《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠥᠪᠥᠷ ᠮᠣᠩᠭᠣᠯ᠎ᠤᠨ ᠬᠤᠳᠠᠯᠳᠤᠭᠠᠴᠢᠳ·ᠱᠦᠵᠢ ᠲᠡᠷᠢᠬᠦᠯᠡᠭᠴᠢ ᠵᠢᠨ ᠨᠢᠭᠤᠷᠳᠠᠨ ᠶᠠᠷᠢᠯᠴᠠᠬᠤ ᠬᠤᠷᠠᠯ ᠬᠦᠭᠡᠬᠤᠳᠠ ᠳ᠋ᠤ ᠬᠤᠷᠠᠯᠳᠤᠪᠠ
2026-04-10 09:43:20
ᠵᠣᠬᠢᠶᠠᠭ᠍ᠴᠢ᠄
ᠯᠢ ᠬᠠᠨ ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ  ᠪᠦᠦ ᠭᠠᠩ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ   ᠵᠠᠩ ᠶᠠᠨ ᠺᠦᠨ ᠬᠤᠷᠠᠯ᠎ᠢ ᠡᠷᠬᠢᠯᠡᠵᠠᠢ


4 ᠰᠠᠷ᠎ᠠ᠎ᠶ᠋ᠢᠨ 9 ᠎ᠤ᠋ ᠡᠳᠦᠷ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠥᠪᠥᠷ ᠮᠣᠩᠭᠣᠯ᠎ᠤᠨ ᠬᠤᠳᠠᠯᠳᠤᠭᠠᠴᠢᠳ·ᠱᠦᠵᠢ ᠲᠡᠷᠢᠬᠦᠯᠡᠭᠴᠢ ᠵᠢᠨ ᠨᠢᠭᠤᠷᠳᠠᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠶᠡᠷᠦᠩᠬᠡᠶ ᠱᠦᠵᠢ ᠰᠢ ᠵᠢᠨ ᠫᠢᠩ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠪᠠ ᠬᠤᠯᠪᠤᠬᠳᠠᠯ ᠪᠥᠬᠥᠶ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠥᠪᠥᠷ ᠮᠣᠩᠭᠣᠯ᠎ᠤᠨ ᠬᠤᠳᠠᠯᠳᠤᠭᠠᠴᠢᠳ᠎ᠤᠨ ᠲᠥᠯᠥᠭᠡᠯᠡᠭ᠌ᠴᠢᠳ᠎ᠲᠡᠶ ᠭᠦᠨᠵᠡᠭᠡᠶ ᠵᠥᠪᠳᠡᠯᠴᠡᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠵᠠᠢ᠃

ᠬᠤᠷᠠᠯ ᠳᠡᠭᠡᠷ᠎ᠡ ᠦᠪᠤᠷ ᠮᠣᠩᠭᠣᠯ ᠤ᠋ᠨ ᠬᠤᠳᠠᠯᠳᠤᠭᠠᠴᠢᠨ᠎ᠤ 10 ᠲᠥᠯᠥᠭᠡᠯᠡᠭ᠌ᠴᠢ ᠦᠭᠡ ᠬᠡᠯᠡᠵᠦ᠍᠂ ᠦᠪᠤᠷ ᠮᠣᠩᠭᠣᠯ ᠤ᠋ᠨ ᠬᠤᠳᠠᠯᠳᠤᠭᠠᠴᠢᠨ᠎ᠤ 12 ᠲᠥᠯᠥᠭᠡᠯᠡᠭ᠌ᠴᠢ ᠪᠢᠴᠢᠭ᠎ᠦᠨ ᠮᠠᠲ᠋ᠧᠷᠢᠶᠠᠯ ᠲᠤᠱᠢᠶᠠᠵᠠᠶ᠃ ᠸᠠᠩ ᠸᠧᠢ ᠵᠦᠩ ᠪᠣᠯᠤᠨ ᠪᠦᠦ ᠭᠠᠩ ᠤᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠰᠠᠨᠠᠯ᠎ᠢᠶᠠᠨ ᠰᠣᠯᠢᠯᠴᠠᠵᠤ᠂ ᠠᠵᠤ ᠠᠬᠤᠢᠯᠠᠯ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠰᠠᠨᠠᠭᠠᠴᠢᠯᠠᠭ᠎ᠠ᠎ᠡᠴᠡ᠎ᠪᠠᠨ ᠬᠠᠷᠢᠭᠤᠯᠲᠠ ᠥᠭ᠌ᠴᠦ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠠᠵᠤ ᠠᠬᠤᠢᠯᠠᠯᠲᠠᠨ᠎ᠤ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠢ ᠱᠢᠩᠭᠡᠭᠡᠨ ᠠᠪᠴᠤ᠌᠂ ᠬᠣᠯᠪᠣᠭ᠍ᠳᠠᠯ ᠪᠦᠬᠦᠢ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠤᠳᠤᠯᠤᠨ ᠱᠢᠢᠳᠪᠦᠷᠢᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠠ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠯᠢ ᠤᠯᠠᠨ ᠦᠵᠦ᠍ ᠲᠥᠯᠥᠪᠯᠡᠭᠡ ᠪᠠ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠤ ᠪᠥᠭᠡᠳ ᠪᠠᠰᠠ ᠥᠷᠭᠡᠨ ᠣᠯᠠᠨ ᠥᠪᠥᠷ ᠮᠣᠩᠭᠣᠯ ᠤ᠋ᠨ ᠬᠤᠳᠠᠯᠳᠤᠭᠠᠴᠢᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠬᠥᠭ᠌ᠵᠢᠨ ᠪᠤᠵᠠᠭᠠᠢᠷᠬᠠᠸ᠋ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠥᠪᠥᠷ ᠮᠣᠩᠭᠣᠯ᠎ᠨᠢ ᠡᠬᠢ ᠪᠠᠶᠠᠯᠢᠭ᠎ᠤᠨ ᠲᠠᠯ᠎ᠡ ᠪᠡᠷ ᠦᠪᠡᠷᠮᠢᠴᠡ ᠳᠠᠪᠠᠭᠤᠯᠢᠭ ᠲᠠᠢ᠂ ᠠᠵᠤ ᠦᠢᠯᠡᠰ᠎ᠤ᠋ᠨ ᠲᠤᠯᠭᠠᠭᠤᠷᠢᠯᠠᠬᠤ ᠬᠦᠴᠦᠨ ᠴᠢᠩᠭ᠎ᠠ᠂ ᠱᠢᠨ᠎ᠡ᠎ᠶ᠋ᠢ ᠡᠭᠦᠳᠬᠦ᠌ ᠬᠠᠨᠳᠤᠰᠢ ᠴᠢᠩᠭ᠎ᠠ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ ᠳᠥᠭᠥᠮ ᠳᠥᠲᠡ᠂ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ ᠣᠯᠵᠠᠪᠤᠷᠢ ᠡᠯᠪᠡᠭ ᠵᠡᠷᠭᠡ ᠠᠯᠢ ᠤᠯᠠᠨ ᠳᠠᠪᠠᠭᠤᠯᠢᠭ᠎ᠲᠠᠶ ᠪᠠᠢᠵᠤ᠂ ᠥᠷᠭᠡᠨ ᠤᠯᠠᠨ ᠥᠪᠥᠷ ᠮᠣᠩᠭᠣᠯ᠎ᠤᠨ ᠬᠤᠳᠠᠯᠳᠤᠭᠠᠴᠢᠨ ᠥᠩᠭᠡᠷᠡᠭ᠌ᠰᠡᠨ᠎ᠳᠦ ᠥᠪᠥᠷ ᠮᠣᠩᠭᠣᠯ᠎ᠯᠤᠭ᠎ᠠ ᠬᠠᠮᠲᠤ᠎ᠪᠠᠷ ᠬᠥᠭ᠌ᠵᠢᠨ ᠲᠠᠪᠱᠢᠵᠦ᠍᠂ ᠢᠷᠡᠭᠡᠳᠦᠢ᠎ᠳᠦ ᠥᠪᠥᠷ ᠮᠣᠩᠭᠣᠯ᠎ᠳᠤ ᠯᠠᠪᠲᠠᠢ ᠨᠡᠩ ᠶᠡᠬᠡ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠪᠣᠯᠤᠨ᠎ᠠ᠃ ᠥᠷᠭᠡᠨ ᠣᠯᠠᠨ ᠦᠪᠤᠷ ᠮᠣᠩᠭᠣᠯ ᠤ᠋ᠨ ᠬᠤᠳᠠᠯᠳᠤᠭᠠᠴᠢᠨ ᠥᠪᠥᠷ ᠮᠣᠩᠭᠣᠯ᠎ᠳᠤ ᠨᠤᠲᠤᠭ᠍ᠰᠢᠨ ᠥᠪᠥᠷ ᠮᠣᠩᠭᠣᠯ᠎ᠳ᠋ᠤ ᠬᠦᠨᠵᠡᠭᠡᠢᠷᠠᠨ ᠠᠵᠢᠯᠯᠠᠵᠤ ᠦᠢᠯᠡᠰ ᠵᠢᠡᠨ ᠬᠦᠭᠵᠢᠬᠦᠯᠬᠦ ᠵᠢ ᠬᠦᠰᠡᠵᠦ᠍ ᠪᠠᠢᠨ᠎ᠠ ᠭᠡᠵᠤ ᠢᠯᠡᠳᠭᠡᠪᠡ᠃

ᠸᠠᠩ ᠸᠧᠢ ᠵᠦᠩ᠂ ᠪᠦᠬᠦ᠌ ᠣᠷᠣᠨ᠎ᠤ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠬᠢᠨ 《ᠬᠣᠶᠠᠷ ᠤᠬᠳᠤ ᠭᠤᠢᠪᠢᠰᠢ ᠦᠭᠡᠢ》 ᠪᠠᠢᠬᠤ ᠵᠢ ᠢᠮᠠᠭ᠍ᠲᠠ ᠪᠠᠷᠢᠮᠲᠠᠯᠠᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠦᠢᠯᠡᠴᠢᠯᠡᠬᠦ᠌᠎ᠶ᠋ᠢ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢᠨ ᠴᠢᠬᠤᠯᠠ ᠠᠭᠤᠯᠭ᠎ᠠ ᠪᠣᠯᠭᠠᠵᠤ᠂ ᠬᠦᠴᠦᠨ᠎ᠢᠶᠡᠨ ᠲᠥᠪᠯᠡᠷᠡᠭᠦᠯᠦᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠳᠣᠲᠣᠨᠣ ᠴᠢᠬᠡᠴᠢ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠠᠷᠢᠴᠠᠭ᠎ᠠ᠎ᠶ᠋ᠢ ᠢᠳᠡᠪᠬᠢᠲᠡᠢ ᠪᠤᠢ ᠪᠣᠯᠭᠠᠵᠤ᠂ ᠦᠢᠯᠡᠴᠢᠯᠡᠭᠡ ᠭᠦᠢᠴᠡᠳ᠂ ᠠᠷᠢᠭᠤᠨ ᠴᠢᠬᠡᠴᠢ ᠥᠨᠳᠥᠷ ᠪᠦᠲᠦᠮᠵᠢᠲᠡᠢ᠂ ᠠᠵᠤ ᠠᠬᠤᠢᠯᠠᠯ ᠬᠦᠰᠡᠯ ᠱᠠᠭᠠᠷᠳᠠᠯᠭ᠎ᠠ ᠪᠠᠢᠪᠠᠯ ᠪᠢ ᠬᠠᠷᠢᠭᠤ ᠥᠭ᠌ᠴᠦ᠂ ᠤᠴᠢᠷ ᠶᠠᠪᠤᠳᠠᠯ ᠪᠠᠢᠪᠠᠯ ᠵᠠᠪᠠᠯ ᠬᠦᠷᠴᠦ᠍᠂ ᠤᠴᠢᠷ ᠶᠠᠪᠤᠳᠠᠯ ᠦᠭᠡᠢ ᠪᠣᠯ ᠦᠯᠦ᠍ ᠦᠢᠮᠡᠬᠦᠯᠬᠦ᠎ᠶ᠋ᠢ ᠪᠡᠶᠡᠯᠡᠭᠦᠯᠬᠦ᠌ ᠬᠡᠷᠡᠭ᠌ᠲᠡᠢ᠃ ᠵᠠᠬ᠎ᠠ ᠳᠡᠯᠭᠡᠭᠦᠷᠴᠢᠯᠡᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠨᠢᠭᠡ ᠯᠡ ᠠᠳᠠᠯᠢ᠎ᠪᠠᠷ ᠬᠠᠨᠳᠤᠬᠤ᠎ᠶ᠋ᠢ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠡ᠎ᠶ᠋ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠴᠢᠩᠭᠠᠳᠭᠠᠨ᠂ ᠠᠵᠤ ᠠᠬᠤᠢᠯᠠᠯ᠎ᠢ ᠬᠠᠷᠠᠭᠠᠯᠵᠠᠬᠤ ᠪᠠ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠡ᠎ᠶ᠋ᠢ ᠱᠢᠭᠤᠳ ᠬᠦᠷᠭᠡᠵᠦ᠍ ᠲᠦᠷᠭᠡᠨ ᠬᠦᠷᠭᠡᠬᠦ᠌᠎ᠶ᠋ᠢ ᠬᠦᠴᠦᠯᠡᠨ ᠠᠬᠢᠭᠤᠯᠵᠤ᠂ ᠠᠵᠤ ᠠᠬᠤᠢᠯᠠᠯ᠎ᠤᠨ ᠡᠳ᠋ᠯᠡᠪᠡᠰᠦ ᠵᠣᠬᠢᠬᠤ᠎ᠶ᠋ᠢ᠎ᠨᠢ ᠪᠦᠬᠦᠨ᠎ᠢ ᠡᠳ᠋ᠯᠡᠭᠦᠯᠬᠦ᠌ ᠬᠡᠷᠡᠭ᠌ᠲᠡᠢ᠃ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠠᠤᠯᠢ᠎ᠡᠴᠡ ᠡᠷᠬᠡ ᠣᠯᠭᠣᠭ᠍ᠰᠠᠨ ᠦᠭᠡᠢ ᠪᠣᠯ ᠦᠯᠦ ᠬᠢᠬᠦ ᠵᠢ ᠪᠠᠷᠢᠮᠲᠠᠯᠠᠵᠤ᠂ ᠬᠠᠤᠯᠢ ᠬᠡᠷᠡᠭ᠌ᠵᠢᠭᠦᠯᠬᠦ᠌ ᠡᠷᠬᠡ᠎ᠶ᠋ᠢᠨ ᠬᠢᠵᠠᠭᠠᠷ ᠪᠣᠯᠤᠨ ᠲᠡᠰ ᠳᠠᠷᠠᠭᠠᠯᠠᠯ᠎ᠢ ᠦᠨᠡᠨ ᠬᠦ᠌ ᠵᠢᠷᠤᠮᠵᠢᠭᠤᠯᠵᠤ᠂ ᠮᠠᠭᠤ ᠰᠠᠨᠠᠭ᠎ᠠ᠎ᠲᠠᠶ᠎ᠪᠠᠷ ᠢᠯᠡᠴᠢᠯᠡᠨ ᠮᠡᠳᠡᠭᠦᠯᠬᠦ᠌᠂ ᠬᠤᠪᠢ᠎ᠶ᠋ᠢᠨ ᠵᠠᠭᠤᠴᠢᠯᠠᠭᠤᠷ ᠵᠢᠨᠷ ᠨᠡᠷ᠎ᠡ ᠬᠦᠨᠳᠦ᠍᠎ᠶ᠋ᠢ ᠭᠤᠲᠤᠭᠠᠬᠤ ᠵᠡᠷᠭᠡ ᠡᠮᠬᠢ ᠵᠠᠮᠪᠠᠷᠠᠭ᠎ᠠ ᠦᠭᠡᠢ ᠦᠵᠡᠭ᠌ᠳᠡᠯ᠎ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠡᠷᠡᠭ᠎ᠢ ᠥᠨᠳᠥᠷ ᠪᠦᠲᠦᠮᠵᠢᠲᠡᠢ ᠵᠢᠷᠤᠮᠵᠢᠭᠤᠯᠵᠤ᠂ ᠲᠦᠷᠭᠡᠨ ᠪᠠᠢᠴᠠᠭᠠᠨ ᠲᠦᠷᠭᠡᠨ ᠱᠢᠢᠳᠪᠦᠷᠢᠯᠡᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠢ ᠃ ᠳᠡᠯᠡᠬᠡᠢᠵᠢᠭᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠦᠷᠢᠮ᠎ᠲᠡᠶ ᠵᠣᠯᠭᠠᠭᠤᠯᠬᠤ᠎ᠶ᠋ᠢ ᠴᠢᠩᠭᠠᠳᠭᠠᠵᠤ᠂ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢ ᠠᠬᠢᠭᠤᠯᠬᠤ ᠲᠤᠰᠭᠠᠢ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠭᠠᠳᠠᠭᠠᠳᠤ᠎ᠳᠤ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠠᠳᠠᠭᠠᠳᠤ᠎ᠳᠤ ᠬᠣᠯᠪᠣᠭ᠍ᠳᠠᠬᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠥᠷᠭᠡᠳᠭᠡᠵᠦ᠍᠂ ᠦᠷ᠎ᠡ ᠠᠱᠢᠭ᠎ᠢ ᠨᠡᠮᠡᠭ᠌ᠳᠡᠭᠦᠯᠵᠦ᠍᠂ ᠪᠦᠬᠦ᠌ ᠣᠷᠣᠨ᠎ᠤ ᠠᠵᠤ ᠠᠬᠤᠢ᠎ᠶ᠋ᠢᠨ ᠭᠠᠳᠠᠭᠠᠳᠤ ᠬᠠᠨᠳᠤᠰᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠸᠠᠩ ᠸᠧᠢ ᠵᠦᠩ ᠶᠠᠷᠢᠶᠠᠨ᠎ᠳᠠᠭᠠᠨ᠂ ᠥᠷᠭᠡᠨ ᠤᠯᠠᠨ ᠥᠪᠥᠷ ᠮᠣᠩᠭᠣᠯ᠎ᠤᠨ ᠬᠤᠳᠠᠯᠳᠤᠭᠠᠴᠢᠨ ᠴᠢᠷᠮᠠᠢᠨ ᠲᠡᠮᠡᠴᠡᠵᠦ᠍ ᠵᠣᠷᠢᠭ᠍ᠲᠠᠢ ᠢᠯᠠᠬᠤ᠂ ᠵᠣᠷᠢᠭ᠍ᠲᠠᠢ᠎ᠪᠠᠷ ᠪᠤᠰᠤᠳ᠎ᠡᠴᠡ ᠲᠦᠷᠦᠭᠦᠯᠡᠬᠦ᠌ ᠠᠵᠤ ᠠᠬᠤᠢᠯᠠᠯᠲᠠᠨ᠎ᠤ ᠵᠣᠷᠢᠭ ᠰᠠᠨᠠᠭ᠎ᠠ ᠪᠣᠯᠤᠨ 《ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠬᠦᠰᠡᠯ ᠵᠣᠷᠢᠯᠲᠠ᠎ᠲᠠᠶ ᠪᠠᠢᠵᠤ᠂ ᠠᠵᠤ ᠦᠢᠯᠡᠰ᠎ᠢᠶᠡᠨ ᠬᠦᠴᠦᠷᠬᠡᠭ᠌ᠵᠢᠭᠦᠯᠵᠦ᠍᠂ ᠬᠤᠯᠠ᠎ᠶ᠋ᠢᠨ ᠬᠠᠷᠡᠴᠡ᠎ᠲᠠᠶ ᠪᠠᠢᠵᠤ᠂ ᠱᠢᠨ᠎ᠡ᠎ᠶ᠋ᠢ ᠡᠭᠦᠳᠬᠦ᠌᠎ᠶ᠋ᠢ ᠠᠳᠭᠤᠵᠤ᠂ ᠡᠷᠴᠢ ᠵᠤᠷᠢᠭ᠎ᠲᠡᠶ ᠪᠠᠢᠵᠤ᠂ ᠵᠠᠬ᠎ᠠ ᠳᠡᠯᠭᠡᠭᠦᠷ᠎ᠢᠶᠡᠨ ᠥᠷᠭᠡᠳᠭᠡᠵᠦ᠍᠂ ᠵᠠᠷᠴᠢᠮ᠎ᠲᠠᠶ ᠪᠠᠢᠵᠤ᠂ ᠬᠣᠷᠢᠭ᠎ᠠ ᠱᠤᠭᠤᠮ᠎ᠢ ᠰᠠᠬᠢᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠳᠣᠲᠣᠷ ᠲᠠᠮᠢᠷ᠎ᠢᠶᠠᠨ ᠪᠣᠯᠪᠠᠰᠤᠷᠠᠭᠤᠯᠵᠤ᠂ ᠭᠣᠣᠯᠯᠠᠭ᠍ᠴᠢ ᠦᠷᠢᠰᠦᠯᠳᠦᠬᠦ᠌ ᠬᠦᠴᠦᠨ᠎ᠢᠶᠡᠨ ᠴᠢᠩᠭᠠᠳᠭᠠᠵᠤ᠂ 《ᠬᠣᠶᠠᠷ ᠵᠠᠬ᠎ᠠ ᠳᠡᠯᠭᠡᠭᠦᠷ》 ᠢ᠋ ᠲᠠᠰᠤᠷᠠᠯᠳᠠ ᠦᠭᠡᠢ ᠥᠷᠭᠡᠳᠭᠡᠵᠦ᠍᠂ ᠠᠵᠤ ᠦᠢᠯᠡᠰ᠎ᠦᠨ ᠲᠡᠰ ᠳᠡᠪᠱᠢᠬᠦ᠌᠂ ᠠᠵᠤ ᠠᠬᠤᠢᠯᠠᠯ᠎ᠤᠨ 《ᠬᠦᠷᠢᠶ᠎ᠡ ᠡᠴᠡ ᠳᠠᠪᠠᠬᠤ》 ᠱᠢᠨ᠎ᠡ ᠠᠷᠭ᠎ᠠ ᠵᠠᠮ᠎ᠢ ᠨᠡᠬᠡᠭᠡᠬᠦ᠎ᠵᠢ ᠬᠦᠰᠡᠪᠡ᠃

