4 ᠰᠠᠷ᠎ᠠ ᠶ᠋ᠢᠨ 8 ᠤ᠋ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ ᠡᠴᠡ ᠬᠤᠷᠠᠯᠳᠤᠭᠤᠯᠤᠬᠰᠠᠨ ᠰᠤᠨᠢᠨ ᠮᠡᠳᠡᠭᠡ ᠨᠡᠢᠲᠡᠯᠡᠬᠦ ᠬᠤᠷᠠᠯ ᠲᠠᠬᠡᠷ᠎ᠠ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ 《ᠥᠪᠥᠷ ᠮᠣᠩᠭᠣᠯ ᠤ᠋ᠨ ᠪᠠᠷᠠᠭᠤᠨ ᠪᠠᠶ᠎ᠠ ᠵᠢᠨ ᠴᠠᠬᠢᠯᠭᠠᠨ ᠲᠤᠤᠷ ᠤ᠋ᠨ ᠲᠣᠭᠠᠴᠢᠯᠠᠯᠲᠠ ᠣᠶᠤᠨᠴᠢᠯᠠᠯᠲᠠ ᠵᠢ ᠲᠡᠰ ᠲᠡᠪᠰᠢᠬᠦᠯᠬᠦ ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠵᠢ ᠨᠡᠢᠲᠡᠯᠡᠪᠡ᠃
《ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ 〈ᠥᠪᠥᠷ ᠮᠣᠩᠭᠣᠯ ᠤ᠋ᠨ ᠪᠠᠷᠠᠭᠤᠨ ᠪᠠᠶ᠎ᠠ ᠵᠢᠨ ᠴᠠᠬᠢᠯᠭᠠᠨ ᠲᠤᠤᠷ ᠤ᠋ᠨ ᠲᠣᠭᠠᠴᠢᠯᠠᠯᠲᠠ ᠣᠶᠤᠨᠴᠢᠯᠠᠯᠲᠠ ᠵᠢ ᠲᠡᠰ ᠲᠡᠪᠰᠢᠬᠦᠯᠬᠦ ᠠᠷᠪᠠᠨ ᠵᠦᠢᠯ ᠤ᠋ᠨ ᠠᠷᠭ᠎ᠠ ᠬᠡᠮᠵᠢᠶ᠎ᠡ〉 ᠪᠡᠷ ᠲᠠᠮᠵᠢᠨ ᠭᠤᠤᠯᠳᠠᠭᠤ ᠲᠠᠪᠤᠨ ᠶᠡᠬᠡ ᠲᠠᠯ᠎ᠠ ᠵᠢᠨ ᠲᠤᠭᠤᠷᠢᠨ ᠳ᠋ᠤ ᠬᠠᠮᠵᠢᠯᠴᠠᠨ ᠬᠦᠴᠦᠯᠡᠵᠤ᠂ ᠪᠦᠬᠦᠯᠢ ᠴᠣᠭ᠍ᠴᠠ ᠪᠡᠷ ᠨᠢ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ᠋ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠲᠠᠯ᠎ᠠ ᠳ᠋ᠤ ᠨᠠᠩ ᠰᠠᠢᠲᠤᠷ ᠦᠶ᠋ᠯᠡᠴᠢᠯᠡᠨᠠ》 ᠬᠡᠵᠤ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠤ᠋ᠨ ᠨᠠᠮ ᠤ᠋ᠨ ᠬᠤᠷᠢᠶ᠎ᠠ ᠵᠢᠨ ᠲᠡᠳ᠋ ᠱᠦᠵᠢ᠂ ᠬᠡᠷᠡᠭ ᠮᠡᠳᠡᠭᠴᠢ ᠸᠠᠩ ᠰᠢᠶᠤᠤ ᠶᠠᠨ ᠬᠦᠷᠦᠯᠴᠡᠨ ᠢᠷᠡᠭᠰᠡᠨ ᠰᠤᠷᠪᠤᠯᠵᠢᠯᠠᠭᠴᠢᠳ ᠲᠦ᠍ ᠨᠢᠬᠡᠳ ᠨᠢᠬᠡ ᠪᠡᠷ ᠲᠠᠨᠢᠯᠴᠠᠭᠤᠯᠵᠤ ᠭᠠᠷᠤᠯ᠎ᠠ᠃
— ᠲᠣᠭᠠᠴᠢᠯᠠᠯᠲᠠ ᠪᠠᠷ ᠴᠠᠬᠢᠯᠭᠠᠨ ᠲᠤᠤᠷ ᠢ᠋ ᠬᠦᠴᠦᠷᠬᠡᠭᠵᠢᠭᠦᠯᠦᠨᠠ᠃ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠥᠪᠥᠷ ᠮᠣᠩᠭᠣᠯ ᠤ᠋ᠨ ᠪᠠᠷᠠᠭᠤᠨ ᠪᠠᠶ᠎ᠠ ᠵᠢᠨ ᠴᠠᠬᠢᠯᠭᠠᠨ ᠲᠤᠤᠷ ᠤ᠋ᠨ ᠲᠣᠭᠠᠴᠢᠯᠠᠭ᠍ᠰᠠᠨ ᠤᠶᠤᠨᠴᠢᠯᠠᠬ᠍ᠰᠠᠨ ᠥᠭᠡᠷᠡᠴᠢᠯᠡᠯᠲᠡ ᠵᠢ ᠲᠦᠷᠭᠡᠳᠭᠡᠨ ᠠᠬᠢᠭᠤᠯᠵᠤ᠂ ᠲᠣᠭᠠᠴᠢᠯᠠᠯᠲᠠ ᠣᠶᠤᠨᠴᠢᠯᠠᠯᠲᠠ ᠵᠢ ᠲᠡᠰ ᠲᠡᠪᠰᠢᠬᠦᠯᠬᠦ ᠭᠤᠷᠪᠠᠨ ᠵᠢᠯ ᠤ᠋ᠨ ᠠᠵᠢᠯᠯᠠᠭ᠎ᠠ ᠵᠢ ᠡᠬᠢᠯᠡᠭᠦᠯᠤᠨ᠂ 150 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ ᠪᠠᠢᠭᠠᠳ ᠴᠠᠬᠢᠯᠭᠠᠨ ᠬᠦᠴᠦᠨ ᠤ᠋ ᠰᠢᠰᠲᠸᠮ ᠤ᠋ᠨ ᠬᠠᠮᠢᠶ᠎ᠠ ᠪᠦᠬᠦᠢ ᠮᠡᠳᠡᠬᠡ ᠵᠠᠩᠬᠢ ᠵᠢ ᠴᠦᠮ ᠨᠢᠬᠡᠳᠤᠯᠳᠠᠢ ᠲᠤᠭᠠᠴᠢᠯᠠᠭᠰᠠᠨ ᠲᠠᠪᠴᠠᠩ ᠳ᠋ᠤ ᠨᠡᠢᠳᠬᠡᠨ ᠤᠷᠤᠭᠤᠯᠵᠤ᠂ ᠣᠶᠤᠨᠴᠢ ᠲᠣᠨᠣᠭ᠍ᠯᠠᠯ ᠤ᠋ᠨ ᠭᠦᠨᠵᠡᠭᠡᠶ ᠬᠡᠷᠡᠭ᠌ᠯᠡᠭᠡ ᠵᠢ ᠠᠬᠢᠭᠤᠯᠵᠤ᠂ 2028 ᠣᠨ ᠪᠣᠯᠬᠤ ᠳ᠋ᠤ ᠣᠨᠴᠠ ᠥᠨᠳᠥᠷ ᠬᠦᠴᠦᠳᠡᠯᠳᠤ ᠵᠢᠴᠢ 500 ᠺᠢᠯᠦᠸᠤᠯᠲ ᠤ᠋ᠨ ᠴᠠᠬᠢᠯᠭᠠᠨ ᠲᠤᠤᠷ ᠤ᠋ᠨ ᠲᠣᠭᠠᠴᠢᠯᠠᠭ᠍ᠰᠠᠨ ᠵᠠᠭ᠍ᠪᠤᠷ ᠤ᠋ᠨ ᠪᠦᠷᠬᠦᠴᠡ ᠶ᠋ᠢᠨ ᠨᠣᠷᠮ᠎ᠠ ᠵᠢ 100% ᠳ᠋ᠤ ᠬᠦᠷᠭᠡᠨ᠂ ᠣᠶᠤᠨᠴᠢ ᠲᠣᠨᠣᠭ᠍ᠯᠠᠯ ᠤ᠋ᠨ ᠪᠦᠷᠬᠦᠴᠡ ᠶ᠋ᠢᠨ ᠨᠣᠷᠮ᠎ᠠ ᠵᠢ 60% ᠡᠴᠡ ᠳᠠᠪᠠᠭᠤᠯᠤᠨ᠎ᠠ᠃
— ᠣᠶᠤᠨᠴᠢ ᠪᠠᠷ ᠱᠢᠩᠭᠡᠭᠡᠨ ᠠᠰᠢᠬᠯᠠᠬᠤ ᠵᠢ ᠠᠬᠢᠭᠤᠯᠤᠨ᠎ᠠ᠃ ᠱᠢᠨ᠎ᠡ ᠨᠢᠭᠡ ᠦᠶ᠎ᠡ ᠶ᠋ᠢᠨ ᠤᠶᠤᠨᠴᠢ ᠲᠣᠬᠢᠷᠠᠭᠤᠯᠭ᠎ᠠ ᠡᠵᠡᠮᠳᠡᠯ ᠤ᠋ᠨ ᠱᠢᠰᠲ᠋ᠧᠮ ᠢ᠋ ᠪᠠᠢᠭᠤᠯᠵᠤ᠂ 2028 ᠣᠨ ᠪᠣᠯᠬᠤ ᠳ᠋ᠤ ᠴᠠᠬᠢᠯᠭᠠᠨ ᠲᠤᠤᠷ ᠲᠦ᠍ ᠵᠠᠯᠭᠠᠬᠤ ᠱᠢᠨ᠎ᠡ ᠡᠨᠧᠷᠭᠢ ᠶ᠋ᠢᠨ ᠲᠠᠯᠠᠪᠠᠢ ᠥᠷᠲᠡᠭᠡ ᠶ᠋ᠢ 100% ᠪᠠᠷ ᠨᠢᠭᠡᠳᠦᠯᠲᠡᠶ ᠬᠠᠮᠢᠶᠠᠷᠬᠤ ᠵᠢ ᠪᠡᠶᠡᠯᠡᠭᠦᠯᠵᠦ᠍᠂ ᠱᠢᠨ᠎ᠡ ᠡᠨᠧᠷᠭᠢ ᠶ᠋ᠢ ᠲᠣᠰ ᠭᠠᠵᠠᠷ ᠲᠠᠭᠠᠨ ᠱᠢᠩᠭᠡᠭᠡᠨ ᠠᠰᠢᠬᠯᠠᠬᠤ ᠬᠠᠷᠢᠴᠠᠯ ᠢ᠋ 96% ᠡᠴᠡ ᠳᠡᠭᠡᠭᠰᠢ ᠪᠠᠢᠯᠭᠠᠨ᠂ 《ᠡᠯᠡᠰᠦᠨ ᠴᠦᠯ ᠭᠤᠪᠢ ᠨᠤᠳᠤᠭ ᠴᠦᠯᠯᠡᠷᠬᠡᠭ ᠭᠠᠵᠠᠷ》 ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠢ᠋ ᠨᠡᠭᠡᠭᠡᠨ ᠬᠥᠭ᠌ᠵᠢᠭᠦᠯᠬᠦ᠌ ᠪᠠ ᠲᠣᠰ ᠭᠠᠵᠠᠷ ᠲᠠᠭᠠᠨ ᠱᠢᠩᠭᠡᠭᠡᠨ ᠠᠰᠢᠬᠯᠠᠬᠤ ᠬᠠᠷᠠᠯᠲᠠ ᠳ᠋ᠤ ᠦᠨᠡᠨ ᠬᠦ᠌ ᠦᠶ᠋ᠯᠡᠴᠢᠯᠡᠭᠦᠯᠦᠨᠡ᠃
— AI ᠪᠡᠷ ᠡᠨ᠋ᠸᠷᠬᠢ ᠣᠯᠭᠣᠨ᠎ᠠ᠃ ᠪᠥᠬᠥ᠌ ᠲᠤᠬᠠᠢᠯᠠᠭ᠍ᠰᠠᠨ ᠠᠵᠢᠯ ᠤ᠋ᠨ ᠬᠦᠷᠢᠶ᠎ᠡ ᠴᠠᠷᠠᠭ᠎ᠠ ᠵᠢ ᠬᠠᠮᠤᠷᠤᠭ᠍ᠰᠠᠨ 《ᠥᠪᠥᠷ ᠮᠣᠩᠭᠣᠯ ᠤ᠋ᠨ ᠴᠠᠬᠢᠯᠭᠠᠨ ᠤ᠋ ᠲᠣᠮᠣ ᠵᠠᠭ᠍ᠪᠤᠷ》 ᠢ᠋ ᠪᠠᠢᠭᠤᠯᠵᠤ᠂ ᠪᠥᠬᠥ᠌ ᠣᠷᠣᠨ ᠪᠦᠰᠡ ᠶ᠋ᠢᠨ ᠲᠣᠭᠠᠴᠢᠯᠠᠭ᠍ᠰᠠᠨ ᠡᠬᠢ ᠪᠠᠶᠠᠯᠢᠭ ᠤ᠋ᠨ ᠬᠠᠮᠢᠶᠠᠷᠤᠯᠲᠠ ᠶ᠋ᠢᠨ ᠲᠠᠪᠴᠠᠩ᠂ ᠤᠶᠤᠨᠲᠤ ᠪᠣᠳᠣᠯᠳᠠ ᠶ᠋ᠢᠨ ᠲᠥᠪ ᠪᠤᠯᠤᠨ ᠪᠥᠬᠥ᠌ ᠣᠷᠣᠨ ᠪᠦᠰᠡ ᠶ᠋ᠢᠨ ᠳᠡᠭᠡᠳᠦ ᠬᠤᠷᠳᠤᠴᠠᠲᠤ ᠬᠡᠷᠡᠯᠯᠢᠭ ᠤᠳᠠᠰᠤ ᠮᠡᠳᠡᠭᠡ ᠬᠣᠯᠪᠣᠭᠠᠨ ᠤ᠋ ᠲᠤᠤᠷ ᠰᠦᠯᠵᠢᠶ᠎ᠡ ᠵᠢ ᠪᠠᠢᠭᠤᠯᠤᠨ᠂ ᠴᠠᠬᠢᠯᠭᠠᠨ ᠲᠤᠤᠷ ᠤ᠋ᠨ ᠬᠠᠩᠭᠠᠯᠭ᠎ᠠ ᠬᠡᠷᠡᠭ᠌ᠴᠡᠭᠡ ᠵᠢ ᠲᠥᠰᠦᠭᠡᠯᠡᠬᠦ᠌᠂ ᠲᠥᠬᠥᠭᠡᠷᠦᠮᠵᠢ ᠶ᠋ᠢᠨ ᠬᠡᠮ ᠰᠠᠭᠠᠳ ᠢ᠋ ᠣᠨᠣᠱᠢᠯᠠᠬᠤ ᠵᠡᠷᠭᠡ 8 ᠲᠥᠷᠥᠯ ᠤ᠋ᠨ ᠬᠡᠷᠡᠭ᠌ᠯᠡᠭᠡᠨ ᠤ᠋ ᠠᠬᠤᠢ ᠲᠠᠯᠠᠪᠤᠷ ᠢ᠋ ᠪᠠᠢᠭᠤᠯᠵᠤ᠂ 2028 ᠣᠨ ᠪᠣᠯᠬᠤ ᠳ᠋ᠤ ᠵᠣᠬᠢᠶᠠᠮᠠᠯ ᠣᠶᠤᠨ ᠴᠢᠳᠠᠪᠤᠷᠢ ᠶ᠋ᠢᠨ ᠭᠤᠤᠯᠯᠠᠬᠤ ᠲᠤᠬᠠᠢᠯᠠᠭ᠍ᠰᠠᠨ ᠠᠵᠢᠯ ᠤ᠋ᠨ ᠠᠬᠤᠢ ᠲᠠᠯᠠᠪᠤᠷ ᠲᠡᠬᠢ ᠪᠦᠷᠬᠦᠴᠡ ᠶ᠋ᠢᠨ ᠨᠣᠷᠮ᠎ᠠ ᠵᠢ 80% ᠳ᠋ᠤ ᠬᠦᠷᠭᠡᠨ᠎ᠡ᠃
— ᠴᠠᠬᠢᠯᠭᠠᠨ ᠪᠠ ᠨᠡᠭᠦᠷᠡᠰᠦᠲᠥ᠋ᠷᠥᠭ᠌ᠴᠢ ᠶ᠋ᠢᠨ ᠵᠠᠬ᠎ᠠ ᠳᠡᠯᠭᠡᠭᠦᠷ ᠤ᠋ᠨ ᠵᠤᠬᠢᠴᠠᠭᠤᠯᠭ᠎ᠠ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠡᠨ᠋ᠸᠷᠬᠢ ᠶ᠋ᠢᠨ ᠬᠤᠷᠤᠬᠳᠠᠯ ᠪᠠ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠶ᠋ᠢᠨ ᠬᠠᠮᠢᠶᠠᠷᠤᠯᠲᠠ ᠶ᠋ᠢᠨ ᠲᠠᠪᠴᠠᠩ ᠢ᠋ ᠪᠠᠢᠭᠤᠯᠵᠤ᠂ 2028 ᠣᠨ ᠪᠤᠯᠬᠤ ᠳ᠋ᠤ ᠭᠤᠤᠯᠳᠠᠯᠭ᠎ᠠ ᠲᠠᠢ ᠭᠠᠳᠠᠭ᠍ᠰᠢᠯᠠᠭᠤᠯᠬᠤ ᠨᠢᠭᠡᠴᠢ ᠶ᠋ᠢᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠲᠣᠭ᠎ᠠ ᠪᠠᠷᠢᠮᠲᠠ ᠵᠢ ᠰᠦᠯᠵᠢᠶᠡᠨ ᠳᠡᠭᠡᠷ᠎ᠡ ᠡᠴᠡ ᠪᠠᠢᠴᠠᠭᠠᠨ ᠬᠡᠮᠵᠢᠬᠦ ᠪᠦᠷᠬᠦᠴᠡ ᠵᠢᠨ ᠨᠣᠷᠮ᠎ᠠ ᠵᠢ 100% ᠳ᠋ᠤ ᠬᠦᠷᠭᠡᠨ᠎ᠠ᠃ 《ᠪᠤᠳᠤᠯᠲᠡ ᠶ᠋ᠢᠨ ᠬᠦᠴᠦᠨ — ᠴᠠᠬᠢᠯᠭᠠᠨ ᠬᠦᠴᠦᠨ》 ᠤ᠋ ᠬᠠᠮᠲᠤᠷᠠᠨ ᠲᠣᠬᠢᠷᠠᠭᠤᠯᠬᠤ ᠪᠤᠳᠤᠯᠳᠠ ᠵᠢᠨ ᠠᠷᠭ᠎ᠠ ᠵᠢ ᠰᠤᠳᠤᠯᠤᠨ ᠨᠡᠭᠡᠭᠡᠵᠦ᠍᠂ ᠪᠥᠬᠥ᠌ ᠣᠷᠣᠨ ᠪᠦᠰᠡ ᠶ᠋ᠢᠨ ᠣᠶᠤᠨᠴᠢ ᠴᠠᠬᠢᠯᠭᠠᠨ ᠴᠡᠨᠡᠭ᠌ᠯᠡᠬᠦ᠌ ᠦᠶ᠋ᠯᠡᠴᠢᠯᠡᠭᠡᠨ ᠤ᠋ ᠲᠤᠤᠷ ᠢ᠋ ᠪᠠᠢᠭᠤᠯᠤᠨ᠂ 2028 ᠣᠨ ᠪᠤᠯᠬᠤ ᠳ᠋ᠤ ᠣᠶᠤᠨᠴᠢ ᠴᠠᠬᠢᠯᠭᠠᠨ ᠴᠡᠨᠡᠭ᠌ᠯᠡᠬᠦ᠌ ᠲᠤᠤᠷ ᠢ᠋ ᠬᠣᠱᠢᠭᠤ ᠱᠢᠶᠠᠨ ᠳ᠋ᠤ ᠪᠦᠷᠢᠨ ᠪᠦᠷᠬᠦᠭᠦᠯᠤᠨᠠ᠃
— ᠠᠮᠤᠷ ᠲᠦᠪᠱᠢᠨ ᠤ᠋ ᠰᠠᠭᠤᠷᠢ ᠵᠢ ᠪᠡᠬᠢᠵᠢᠭᠦᠯᠦᠨᠠ᠃ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠤᠶᠤᠨᠲᠤ ᠠᠮᠤᠷ ᠲᠦᠪᠱᠢᠨ ᠤ᠋ ᠵᠠᠪᠰᠠᠷ ᠤ᠋ᠨ ᠲᠠᠪᠴᠠᠩ ᠢ᠋ ᠪᠠᠢᠭᠤᠯᠵᠤ᠂ 2028 ᠣᠨ ᠪᠣᠯᠬᠤ ᠳ᠋ᠤ ᠭᠣᠣᠯ ᠮᠡᠳᠡᠭᠡ ᠵᠠᠩᠭᠢ ᠶ᠋ᠢᠨ ᠱᠢᠰᠲ᠋ᠧᠮ ᠤ᠋ᠨ ᠪᠡᠶ᠎ᠡ ᠪᠠᠨ ᠳᠠᠭᠠᠭᠠᠵᠤ ᠡᠵᠡᠮᠳᠡᠵᠦ᠍ ᠪᠣᠯᠬᠤ ᠥᠭᠡᠷᠡᠴᠢᠯᠡᠯᠲᠡ ᠶ᠋ᠢᠨ ᠪᠦᠷᠬᠦᠴᠡ ᠶ᠋ᠢᠨ ᠨᠤᠷᠮ᠎ᠠ ᠵᠢ 80% ᠳ᠋ᠤ ᠬᠦᠷᠭᠡᠨ᠂ ᠰᠦᠯᠵᠢᠶᠡᠨ ᠤ᠋ ᠠᠮᠤᠷ ᠲᠦᠪᠱᠢᠨ ᠤ᠋ ᠰᠦᠷᠳᠡᠭᠦᠯᠦᠯ ᠢ᠋ ᠢᠯᠭᠠᠨ ᠲᠠᠨᠢᠬᠤ ᠪᠠ ᠠᠷᠭᠠᠴᠠᠭᠠᠬᠤ ᠴᠠᠭ ᠢ᠋ ᠰᠧᠺᠦ᠋ᠨ᠋ᠳ᠋ ᠤ᠋ᠨ ᠲᠡᠰ ᠲᠦ᠍ ᠬᠦᠷᠲᠡᠯ᠎ᠡ ᠪᠣᠭᠣᠨᠢᠰᠭᠠᠵᠤ᠂ ᠡᠨᠧᠷᠭᠢ ᠶ᠋ᠢᠨ ᠲᠤᠤᠷ ᠤ᠋ᠨ ᠠᠮᠤᠷ ᠲᠦᠪᠱᠢᠨ ᠢ᠋ ᠡᠷᠡᠰ ᠰᠠᠬᠢᠨ ᠬᠠᠮᠠᠭᠠᠯᠠᠨ᠎ᠠ᠃