ᠬᠠᠮᠤᠭ ᠎ᠤᠨ ᠴᠢᠩᠭ᠎ᠠ ᠠᠷᠭ᠎ᠠ ᠬᠡᠮᠵᠢᠶ᠎ᠡ᠎ᠪᠡᠷ ᠣᠷᠣᠰᠢᠭᠤᠯᠭ᠎ᠠ᠎ᠶᠢᠨ ᠦᠨ᠎ᠡ ᠬᠠᠩᠰᠢ᠎ᠶᠢ ᠵᠢᠷᠤᠮᠵᠢᠭᠤᠯᠤᠨ᠎ᠠ
2026-04-01 16:45:00
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

 《ᠵᠠᠰᠠᠭ ᠎ᠤᠨ ᠣᠷᠳᠣᠨ᠎ᠠᠴᠠ ᠦᠨ᠎ᠡ ᠲᠣᠭᠲᠠᠭᠠᠬᠤ》᠂ 《ᠨᠡᠶ᠋ᠢᠲᠡ᠎ᠶᠢᠨ ᠠᠰᠠᠷᠠᠮᠵᠢ᠎ᠶᠢᠨ ᠬᠠᠨᠳᠢᠪᠯᠠᠯ》 ᠭᠡᠵᠦ᠍ ᠬᠤᠳᠠᠯ ᠬᠡᠯᠡᠨ ᠬᠡᠷᠡᠭᠯᠡᠭᠡ  ᠵᠢ ᠪᠤᠷᠤᠭᠤ᠎ᠪᠠᠷ ᠵᠢᠯᠣᠭᠣᠳᠴᠤ᠌ ᠪᠣᠯᠬᠤ ᠥᠬᠡᠶ᠂ ᠬᠠᠮᠢᠶᠠᠳᠤᠭᠤᠯᠤᠨ ᠬᠤᠳᠠᠯᠳᠤᠬᠤ᠂ ᠳᠠᠭᠠᠯᠳᠤᠭᠤᠯᠤᠨ ᠬᠤᠳᠠᠯᠳᠤᠬᠤ ᠵᠡᠷᠭᠡ ᠠᠷᠭ᠎ᠠ ᠬᠡᠯᠪᠡᠷᠢ᠎ᠪᠡᠷ ᠬᠡᠯᠪᠡᠷᠢ᠎ᠶᠢ᠎ᠨᠢ ᠥᠭᠡᠷᠡᠲᠦᠭᠦᠯᠦᠨ ᠦᠨ᠎ᠡ ᠥᠰᠬᠡᠵᠦ᠍ ᠪᠣᠯᠬᠤ ᠥᠬᠡᠶ᠃

ᠣᠶ᠋ᠢᠷ᠎ᠠ᠎ᠳᠦ᠂ ᠥᠪᠥᠷ ᠮᠣᠩᠭᠣᠯ᠎ᠤᠨ ᠡᠯ᠎ᠡ ᠭᠠᠵᠠᠷ ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠡ ᠰᠠᠨᠠᠭᠤᠯᠤᠮᠵᠢ᠎ᠶᠢᠨ ᠪᠢᠴᠢᠭ ᠨᠡᠶ᠋ᠢᠲᠡᠯᠡᠵᠦ᠍᠂ ᠬᠢᠨᠠᠯᠲᠠ ᠬᠠᠮᠢᠶᠠᠷᠤᠯᠲᠠ᠎ᠶᠢᠨ ᠬᠤᠷᠢᠭ᠎ᠠ ᠱᠤᠭᠤᠮ ᠭᠠᠷᠭᠠᠵᠤ᠂ ᠬᠠᠮᠤᠭ ᠎ᠤᠨ ᠴᠢᠩᠭ᠎ᠠ ᠠᠷᠭ᠎ᠠ ᠬᠡᠮᠵᠢᠶ᠎ᠡ᠎ᠪᠡᠷ ᠣᠷᠣᠰᠢᠭᠤᠯᠭ᠎ᠠ ᠳᠠᠬᠢᠯᠭ᠎ᠠ᠎ᠶᠢᠨ ᠬᠦᠷᠢᠶᠡᠨ ᠎ᠳᠡᠬᠢ ᠦᠨ᠎ᠡ ᠬᠠᠩᠰᠢ᠎ᠶᠢ ᠵᠢᠷᠤᠮᠵᠢᠭᠤᠯᠬᠤ ᠪᠡᠷ ᠪᠤᠯᠵᠠᠢ᠃

