4 ᠰᠠᠷ᠎ᠠ᠎ᠶᠢᠨ 1 ᠦ ᠡᠳᠦᠷ᠂ ᠪᠥᠬᠥ᠌ ᠤᠯᠤᠰ᠎ᠤᠨ ᠰᠢᠨ᠎ᠡ
ᠡᠨᠧᠷᠭᠢ᠎ᠶᠢᠨ ᠮᠠᠰᠢᠨ ᠲᠡᠷᠭᠡᠨ ᠦ ᠬᠥᠳᠡᠯᠭᠡᠬᠦ᠌ ᠬᠦᠴᠦᠨ᠎ᠦ ᠳ᠋ᠢᠶᠠᠨ ᡂᠢᠶᠢ ᠮᠥᠷᠳᠡᠬᠦ᠌ ᠮᠡᠳᠡᠭᠡ ᠵᠠᠩᠭᠢ᠎ᠶᠢᠨ
ᠲᠠᠪᠴᠠᠩ ᠵᠢᠩᠬᠢᠨᠢ ᠪᠡᠷ ᠰᠦᠯᠵᠢᠶᠡᠨ᠎ᠳᠦ ᠭᠠᠷᠴᠤ᠌᠂ ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ ᠦ
ᠠᠵᠤ ᠦᠢᠯᠡᠰ᠎ᠦᠨ ᠪᠣᠬᠢᠷᠲᠤᠯ ᠥᠬᠡᠶ ᠣᠷᠴᠢᠯ ᠬᠥᠭᠵᠢᠯᠲᠡ᠎ᠳᠦ ᠤᠯᠤᠰ᠎ᠤᠨ ᠲᠠᠰ᠎ᠤᠨ ᠮᠡᠳᠡᠭᠡ ᠵᠠᠩᠭᠢ᠎ᠶᠢᠨ ᠲᠠᠪᠴᠠᠩ᠎ᠤᠨ
ᠲᠤᠯᠭᠠᠭᠤᠷᠢᠯᠠᠯ ᠬᠠᠩᠭᠠᠬᠤ ᠪᠣᠯᠤᠨ᠎ᠠ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠡᠨᠡ
ᠬᠦ᠌ ᠲᠠᠪᠴᠠᠩ᠎ᠨᠢ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶᠢᠨ ᠲᠣᠭᠠᠴᠢᠯᠠᠭᠰᠠᠨ ᠪᠡᠶ᠎ᠡ᠎ᠶᠢᠨ ᠭᠠᠷᠤᠯ᠎ᠤᠨ ᠮᠡᠳᠡᠭᠡ
ᠵᠠᠩᠭᠢ᠎ᠪᠠᠷ ᠭᠤᠤᠯ ᠠᠴᠢᠶᠠᠯᠠᠭᠴᠢ ᠪᠣᠯᠭᠠᠵᠤ᠂ ᠬᠥᠳᠡᠯᠭᠡᠬᠦ᠌ ᠬᠦᠴᠦᠨ᠎ᠦ ᠳ᠋ᠢᠶᠠᠨ ᡂᠢ ᠨᠢᠭᠡᠪᠦᠷᠢ᠎ᠶᠢ ᠺᠣᠳ᠋ᠯᠠᠬᠤ᠎ᠪᠠᠷ
ᠳᠠᠮᠵᠢᠭᠤᠯᠤᠨ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠤᠤᠷᠠᠳᠤ ᠤᠷᠤᠰᠬᠠᠯ᠎ᠤᠨ ᠲᠣᠭ᠎ᠠ ᠪᠠᠷᠢᠮᠲᠠ᠎ᠶᠢᠨ
ᠮᠡᠳᠡᠭᠡ ᠵᠠᠩᠭᠢ᠎ᠶᠢ ᠰᠦᠯᠵᠢᠶᠡᠨ᠎ᠳᠦ ᠣᠷᠣᠭᠤᠯᠵᠤ᠂ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶᠢᠨ ᠭᠦᠢᠯᠭᠡᠭᠡᠨ᠎ᠤ
ᠬᠡᠯᠬᠢᠶ᠎ᠡ᠎ᠶᠢᠨ ᠮᠥᠷᠳᠡᠯᠲᠡ᠎ᠶᠢ ᠪᠡᠶᠡᠯᠡᠭᠦᠯᠪᠡ᠃ ᠲᠤᠰᠬᠠᠶ ᠮᠡᠷᠭᠡᠵᠢᠯᠲᠡᠨ ᠤ ᠬᠡᠯᠡᠬᠦ ᠪᠡᠷ᠂ ᠡᠨᠡ ᠬᠦ᠌
ᠮᠡᠳᠡᠭᠡ ᠵᠠᠩᠭᠢ᠎ᠶᠢᠨ ᠲᠠᠪᠴᠠᠩ ᠨᠢ 4 ᠶᠡᠬᠡ ᠭᠤᠤᠯᠯᠠᠬᠤ ᠴᠢᠳᠠᠮᠵᠢ᠎ᠲᠠᠢ ᠪᠠᠢᠵᠦ᠂ ᠬᠥᠳᠡᠯᠭᠡᠭᠴᠢ ᠬᠦᠴᠦᠨ᠎ᠦ
