ᠪᠠᠷᠠᠭᠠᠨ᠎ᠤ ᠰᠦᠯᠵᠢᠶ᠎ᠡ᠎ᠶᠢᠨ ᠭᠣᠣᠯᠯᠠᠬᠤ ᠠᠵᠤ ᠦᠢᠯᠡᠰ᠎ᠦᠨ ᠬᠡᠪᠴᠢᠶ᠎ᠡ ᠵᠢ 3.5 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠤᠯᠤᠨ᠎ᠠ
2026-04-01 16:41:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ《ᠪᠠᠷᠠᠭᠠᠨ ᠎ᠤ ᠰᠦᠯᠵᠢᠶ᠎ᠡ ᠵᠢᠨ ᠠᠵᠤ ᠦᠢᠯᠡᠰ᠎ᠤᠨ ᠰᠢᠨ᠎ᠡ᠎ᠶᠢ ᠡᠭᠦᠳᠬᠦ ᠬᠥᠭᠵᠢᠯᠲᠡ ᠎ᠶᠢ ᠠᠬᠢᠭᠤᠯᠬᠤ ᠠᠵᠢᠯᠯᠠᠭᠠᠨ ᠎ᠤ ᠲᠥᠰᠥᠯ (2026 ︱2028 ᠣᠨ )》᠎ᠢ ᠳᠠᠷᠤᠮᠠᠯᠯᠠᠨ ᠲᠠᠷᠬᠠᠭᠠᠪᠠ᠃ 《ᠠᠵᠢᠯᠯᠠᠭᠠᠨ᠎ᠤ ᠲᠥᠰᠥᠯ》 ᠳ᠋ᠤ᠂ ᠭᠤᠷᠪᠠᠨ ᠵᠢᠯ ᠎ᠦᠨ ᠳᠣᠲᠣᠷ᠎ᠠ ᠪᠠᠷᠠᠭᠠᠨ᠎ᠤ ᠰᠦᠯᠵᠢᠶ᠎ᠡ ᠵᠢᠨ ᠭᠣᠣᠯᠯᠠᠬᠤ ᠠᠵᠤ ᠦᠢᠯᠡᠰ ᠎ᠦᠨ ᠬᠡᠪᠴᠢᠶ᠎ᠡ ᠵᠢ 3.5 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠤᠯᠤᠨ᠎ᠠ ᠭᠡᠵᠦ ᠳᠤᠷᠠᠳᠴᠠᠢ᠃

《ᠠᠵᠢᠯᠯᠠᠭᠠᠨ ᠎ᠤ ᠲᠥᠰᠥᠯ》 ᠳ᠋ᠤ᠂ 2028 ᠣᠨ ᠪᠣᠯᠲᠠᠯ᠎ᠠ᠂ ᠪᠠᠷᠠᠭᠠᠨ᠎ᠤ ᠰᠦᠯᠵᠢᠶ᠎ᠡ᠎ᠶᠢᠨ ᠠᠵᠤ ᠦᠢᠯᠡᠰ ᠎ᠦᠨ ᠰᠢᠨ᠎ᠡ ᠎ᠶᠢ ᠡᠭᠦᠳᠬᠦ ᠴᠢᠳᠠᠪᠤᠷᠢ ᠎ᠶᠢ ᠦᠷᠭᠦᠯᠵᠢᠯᠡᠨ ᠨᠡᠮᠡᠭᠳᠡᠭᠦᠯᠵᠦ᠂ ᠰᠡᠷᠡᠵᠦ ᠮᠡᠳᠡᠬᠦ᠂ ᠰᠦᠯᠵᠢᠶ᠎ᠡ ᠪᠠ ᠴᠢᠮᠡᠭᠡ ᠬᠣᠯᠪᠣᠭ᠎ᠠ᠂ ᠳ᠋ᠠᠢᠲ᠋ᠠ᠎ᠶᠢ ᠰᠢᠢᠳᠪᠦᠷᠢᠯᠡᠬᠦ᠂ ᠠᠮᠤᠷ ᠲᠦᠪᠰᠢᠨ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠳᠦ ᠰᠢᠪᠲᠤᠯᠤᠯᠲᠠ ᠭᠠᠷᠭᠠᠵᠤ᠂ ᠦᠵᠦᠭᠦᠷᠯᠢᠭ ᠪᠠ ᠲᠠᠪᠴᠠᠩ ᠎ᠤᠨ ᠣᠶᠤᠨᠴᠢᠯᠠᠯᠲᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ 50 ᠡᠴᠡ ᠳᠡᠭᠡᠭᠰᠢ ᠵᠦᠢᠯ ᠎ᠤᠨ ᠲᠡᠷᠢᠭᠦᠨ᠎ᠦ ᠬᠡᠷᠡᠭᠯᠡᠭᠡᠨ᠎ᠦ ᠪᠠᠷᠢᠮᠵᠢᠶ᠎ᠠ᠎ᠶᠢ ᠲᠣᠭᠲᠠᠭᠠᠨ᠂ 10 ᠳ᠋ᠦᠩᠰᠢᠭᠤᠷ ᠲᠠᠰ᠎ᠤᠨ ᠬᠤᠯᠪᠤᠯᠲᠠ ᠪᠠ 15 ᠮᠢᠩᠭᠠᠨ ᠲᠦᠮᠡᠨ ᠲᠠᠰ᠎ᠤᠨ ᠬᠤᠯᠪᠤᠯᠲᠠ ᠪᠦᠬᠦᠢ ᠬᠡᠷᠡᠭᠯᠡᠭᠡᠨ᠎ᠦ ᠬᠦᠷᠢᠶ᠎ᠡ᠎ᠶᠢ ᠪᠣᠢᠵᠢᠭᠤᠯᠤᠨ᠂ ᠪᠠᠷᠠᠭᠠᠨ᠎ᠤ ᠰᠦᠯᠵᠢᠶ᠎ᠡ᠎ᠶᠢᠨ ᠦᠵᠦᠭᠦᠷᠯᠢᠭ᠎ᠦᠨ ᠵᠠᠯᠭᠠᠯᠲᠠ᠎ᠶᠢᠨ ᠲᠣᠭ᠎ᠠ᠎ᠶᠢ ᠵᠠᠭᠤᠨ ᠳ᠋ᠦᠩᠰᠢᠭᠤᠷ ᠲᠠᠰ᠎ᠤᠨ ᠬᠡᠪᠴᠢᠶ᠎ᠡ᠎ᠳᠦ ᠬᠦᠷᠭᠡᠬᠦ᠎ᠪᠡᠷ ᠴᠢᠷᠮᠠᠢᠵᠤ᠂ ᠪᠠᠷᠠᠭᠠᠨ ᠎ᠤ ᠰᠦᠯᠵᠢᠶ᠎ᠡ᠎ᠶᠢᠨ ᠭᠣᠣᠯᠯᠠᠬᠤ ᠠᠵᠤ ᠦᠢᠯᠡᠰ᠎ᠦᠨ ᠬᠡᠪᠴᠢᠶ᠎ᠡ᠎ᠶᠢ 3.5 ᠲᠦᠮᠡᠨ ᠳ᠋ᠦᠩᠰᠢᠭᠤᠷ ᠲᠥᠭᠥᠷᠢᠭ᠎ᠡᠴᠡ ᠳᠠᠪᠠᠭᠤᠯᠤᠨ᠎ᠠ ᠭᠡᠵᠦ ᠳᠤᠷᠠᠳᠤᠨ ᠭᠠᠷᠭᠠᠪᠠ᠃

《ᠠᠵᠢᠯᠯᠠᠭᠠᠨ᠎ᠤ ᠲᠥᠰᠥᠯ》 ᠳ᠋ᠤ᠂ ᠵᠣᠬᠢᠶᠠᠮᠠᠯ ᠣᠶᠤᠨ ᠴᠢᠳᠠᠪᠤᠷᠢ᠂ 5G᠂ ᠬᠥᠮᠥᠨ ᠮᠠᠰᠢᠨ᠎ᠤ ᠬᠠᠷᠢᠯᠴᠠᠭ᠎ᠠ᠂ ᠢᠷᠮᠡᠭ᠎ᠤᠨ ᠪᠤᠳᠤᠯᠲᠠ ᠵᠡᠷᠭᠡ ᠮᠡᠷᠭᠡᠵᠢᠯ ᠬᠢᠭᠡᠳ ᠪᠠᠷᠠᠭᠠᠨ᠎ᠤ ᠰᠦᠯᠵᠢᠶ᠎ᠡ᠎ᠶᠢᠨ ᠬᠡᠷᠡᠭᠯᠡᠬᠡᠨ᠎ᠤ ᠦᠵᠦᠭᠦᠷᠯᠢᠭ ᠎ᠦᠨ ᠭᠦᠨᠵᠡᠭᠡᠢ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠬᠡᠷᠡᠭᠯᠡᠬᠡᠨ᠎ᠤ ᠦᠵᠦᠭᠦᠷᠯᠢᠭ ᠎ᠦᠨ ᠨᠠᠷᠢᠯᠢᠭ᠋ ᠣᠨᠣᠴᠠᠲᠠᠢ ᠵᠠᠳᠠᠯᠤᠯᠲᠠ᠂ ᠣᠶᠤᠨᠲᠤ ᠰᠢᠢᠳᠪᠦᠷᠢ ᠪᠠ ᠳᠥᠭᠥᠮ ᠳᠥᠲᠡ ᠰᠣᠯᠢᠯᠴᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠰᠦᠯᠵᠢᠶᠡᠨ ᠲᠥᠬᠦᠭᠡᠷᠦᠮᠵᠢ ᠵᠢᠨ ᠬᠣᠯᠪᠣᠯᠲᠠ ᠵᠢᠨ ᠴᠢᠳᠠᠪᠤᠷᠢ᠎ᠶᠢ ᠨᠡᠮᠡᠭᠳᠡᠭᠦᠯᠦᠨ᠂ ᠪᠠᠷᠠᠭᠠᠨ᠎ᠤ ᠰᠦᠯᠵᠢᠶ᠎ᠡ ᠵᠢᠨ ᠶᠡᠬᠡ ᠬᠡᠪᠴᠢᠶ᠎ᠡ ᠪᠡᠷ ᠬᠤᠯᠪᠤᠯᠲᠤᠬᠤ᠂ ᠤᠳᠠᠭᠠᠰᠢᠷᠠᠯ᠎ᠢ ᠳᠤᠤᠷ᠎ᠠ ᠲᠦᠪᠰᠢᠨ᠎ᠳᠤ ᠪᠠᠢᠯᠭᠠᠬᠤ᠂ ᠬᠠᠷᠰᠢᠯᠠᠯ᠎ᠢ ᠡᠰᠡᠷᠭᠦᠴᠡᠬᠦ᠂ ᠡᠨᠧᠷᠭᠢ ᠵᠢᠨ ᠬᠤᠷᠤᠭᠳᠠᠭᠤᠯᠤᠯ᠎ᠢ ᠳᠣᠣᠷ᠎ᠠ ᠪᠠᠢᠯᠭᠠᠬᠤ ᠴᠢᠮᠡᠭᠡ ᠬᠣᠯᠪᠣᠭᠠᠨ ᠎ᠤ ᠬᠡᠷᠡᠭᠴᠡᠭᠡ᠎ᠶᠢ ᠬᠠᠩᠭᠠᠨ᠎ᠠ᠃ ᠬᠡᠷᠡᠭᠯᠡᠭᠡᠨ᠎ᠦ ᠬᠦᠷᠢᠶᠡᠨ᠎ᠳᠡᠬᠢ ᠪᠠᠷᠠᠭᠠᠨ᠎ᠤ ᠰᠦᠯᠵᠢᠶ᠎ᠡ ᠎ᠶᠢᠨ ᠬᠡᠷᠡᠭᠯᠡᠭᠡᠨ ᠎ᠦ ᠬᠡᠷᠡᠭᠴᠡᠭᠡ᠎ᠶᠢ ᠬᠥᠭᠵᠢᠭᠡᠨ᠎ᠡ᠃ ᠣᠶᠤᠨᠴᠢ ᠮᠡᠳᠡᠷᠡᠯᠲᠡ᠂ ᠣᠯᠠᠨ ᠵᠠᠭᠪᠤᠷᠲᠤ ᠲᠦᠯᠦᠪ᠎ᠤᠨ ᠳ᠋ᠠᠢᠲ᠋ᠠ ᠵᠢ ᠠᠭᠤᠰᠤᠯᠴᠠᠭᠤᠯᠬᠤ ᠵᠡᠷᠭᠡ ᠮᠡᠷᠭᠡᠵᠢᠯ᠎ᠦᠨ ᠬᠥᠭᠵᠢᠯᠲᠡ᠎ᠶᠢ ᠲᠦᠷᠭᠡᠳᠬᠡᠵᠦ᠂ ᠨᠢᠭᠡ ᠪᠦᠯᠦᠭ ᠪᠡᠶ᠎ᠡ᠎ᠪᠡᠨ ᠳᠠᠭᠠᠭᠠᠨ ᠮᠡᠳᠡᠷᠡᠬᠦ᠂ ᠡᠵᠡᠮᠳᠡᠬᠦ ᠪᠠ ᠠᠵᠢᠯᠯᠠᠬᠤ ᠴᠢᠳᠠᠪᠤᠷᠢ᠎ᠲᠠᠢ ᠲᠡᠷᠢᠭᠦᠨ᠎ᠦ ᠣᠶᠤᠨᠯᠢᠭ᠋ ᠴᠣᠭᠴᠠ᠎ᠶᠢ ᠪᠠᠢᠭᠤᠯᠤᠨ᠎ᠠ᠃ ᠪᠠᠷᠠᠭᠠᠨ᠎ᠤ ᠰᠦᠯᠵᠢᠶ᠎ᠡ ᠬᠢᠭᠡᠳ ᠵᠣᠬᠢᠶᠠᠮᠠᠯ ᠣᠶᠤᠨ ᠴᠢᠳᠠᠪᠤᠷᠢ ᠎ᠶᠢ ᠠᠭᠤᠰᠤᠯᠴᠠᠭᠤᠯᠤᠨ ᠠᠰᠢᠭᠯᠠᠬᠤ ᠰᠢᠨ᠎ᠡ ᠦᠢᠯᠡᠳᠬᠦᠨ᠂ ᠰᠢᠨ᠎ᠡ ᠠᠬᠤᠢ ᠲᠠᠯᠠᠪᠤᠷ᠂ ᠰᠢᠨ᠎ᠡ ᠵᠠᠭᠪᠤᠷ᠎ᠢ ᠲᠦᠷᠭᠡᠳᠬᠡᠨ ᠪᠤᠢ ᠪᠤᠯᠭᠠᠨ᠎ᠠ ᠭᠡᠵᠦ ᠳᠤᠷᠠᠳᠴᠠᠢ᠃


ᠢᠷᠡᠯᠲᠡ᠄  ᠲᠥᠪ ᠲᠧᠯᠸᠢᠰ᠎ᠦᠨ ᠰᠣᠨᠢᠨ ᠮᠡᠳᠡᠭᠡ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号