ᠬᠥᠬᠡᠬᠣᠲᠠ᠎ᠳᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠣᠷᠣᠰᠢᠭᠤᠯᠭ᠎ᠠ ᠎ᠶᠢᠨ ᠦᠢᠯᠡᠴᠢᠯᠡᠭᠡ ᠵᠢᠴᠢ ᠲᠠᠬᠢᠯᠭ᠎ᠠ᠎ᠶᠢᠨ ᠬᠡᠷᠡᠭᠰᠡᠯ᠎ᠦᠨ ᠦᠨ᠎ᠡ ᠬᠠᠩᠰᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠡᠵᠡᠩᠨᠡᠯᠲᠡ᠎ᠶᠢᠨ ᠭᠤᠤᠯ ᠴᠣᠭᠴᠠ᠎ᠳᠤ ᠰᠡᠷᠡᠮᠵᠢ᠎ᠶᠢᠨ ᠳᠣᠬᠢᠶ᠎ᠠ ᠥᠭᠪᠡ᠃ ᠰᠡᠷᠡᠮᠵᠢᠯᠡᠭᠦᠯᠬᠦ᠌ ᠪᠢᠴᠢᠭ᠎ᠲᠦ᠍᠂ ᠡᠵᠡᠩᠨᠡᠯᠲᠡ ᠬᠢᠭᠴᠢᠳ ᠡᠷᠬᠡᠪᠰᠢ ᠦᠨ᠎ᠡ ᠬᠠᠩᠰᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠵᠤ᠂ ᠲᠠᠬᠢᠯᠭ᠎ᠠ᠎ᠶᠢᠨ ᠣᠷᠭᠢᠯ᠎ᠤᠨ ᠬᠤᠭᠤᠴᠠᠭ᠎ᠠ᠎ᠶᠢ ᠠᠰᠢᠭᠯᠠᠨ ᠦᠨ᠎ᠡ ᠬᠠᠩᠰᠢ᠎ᠶᠢ ᠳᠦᠷᠭᠢᠯᠳᠦᠨ ᠥᠰᠬᠡᠬᠦ᠌᠂ ᠰᠥᠯᠪᠡᠭᠡᠯᠳᠦᠨ ᠦᠨ᠎ᠡ ᠥᠰᠬᠡᠬᠦ᠌᠎ᠶᠢ ᠴᠢᠩᠭ᠎ᠠ ᠴᠠᠭᠠᠵᠠᠯᠠᠵᠤ᠂ ᠬᠠᠳᠠᠭᠰᠠᠨ ᠦᠨ᠎ᠡ ᠬᠠᠩᠰᠢ᠎ᠵᠢᠨ ᠳᠡᠬᠡᠷ᠎ᠠ ᠦᠨ᠎ᠡ ᠨᠡᠮᠡᠬᠦ᠌ ᠪᠤᠶᠤ ᠲᠣᠳᠣᠷᠬᠠᠶ᠋ᠢᠯᠠᠭᠰᠠᠨ ᠥᠬᠡᠶ ᠪᠡᠷ ᠰᠦᠢᠳᠬᠡᠯ ᠬᠤᠷᠢᠶᠠᠬᠤ᠎ᠶᠢ ᠴᠢᠩᠭ᠎ᠠ ᠴᠠᠭᠠᠵᠠᠯᠠᠵᠤ᠂ ᠦᠨ᠎ᠡ ᠬᠠᠩᠰᠢ᠎ᠶᠢᠨ ᠬᠤᠪᠢᠷᠠᠯᠲᠠ᠎ᠶᠢ ᠡᠷᠬᠡᠪᠰᠢ ᠴᠠᠭ ᠲᠤᠬᠠᠶ᠎ᠳᠤᠨᠢ ᠰᠢᠨᠡᠳᠬᠡᠵᠦ᠍ ᠵᠠᠷᠯᠠᠨ ᠨᠡᠶ᠋ᠢᠲᠡᠯᠡᠬᠦ᠌ ᠬᠡᠷᠡᠭᠲᠡᠶ ᠭᠡᠵᠦ᠍ ᠲᠣᠳᠣᠷᠬᠠᠶ ᠱᠠᠭᠠᠷᠳᠠᠪᠠ᠃

ᠪᠤᠭᠤᠲᠤ᠌ ᠬᠣᠲᠠ ᠬᠢᠨᠠᠯᠲᠠ ᠬᠠᠮᠢᠶᠠᠷᠤᠯᠲᠠ᠎ᠶᠢᠨ ᠪᠠᠷᠢᠮᠵᠢᠶ᠎ᠠ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠳᠥᠷᠪᠡᠨ ᠵᠤᠷᠪᠤᠰ ᠲᠣᠳᠣᠷᠬᠠᠶ ᠬᠢᠨᠠᠯᠲᠠ ᠬᠠᠮᠢᠶᠠᠷᠤᠯᠲᠠ᠎ᠶᠢᠨ ᠬᠤᠷᠢᠭ᠎ᠠ ᠱᠤᠭᠤᠮ ᠭᠠᠷᠭᠠᠪᠠ᠂ ᠲᠤᠬᠠᠶ᠋ᠢᠯᠠᠪᠠᠯ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠵᠠᠰᠠᠭ ᠎ᠤᠨ ᠣᠷᠳᠣᠨ ᠎ᠤ ᠲᠣᠭᠲᠠᠭᠠᠭᠰᠠᠨ ᠦᠨ᠎ᠡ ᠬᠠᠩᠰᠢ ᠪᠤᠶᠤ ᠵᠠᠰᠠᠭ᠎ᠤᠨ ᠣᠷᠳᠣᠨ᠎ᠤ ᠵᠢᠯᠣᠭᠣᠳᠬᠤ ᠦᠨ᠎ᠡ ᠎ᠶᠢ ᠴᠢᠩᠭ᠎ᠠ ᠬᠡᠷᠡᠭᠵᠢᠭᠦᠯᠵᠦ᠍᠂ ᠰᠦᠢᠳᠬᠡᠯ ᠬᠤᠷᠢᠶᠠᠬᠤ᠎ᠶᠢ ᠢᠯᠡ ᠨᠡᠶ᠋ᠢᠲᠡᠯᠡᠬᠦ᠌ ᠪᠠ ᠢᠯᠡ ᠦᠨ᠎ᠡ ᠬᠠᠳᠠᠬᠤ ᠲᠣᠭᠲᠠᠭᠠᠯ ᠎ᠢ ᠴᠢᠩᠭ᠎ᠠ ᠬᠡᠷᠡᠭᠵᠢᠭᠦᠯᠵᠦ᠍᠂ ᠣᠷᠣᠰᠢᠭᠤᠯᠭ᠎ᠠ᠎ᠶᠢᠨ ᠬᠡᠷᠡᠭᠰᠡᠯ ᠵᠢᠴᠢ ᠣᠷᠣᠰᠢᠭᠤᠯᠭ᠎ᠠ᠎ᠶᠢᠨ ᠦᠢᠯᠡᠴᠢᠯᠡᠭᠡᠨ᠎ᠦ ᠦᠨ᠎ᠡ ᠬᠠᠩᠰᠢ᠎ᠶᠢ ᠵᠦᠶ ᠵᠣᠬᠢᠰᠲᠠᠶ ᠲᠣᠭᠲᠠᠭᠠᠨ᠎ᠠ᠃ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠶ ᠣᠩᠭᠣᠨ᠎ᠤ ᠭᠠᠵᠠᠷ ᠪᠣᠷᠣᠯᠠᠭᠤᠯᠬᠤ᠂ ᠴᠢᠨᠳᠠᠷ᠎ᠢ ᠳᠤᠰᠴᠦ ᠭᠦᠷᠭᠡᠬᠦ ᠬᠠᠳᠠᠭᠠᠯᠠᠬᠤ ᠵᠡᠷᠭᠡ ᠦᠨᠳᠦᠰᠦᠨ ᠦᠢᠯᠡᠴᠢᠯᠡᠭᠡ ᠬᠠᠩᠭᠠᠬᠤ ᠳ᠋ᠤ ᠴᠢᠭᠯᠡᠭᠦᠯᠦᠨ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠎ᠶᠢ ᠴᠢᠩᠭ᠎ᠠ ᠴᠠᠭᠠᠵᠠᠯᠠᠵᠤ᠂ ᠲᠥᠷᠥᠯ ᠵᠦᠢᠯ᠎ᠢ ᠵᠠᠳᠠᠯᠬᠤ᠂ ᠳᠠᠪᠬᠤᠷᠳᠠᠭᠤᠯᠤᠨ ᠰᠦᠢᠳᠬᠡᠯ ᠬᠤᠷᠢᠶᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠬᠡᠯᠪᠡᠷᠢ᠎ᠶᠢ᠎ᠨᠢ ᠥᠭᠡᠷᠡᠲᠦᠭᠦᠯᠦᠨ ᠦᠨ᠎ᠡ ᠥᠰᠬᠡᠵᠦ᠍ ᠪᠣᠯᠬᠤ ᠥᠬᠡᠶ᠃ ᠨᠡᠶ᠋ᠢᠲᠡ᠎ᠶᠢᠨ ᠣᠩᠭᠣᠨ ᠵᠢᠴᠢ ᠣᠷᠣᠰᠢᠭᠤᠯᠭ᠎ᠠ᠎ᠶᠢᠨ ᠬᠡᠷᠡᠭᠰᠡᠯ᠎ᠢ ᠪᠣᠷᠣᠯᠠᠭᠤᠯᠤᠨ ᠬᠤᠳᠠᠯᠳᠤᠬᠤ᠎ᠳᠤ᠂ ᠡᠷᠬᠡᠪᠰᠢ ᠡᠵᠡᠩᠨᠡᠯᠲᠡ᠎ᠶᠢᠨ ᠭᠠᠵᠠᠷ ᠲᠠᠯᠠᠪᠤᠷ᠎ᠤᠨ ᠢᠯᠡ ᠭᠠᠵᠠᠷ᠎ᠲᠤ᠌ ᠦᠨ᠎ᠡ ᠬᠠᠩᠰᠢ᠎ᠶᠢ ᠲᠣᠳᠣᠷᠬᠠᠶ᠋ᠢᠯᠠᠵᠤ᠂ ᠶᠠᠮᠠᠷᠪᠠ ᠬᠡᠯᠪᠡᠷᠢ᠎ᠶᠢᠨ ᠬᠠᠮᠢᠶᠠᠳᠤᠭᠤᠯᠤᠨ ᠬᠤᠳᠠᠯᠳᠤᠬᠤ᠂ ᠳᠠᠭᠠᠯᠳᠤᠭᠤᠯᠤᠨ ᠬᠤᠳᠠᠯᠳᠤᠬᠤ ᠪᠠ ᠠᠯᠪᠠᠳᠠᠯᠭ᠎ᠠ᠎ᠪᠠᠷ ᠭᠡᠷᠡᠭᠯᠡᠭᠦᠯᠭᠦ᠎ᠶᠢ ᠡᠷᠡᠰ ᠬᠣᠷᠢᠭᠯᠠᠬᠤ ᠬᠡᠷᠡᠭᠲᠡᠶ᠃

ᠬᠥᠯᠥᠨ ᠪᠣᠶ᠋ᠢᠷ ᠬᠣᠲᠠ᠎ᠶᠢᠨ ᠵᠠᠯᠠᠶ᠋ᠢᠨᠠᠭᠤᠷ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠴᠤ᠌ ᠡᠵᠡᠩᠨᠡᠯᠲᠡ᠎ᠶᠢᠨ ᠬᠣᠷᠢᠭ᠎ᠠ ᠱᠤᠭᠤᠮ᠎ᠢ ᠲᠣᠳᠣᠷᠬᠠᠶ ᠵᠠᠭᠠᠭᠯᠠᠨ ᠲᠣᠭᠲᠠᠭᠠᠪᠠ᠃ ᠦᠨ᠎ᠡ ᠬᠠᠩᠰᠢ ᠎ᠶᠢ ᠮᠡᠬᠡᠯᠡᠨ ᠬᠢᠬᠠᠬᠤ᠂ ᠰᠥᠯᠪᠡᠭᠡᠯᠳᠦᠨ ᠦᠨ᠎ᠡ ᠬᠠᠩᠰᠢ᠎ᠶᠢ ᠥᠰᠬᠡᠬᠦ᠌᠂ ᠦᠨ᠎ᠡ ᠬᠠᠩᠰᠢ ᠎ᠶᠢ ᠲᠦᠷᠬᠢᠭᠦᠯᠦᠨ ᠥᠰᠬᠡᠬᠦ᠌ ᠵᠡᠷᠭᠡ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠌᠎ᠡᠴᠡ ᠭᠠᠳᠠᠨ᠎ᠠ᠂ ᠰᠦᠯᠢᠶᠣᠣ ᠬᠤᠸᠠᠷ ᠴᠡᠴᠡᠭ ᠬᠤᠳᠠᠯᠳᠤᠬᠤ ᠵᠢᠴᠢ ᠠᠷᠠᠳ᠎ᠤᠨ ᠵᠣᠭᠣᠰ᠎ᠤᠨ ᠦᠯᠢᠭᠡᠷ ᠵᠢᠷᠤᠭ᠎ᠢ ᠬᠡᠷᠡᠭᠯᠡᠬᠦ᠌ ᠵᠢ ᠣᠨᠴᠠᠭᠠᠶ᠋ᠢᠯᠠᠨ ᠴᠠᠭᠠᠵᠠᠯᠠᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ ᠪᠣᠬᠢᠷᠲᠤᠯ ᠦᠭᠡᠶ ᠪᠣᠯᠪᠠᠰᠤᠨ ᠲᠠᠬᠢᠯᠭ᠎ᠠ᠎ᠶᠢ ᠰᠠᠨᠠᠭᠠᠴᠢᠯᠠᠬᠤ ᠭᠡᠷᠡᠭᠳᠠᠢ ᠭᠡᠵᠦ ᠳᠤᠳᠤᠷᠬᠠᠢᠯᠠᠪᠠ᠃

ᠥᠪᠥᠷ ᠮᠣᠩᠭᠣᠯ᠎ᠤᠨ ᠡᠯ᠎ᠡ ᠱᠠᠲᠤᠨ ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠴᠢᠬᠤᠯᠠᠴᠢᠯᠠᠭᠰᠠᠨ᠎ᠵᠢᠡᠷ᠂ ᠡᠯ᠎ᠡ ᠣᠷᠣᠰᠢᠭᠤᠯᠭ᠎ᠠ᠎ᠶᠢᠨ ᠦᠢᠯᠡᠴᠢᠯᠡᠭᠡᠨ᠎ᠦ ᠡᠵᠡᠩᠨᠡᠯᠲᠡ᠎ᠶᠢᠨ ᠭᠤᠤᠯ ᠴᠣᠭᠴᠠ ᠵᠢᠴᠢ ᠬᠠᠮᠢᠶ᠎ᠠ ᠪᠥᠬᠥᠶ ᠨᠢᠭᠡᠴᠢ ᠡᠷᠬᠡᠪᠰᠢ ᠳᠠᠷᠤᠶ ᠲᠦᠷᠭᠡᠨ ᠬᠠᠷᠢᠴᠠᠭᠤᠯᠤᠨ ᠥᠪᠡᠰᠦᠪᠡᠨ ᠪᠠᠶ᠋ᠢᠴᠠᠭᠠᠵᠤ᠂ ᠪᠥᠬᠥ᠌ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠵᠤ᠂ ᠡᠵᠡᠩᠨᠡᠯᠲᠡ᠎ᠶᠢᠨ ᠦᠢᠯᠡ ᠠᠵᠢᠯᠯᠠᠭ᠎ᠠ᠎ᠪᠡᠨ ᠵᠢᠷᠤᠮᠵᠢᠭᠤᠯᠬᠤ ᠬᠡᠷᠡᠭᠲᠡᠶ᠃ ᠬᠡᠷᠪᠡ ᠣᠯᠠᠨ ᠲᠦᠮᠡᠨ ᠦᠨ᠎ᠡ ᠬᠠᠩᠰᠢ᠎ᠶᠢᠨ ᠬᠠᠤᠯᠢ᠎ᠠᠴᠠ ᠵᠥᠷᠢᠴᠡᠭᠰᠡᠨ ᠬᠠᠮᠢᠶ᠎ᠠ ᠪᠥᠬᠥᠶ ᠦᠢᠯᠡ ᠠᠵᠢᠯᠯᠠᠭ᠎ᠠ ᠎ᠶᠢ ᠣᠯᠵᠤ ᠮᠡᠳᠡᠪᠡᠯ᠂ ᠭᠡᠷᠡᠴᠢ ᠪᠠᠷᠢᠮᠲᠠ ᠦᠯᠡᠳᠡᠭᠡᠬᠦ᠌ ᠎ᠶᠢᠨ ᠬᠠᠮᠲᠤ᠌ 12345 ᠪᠤᠶᠤ 12315 ᠬᠠᠯᠠᠮᠰᠢᠯ ᠤᠲᠠᠰᠤ᠎ᠶᠢ ᠤᠲᠠᠰᠤᠳᠠᠵᠤ ᠢᠯᠡᠴᠢᠯᠡᠨ ᠵᠠᠭᠠᠯᠳᠤᠵᠤ ᠪᠣᠯᠤᠨ᠎ᠠ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠲᠣᠭᠣᠷᠢᠨ ᠪᠠᠶ᠋ᠢᠴᠠᠭᠠᠬᠤ᠎ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠡᠯ᠎ᠡ ᠲᠥᠷᠥᠯ ᠎ᠦᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠶ᠋ᠢᠴᠠᠭᠠᠨ ᠰᠢᠢᠳᠪᠦᠷᠢᠯᠡᠵᠦ᠍᠂ ᠣᠷᠣᠰᠢᠭᠤᠯᠭ᠎ᠠ᠎ᠶᠢᠨ ᠬᠦᠷᠢᠶᠡᠨ᠎ᠳᠡᠬᠢ ᠵᠠᠬ᠎ᠠ ᠳᠡᠯᠭᠡᠭᠦᠷ ᠎ᠦᠨ ᠦᠨ᠎ᠡ ᠬᠠᠩᠰᠢ ᠎ᠶᠢᠨ ᠡᠮᠬᠢ ᠵᠢᠷᠤᠮ ᠪᠠ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭᠠᠯᠠᠬᠤ ᠭᠡᠷᠡᠭᠳᠠᠢ ᠭᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号