ᠳ᠋ᠢᠶᠠᠨ ᡂᠢ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠴᠠᠬᠢᠯᠭᠠᠨ ᠰᠣᠯᠢᠬᠤ ᠦᠢᠯᠡᠴᠢᠯᠡᠭᠡ᠂ ᠮᠠᠰᠢᠨ ᠲᠡᠷᠭᠡ
ᠰᠡᠯᠪᠢᠨ ᠵᠠᠰᠠᠬᠤ᠂ ᠬᠠᠶᠠᠭᠳᠠᠮᠠᠯ ᠮᠠᠰᠢᠨ ᠲᠡᠷᠭᠡ᠎ᠶᠢ ᠡᠭᠡᠭᠦᠯᠦᠨ ᠬᠤᠷᠢᠶᠠᠬᠤ ᠵᠢᠴᠢ ᠶᠡᠷᠦᠩᠬᠡᠶ᠋ᠢᠯᠡᠨ ᠠᠰᠢᠭᠯᠠᠬᠤ
ᠵᠡᠷᠭᠡ ᠠᠵᠤ ᠠᠬᠤᠶ᠋ᠢᠯᠠᠯ᠎ᠤᠨ ᠬᠥᠳᠡᠯᠭᠡᠭᠴᠢ ᠬᠦᠴᠦᠨ᠎ᠦ ᠳ᠋ᠢᠶᠠᠨ ᡂᠢ᠎ᠶᠢᠨ ᠲᠣᠭ᠎ᠠ ᠪᠠᠷᠢᠮᠲᠠ᠎ᠳᠤ ᠬᠠᠨᠳᠤᠭᠤᠯᠤᠨ᠂
ᠬᠥᠳᠡᠯᠭᠡᠭᠴᠢ ᠬᠦᠴᠦᠨ᠎ᠦ ᠳ᠋ᠢᠶᠠᠨ ᡂᠢ᠎ᠶᠢᠨ ᠪᠥᠬᠦ ᠶᠠᠪᠤᠴᠠ ᠵᠢᠨ ᠮᠡᠳᠡᠭᠡ ᠵᠠᠩᠭᠢ᠎ᠶᠢ ᠪᠦᠷᠢᠨ ᠬᠠᠷᠠᠭᠤᠯᠵᠦ
ᠳᠡᠢᠯᠦᠨ᠎ᠠ᠃
ᠲᠤᠰᠬᠠᠶ ᠮᠡᠷᠭᠡᠵᠢᠯᠲᠡᠨ ᠡᠴᠡ ᠪᠠᠰᠠ ᠮᠠᠨ᠎ᠤ ᠤᠯᠤᠰ᠎ᠤᠨ
ᠵᠠᠰᠠᠭ᠎ᠤᠨ ᠣᠷᠳᠣᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠳᠤᠰ ᠮᠡᠳᠡᠭᠡ ᠵᠠᠩᠭᠢ᠎ᠶᠢᠨ ᠲᠠᠪᠴᠠᠩ᠎ᠢᠶᠠᠷ
ᠳᠠᠮᠵᠢᠭᠤᠯᠤᠨ ᠲᠤᠬᠠᠶ᠎ᠶᠢᠨ ᠴᠠᠭᠲᠤᠨᠢ ᠬᠢᠨᠠᠨ ᠬᠠᠮᠢᠶᠠᠷᠬᠤ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠌
ᠪᠠ ᠲᠣᠭ᠎ᠠ ᠪᠠᠷᠢᠮᠲᠠ᠎ᠶᠢ ᠨᠢᠭᠡᠳᠦᠯᠲᠡᠶ ᠲᠥᠯᠥᠪᠯᠡᠬᠦ᠌᠎ᠶᠢ ᠪᠡᠶᠡᠯᠡᠭᠦᠯᠵᠦ᠍᠂ ᠬᠠᠤᠯᠢ ᠪᠤᠰᠤ ᠪᠠᠷ ᠵᠠᠳᠠᠯᠵᠤ
ᠤᠭᠰᠠᠷᠠᠬᠤ᠎ᠳᠤ ᠪᠦᠲᠦᠮᠵᠢᠲᠡᠶ ᠴᠣᠬᠢᠯᠲᠠ ᠥᠭᠴᠦ᠍᠂ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠵᠢᠷᠤᠮᠵᠢᠭᠤᠯᠤᠨ᠂
ᠠᠵᠢᠯ ᠲᠥᠷᠥᠯ ᠦᠨ ᠵᠢᠷᠤᠮᠵᠢᠭᠤᠯᠤᠯᠲᠠ᠂ ᠲᠣᠭᠠᠴᠢᠯᠠᠯᠲᠠ᠂ ᠪᠣᠬᠢᠷᠲᠤᠯ ᠥᠬᠡᠶ ᠬᠥᠭᠵᠢᠯᠲᠡ ᠶᠢ ᠳᠥᠯᠭᠢᠨ ᠠᠬᠢᠭᠤᠯᠬᠤ
ᠪᠤᠯᠤᠨ᠎ᠠ ᠭᠡᠵᠡᠶ᠃
ᠢᠷᠡᠯᠲᠡ ᠄ ᠲᠥᠪ ᠲᠧᠯᠸᠢᠰ᠎ᠦᠨ ᠰᠦᠯᠵᠢᠶ᠎ᠡ