ᠥᠪᠥᠷ ᠮᠣᠩᠭᠣᠯ ᠨᠡᠭᠦᠷᠡᠰᠦᠨ ᠎ᠦ ᠪᠤᠰᠤ ᠠᠭᠤᠷᠬᠠᠶ᠎ᠶᠢᠨ ᠠᠶᠤᠯᠭᠦᠶ ᠦᠢᠯᠡᠳᠪᠦᠷᠢᠯᠡᠯ᠎ᠦᠨ ᠲᠤᠰᠬᠠᠶ ᠴᠡᠭᠴᠡᠯᠡᠨ ᠵᠠᠰᠠᠯᠲᠠ᠎ᠶᠢ ᠥᠷᠨᠢᠭᠦᠯᠵᠦ᠍ ᠪᠣᠶ
2026-04-01 16:56:11
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 31 ᠎ᠦ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠭᠤᠷᠬᠠᠶ᠎ᠶᠢᠨ ᠠᠮᠤᠷ ᠲᠦᠪᠰᠢᠨ ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠶ᠋ᠢᠯᠠᠭᠠᠭᠰᠠᠨ᠎ᠢᠶᠠᠷ᠂ ᠨᠡᠭᠦᠷᠡᠰᠦᠨ ᠎ᠦ ᠪᠤᠰᠤ ᠠᠭᠤᠷᠬᠠᠶ᠎ᠶᠢᠨ ᠠᠶᠤᠯᠬᠦᠢ ᠦᠢᠯᠡᠳᠪᠦᠷᠢᠯᠡᠯ᠎ᠤᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠵᠦ᠍᠂ ᠨᠡᠭᠦᠷᠡᠰᠦᠨ᠎ᠦ ᠪᠤᠰᠤ ᠠᠭᠤᠷᠬᠠᠶ᠎ᠶᠢᠨ ᠬᠦᠨᠳᠦ ᠶᠡᠬᠡ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠶ᠋ᠢᠯᠡᠨ ᠠᠷᠢᠯᠭᠠᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠤᠯᠤᠨ ᠤᠯᠤᠰ᠎ᠤᠨ ᠠᠭᠤᠷᠬᠠᠶ᠎ᠶᠢᠨ ᠠᠮᠤᠷ ᠲᠦᠪᠰᠢᠨ ᠎ᠦ ᠬᠢᠨᠠᠨ ᠪᠠᠶ᠋ᠢᠴᠠᠭᠠᠬᠤ ᠲᠣᠪᠴᠢᠶ᠎ᠠ᠎ᠶᠢᠨ ᠥᠪᠥᠷ ᠮᠣᠩᠭᠣᠯ᠎ᠳᠡᠬᠢ ᠬᠤᠪᠢᠶᠠᠷᠢ ᠲᠣᠪᠴᠢᠶ᠎ᠠ᠎ᠬᠠᠮᠲᠤᠷᠠᠨ ᠪᠥᠬᠥ᠌ ᠣᠷᠣᠨ᠎ᠤ ᠨᠡᠭᠦᠷᠡᠰᠦᠨ᠎ᠦ ᠪᠤᠰᠤ ᠠᠭᠤᠷᠬᠠᠶ᠎ᠳᠤ ᠠᠶᠤᠯᠬᠦᠶ ᠦᠢᠯᠡᠳᠪᠦᠷᠢᠯᠡᠯ᠎ᠦᠨ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ᠃

ᠣᠶ᠋ᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶᠢᠨ ᠠᠮᠤᠷ ᠳᠦᠪᠰᠢᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠣᠯᠤᠨ ᠤᠯᠤᠰ᠎ᠤᠨ ᠠᠭᠤᠷᠬᠠᠶ᠎ᠶᠢᠨ ᠠᠮᠤᠷ ᠳᠦᠪᠰᠢᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠥᠪᠥᠷ ᠮᠣᠩᠭᠣᠯ᠎ᠳᠡᠬᠢ ᠬᠤᠪᠢᠶᠠᠷᠢ ᠲᠣᠪᠴᠢᠶ᠎ᠠ ᠡᠴᠡ ᠪᠦᠬᠦ᠌ ᠣᠷᠣᠨ᠎ᠤ ᠡᠯ᠎ᠡ ᠱᠠᠲᠤᠨ᠎ᠤ ᠬᠢᠨᠠᠯᠲᠠ ᠬᠠᠮᠢᠶᠠᠷᠤᠯᠲᠠ᠎ᠶᠢᠨ ᠬᠢᠨᠠᠨ ᠪᠠᠶ᠋ᠢᠴᠠᠭᠠᠬᠤ ᠰᠠᠯᠠᠭ᠎ᠠ ᠮᠥᠴᠢᠷ ᠵᠢᠴᠢ ᠨᠡᠭᠦᠷᠡᠰᠦᠨ᠎ᠦ ᠪᠤᠰᠤ ᠠᠭᠤᠷᠬᠠᠶ᠎ᠶᠢᠨ ᠠᠵᠤ ᠠᠬᠤᠶ᠋ᠢᠯᠠᠯ᠎ᠳᠦ ᠱᠠᠭᠠᠷᠳᠠᠯᠭ᠎ᠠ ᠳᠠᠯᠪᠢᠵᠦ᠂ ᠨᠡᠭᠦᠷᠡᠰᠦᠨ᠎ᠦ ᠪᠤᠰᠤ ᠠᠭᠤᠷᠬᠠᠶ᠎ᠶᠢᠨ ᠲᠤᠰᠬᠠᠶ ᠵᠦᠢᠯ᠎ᠢᠶᠡᠷ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ᠌᠎ᠶᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠦ᠂ ᠲᠤᠰᠬᠠᠢ ᠴᠡᠭᠴᠡᠯᠡᠨ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ᠂ ᠡᠯ᠎ᠡ ᠱᠠᠲᠤᠨ᠎ᠤ ᠬᠢᠨᠠᠨ ᠬᠠᠮᠢᠶᠠᠷᠴᠤ᠌ ᠬᠢᠨᠠᠨ ᠪᠠᠶ᠋ᠢᠴᠠᠭᠠᠬᠤ ᠰᠠᠯᠠᠭ᠎ᠠ ᠮᠥᠴᠢᠷ᠎ᠦᠨ ᠰᠢᠯᠭᠠᠨ ᠠᠪᠬᠤ ᠪᠠ ᠱᠠᠯᠠᠪᠳᠠᠭᠤᠯᠤᠨ ᠪᠠᠶ᠋ᠢᠴᠠᠭᠠᠬᠤ ᠬᠠᠷᠢᠭᠤᠴᠠᠯᠭ᠎ᠠ᠂ ᠬᠠᠷᠢᠶ᠎ᠠ ᠣᠷᠣᠨ᠎ᠤ ᠵᠠᠰᠠᠭ᠎ᠤᠨ ᠣᠷᠳᠣᠨ ᠴᠡᠭᠴᠡᠯᠡᠨ ᠵᠠᠰᠠᠵᠤ ᠰᠢᠯᠭᠠᠨ ᠠᠪᠴᠤ᠌ ᠬᠠᠷᠢᠭᠤᠴᠠᠯᠭ᠎ᠠ᠎ᠶᠢ ᠨᠤᠲᠠᠯᠠᠬᠤ ᠵᠡᠷᠭᠡ 《ᠭᠤᠷᠪᠠᠨ ᠲᠠᠯ᠎ᠠ᠎ᠶᠢᠨ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠤᠨ᠂ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ ᠵᠢᠡᠨ ᠰᠡᠷᠭᠦᠭᠡᠬᠦ᠌᠂ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭᠠᠯᠲᠠ᠎ᠶᠢ ᠵᠢᠷᠤᠮᠵᠢᠭᠤᠯᠬᠤ᠂ ᠬᠠᠶᠠᠭᠳᠠᠮᠠᠯ ᠠᠭᠤᠷᠬᠠᠶ᠎ᠶᠢᠨ ᠨᠦᠭᠡ᠎ᠶᠢ ᠪᠢᠲᠡᠭᠦᠮᠵᠢᠯᠡᠵᠦ᠍ ᠴᠡᠭᠴᠡᠯᠡᠨ ᠵᠠᠰᠠᠬᠤ᠂ ᠲᠡᠭᠡᠭᠡᠪᠦᠷᠢ᠎ᠶᠢᠨ ᠰᠢᠰᠲ᠋ᠧᠮ᠎ᠢ ᠳᠡᠰ ᠳᠡᠪᠰᠢᠭᠦᠯᠦᠨ ᠥᠭᠡᠷᠡᠴᠢᠯᠡᠬᠦ᠌᠂ ᠭᠠᠳᠠᠭᠰᠢ ᠳᠠᠭᠠᠭᠠᠴᠢᠯᠠᠭᠤᠯᠬᠤ ᠡᠩᠨᠡᠭᠡ᠎ᠶᠢ ᠥᠪᠡᠷ ᠲᠡᠭᠡᠨ ᠪᠠᠶ᠋ᠢᠭᠤᠯᠬᠤ ᠪᠤᠶᠤ ᠪᠦᠬᠦᠯᠢ ᠴᠣᠭᠴᠠ᠎ᠪᠠᠷ ᠨᠢ ᠨᠠᠶ᠋ᠢᠳᠠᠵᠤ ᠬᠠᠮᠢᠶᠠᠷᠤᠭᠤᠯᠬᠤ ᠵᠡᠷᠭᠡ ᠭᠤᠤᠯᠳᠠᠯᠭ᠎ᠠ᠎ᠲᠠᠶ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠨᠡᠭᠦᠷᠡᠰᠦᠨ᠎ᠦ ᠪᠤᠰᠤ ᠠᠭᠤᠷᠬᠠᠶ᠎ᠶᠢᠨ ᠠᠶᠤᠯᠬᠦᠶ ᠦᠢᠯᠡᠳᠪᠦᠷᠢᠯᠡᠯ᠎ᠦᠨ ᠲᠤᠰᠬᠠᠶ ᠴᠡᠭᠴᠡᠯᠡᠨ ᠵᠠᠰᠠᠯᠲᠠ᠎ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠦᠷᠡᠰᠦᠨ᠎ᠦ ᠪᠤᠰᠤ ᠠᠭᠤᠷᠬᠠᠶ᠎ᠶᠢᠨ ᠠᠶᠤᠯᠬᠦᠶ ᠦᠢᠯᠡᠳᠪᠦᠷᠢᠯᠡᠯ᠎ᠦᠨ ᠬᠢᠷᠢ ᠬᠡᠮᠵᠢᠶ᠎ᠡ ᠎ᠶᠢ ᠦᠨᠡᠨᠬᠦ᠌ ᠳᠡᠭᠡᠭᠰᠢᠯᠡᠭᠦᠯᠬᠦ ᠭᠡᠷᠡᠭᠳᠠᠢ ᠭᠡᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号