭᠡᠨ ᠦ
ᠲᠥᠪ᠎ᠲᠦ ᠰᠤᠷᠤᠯᠭ᠎ᠠ᠎ᠶᠢᠨ ᠨᠠᠮᠲᠠᠷ ᠪᠤᠯᠤᠨ ᠡᠷᠳᠡᠮ ᠦᠨ ᠴᠣᠯᠠ᠎ᠪᠡᠨ ᠭᠡᠷᠡᠴᠢᠯᠡᠬᠦᠯᠦᠭᠰᠡᠳ᠃
ᠡᠯᠰᠡᠨ ᠤᠷᠢᠬᠤ ᠠᠵᠢᠯ ᠤᠨ ᠪᠠᠢᠷᠢ᠎ᠳᠤ
ᠠᠰᠲᠠᠭᠠᠨ ᠱᠠᠭᠠᠷᠳᠠᠯᠭ᠎ᠠ᠎ᠲᠠᠢ᠎ᠶᠢ ᠭᠠᠷᠭᠠᠪᠠᠯ᠂ ᠡᠯᠰᠡᠨ ᠤᠷᠢᠬᠤ ᠡᠲᠡᠭᠡᠳ ᠨᠢ ᠡᠩ ᠦᠨ ᠪᠠᠢᠳᠠᠯ᠎ᠳᠤ ᠪᠦᠬᠦᠯᠢ 18 ᠨᠠᠰᠤᠨ᠎ᠠᠴᠠ ᠳᠡᠭᠡᠭᠰᠢ᠂ ᠪᠦᠬᠦᠯᠢ 38 ᠨᠠᠰᠤᠨ᠎ᠠᠴᠠ ᠳᠣᠷᠣᠭ᠍ᠰᠢ (
1987 ᠣᠨ᠎ᠤ 3 ᠰᠠᠷ᠎ᠠ᠎ᠶᠢᠨ 1 ᠦ ᠡᠳᠦᠷ᠎ᠡᠴᠡ ᠰᠡᠭᠦᠯᠡᠷ ᠳᠦᠷᠦᠭᠰᠡᠨ ) ᠪᠠᠢᠬᠤ ᠬᠡᠷᠡᠭᠲᠡᠢ᠃
ᠨᠡᠷ᠎ᠡ ᠮᠡᠳᠡᠭᠦᠯᠬᠦ
ᠰᠢᠯᠭᠠᠭᠤᠯᠤᠭ᠍ᠴᠢ 2026 ᠣᠨ᠎ᠤ 3 ᠰᠠᠷ᠎ᠠ᠎ᠶᠢᠨ
28 ᠤ ᠡᠳᠦᠷ᠎ᠡᠴᠡ 4 ᠰᠠᠷ᠎ᠠ᠎ᠶᠢᠨ 7 ᠤ ᠡᠳᠦᠷ᠎ᠦᠨ 23᠄ 00 ᠪᠤᠯᠳᠠᠯ᠎ᠠ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ
ᠲᠣᠪᠴᠢᠶ᠎ᠠ᠎ᠶᠢᠨ ᠵᠠᠰᠠᠭ᠎ᠤᠨ ᠣᠷᠳᠣᠨ ᠤ ᠰᠦᠯᠵᠢᠶ᠎ᠡ (http᠄//www. lswz.gov.cn ) ᠵᠢᠴᠢ ᠠᠵᠢᠯᠲᠠᠨ ᠡᠯᠰᠡᠬᠦ ᠰᠦᠯᠵᠢᠶ᠎ᠡ (https᠄//campus.chinahr.com/pages/gjlswzj2026) ᠳᠤ ᠨᠡᠷ᠎ᠡ
ᠮᠡᠳᠡᠬᠦᠯᠵᠦ ᠪᠤᠯᠤᠨ᠎ᠠ᠃
ᠢᠷᠡᠯᠲᠡ᠄ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠶᠢᠨ ᠰᠦᠯᠵᠢᠶ᠎ᠡ