ᠵᠠᠩ ᠶᠠᠨ ᠺᠦᠨ ᠶᠠᠷᠢᠯᠴᠠᠬᠤ ᠬᠤᠷᠠᠯ᠎ᠢ ᠡᠷᠭᠢᠯᠡᠬᠦ᠌᠎ᠳᠡᠭᠡᠨ᠂ ᠡᠨᠡ ᠤᠳᠠᠭ᠎ᠠ᠎ᠶ᠋ᠢᠨ ᠥᠪᠥᠷ ᠮᠣᠩᠭᠣᠯ᠎ᠤᠨ ᠬᠤᠳᠠᠯᠳᠤᠭᠠᠴᠢᠳ·ᠱᠦᠵᠢ ᠲᠡᠷᠢᠭᠦᠯᠡᠭ᠌ᠴᠢ᠎ᠵᠢᠨ ᠨᠢᠭᠤᠷᠳᠠᠨ ᠶᠠᠷᠢᠯᠴᠠᠬᠤ ᠬᠤᠷᠠᠯ᠎ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠷᠡᠰ ᠵᠣᠷᠢᠭ᠎ᠢ ᠭᠦᠶ᠋ᠴᠡᠳ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠠᠵᠢᠯ᠎ᠤᠨ ᠲᠣᠭ᠍ᠲᠡᠴᠡ᠎ᠪᠠᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠦᠷᠭᠦᠯᠵᠢᠯᠡᠨ ᠰᠠᠢᠲᠤᠷ ᠲᠠᠪᠴᠠᠩ ᠪᠠᠢᠭᠤᠯᠵᠤ᠂ ᠬᠥᠭᠥᠷᠭᠡ ᠬᠣᠯᠪᠣᠭᠠᠰᠤ ᠵᠢᠨ ᠦᠢᠯᠡᠳᠦᠯ ᠵᠢᠡᠨ ᠰᠠᠢᠳᠤᠷ ᠪᠠᠳᠠᠷᠠᠭᠤᠯᠤᠨ᠎ᠠ᠃ ᠥᠷᠭᠡᠨ ᠣᠯᠠᠨ ᠠᠵᠤ ᠠᠬᠤᠢᠯᠠᠯᠲᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠥᠪᠥᠷ ᠮᠣᠩᠭᠣᠯ᠎ᠤᠨ ᠳᠠᠪᠠᠭᠤᠯᠢᠭ᠎ᠢ ᠠᠱᠢᠭ᠍ᠯᠠᠨ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠡᠷᠳᠡᠮ ᠴᠢᠳᠠᠪᠤᠷᠢ᠎ᠪᠠᠨ ᠶᠡᠬᠡ᠎ᠪᠡᠷ ᠪᠠᠳᠠᠷᠠᠭᠤᠯᠵᠤ᠂ ᠨᠠᠩ ᠣᠯᠠᠨ ᠬᠠᠮᠲᠤᠷᠠᠯᠴᠠᠭᠠᠨ᠎ᠤ ᠬᠠᠨᠢᠲᠠᠨ᠎ᠤ ᠥᠪᠥᠷ ᠮᠣᠩᠭᠣᠯ᠎ᠳᠤ ᠢᠷᠡᠵᠦ᠍ ᠬᠥᠭ᠌ᠵᠢᠬᠦ᠌᠎ᠶ᠋ᠢ ᠳᠠᠢᠴᠢᠯᠠᠨ᠂ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠤᠭᠲᠠᠭᠤᠨ ᠪᠠᠢᠬᠤ》 ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌᠂ 《ᠬᠣᠶᠠᠷ ᠲᠠᠯ᠎ᠠ᠎ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠶ᠋ᠢ ᠪᠠᠲᠤᠯᠠᠬᠤ ᠲᠠᠯ᠎ᠠ᠎ᠪᠠᠷ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃

ᠡᠭᠦᠨ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠴᠠᠭᠠᠨ ᠰᠤᠳᠤᠯᠬᠤ ᠳᠤᠭᠤᠢᠯᠠᠩ ᠭᠤᠸᠠᠩᠳᠦ᠋ᠩ ᠮᠤᠵᠢ᠎ᠳᠤ ᠬᠦᠷᠴᠦ᠍ ᠰᠤᠷᠤᠯᠴᠠᠨ ᠱᠢᠨᠵᠢᠯᠡᠨ ᠪᠠᠢᠴᠠᠭᠠᠵᠤ᠂ ᠬᠥᠬᠡᠬᠣᠲᠠ᠂ ᠪᠤᠭᠤᠲᠤ᠂ ᠤᠯᠠᠭᠠᠨᠬᠠᠳᠠ᠂ ᠦᠬᠠᠶ ᠵᠡᠷᠭᠡ ᠠᠢᠮᠠᠭ ᠬᠣᠲᠠ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠲᠡᠷᠢᠭᠦᠨ᠎ᠦ ᠲᠤᠷᠱᠢᠯᠭ᠎ᠠ᠎ᠶ᠋ᠢ ᠰᠤᠷᠤᠯᠴᠠᠨ ᠳᠤᠯᠢᠳᠠᠵᠤ᠂ ᠮᠠᠨ᠎ᠤ ᠣᠷᠣᠨ᠎ᠤ ᠬᠤᠯᠪᠤᠭᠳᠠᠯ ᠪᠥᠬᠥᠶ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠣᠢᠯᠠᠭᠠᠵᠠᠶ᠃ ᠡᠭᠦᠨ᠎ᠦ ᠬᠠᠮᠲᠤ ᠪᠥᠬᠥ᠌ ᠣᠷᠣᠨ᠎ᠤ ᠡᠯ᠎ᠡ ᠲᠥᠷᠥᠯ᠎ᠦᠨ ᠠᠵᠤ ᠠᠬᠤᠢᠯᠠᠯ᠎ᠳᠤ ᠡᠭᠡᠭᠦᠯᠦᠨ ᠬᠤᠷᠢᠶᠠᠭ᠍ᠰᠠᠨ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ᠎ᠶ᠋ᠢ 1500 ᠭᠠᠷᠤᠶ ᠬᠤᠪᠢ ᠲᠠᠷᠬᠠᠭᠠᠵᠤ᠂ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠲᠡᠶ ᠬᠠᠮᠲᠤᠷᠠᠨ 100 ᠭᠠᠷᠤᠶ ᠠᠵᠤ ᠠᠬᠤᠢᠯᠠᠯ᠎ᠢ ᠰᠤᠷᠪᠤᠯᠵᠢᠯᠠᠵᠤ᠂ ᠥᠪᠥᠷ ᠮᠣᠩᠭᠣᠯ᠎ᠤᠨ ᠬᠤᠳᠠᠯᠳᠤᠭᠠᠴᠢᠨ᠎ᠤ ᠲᠥᠯᠥᠭᠡᠯᠡᠭ᠌ᠴᠢ᠂ ᠬᠤᠯᠪᠤᠭᠳᠠᠯ ᠪᠥᠬᠥᠶ ᠰᠠᠯᠠᠭ᠎ᠠ ᠮᠥᠴᠢᠷ ᠪᠣᠯᠤᠨ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠲᠡᠶ 7 ᠲᠠᠯᠠᠪᠤᠷ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠠᠯ᠎ᠠ᠎ᠶ᠋ᠢᠨ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠶᠠᠷᠢᠯᠴᠠᠬᠤ ᠬᠤᠷᠠᠯ ᠬᠤᠷᠠᠯᠳᠤᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠯᠦᠸᠧ ᡁᠢ ᠬ᠍ᠤ᠂ ᠠᠨ ᠷᠦᠨ ᠱᠧᠩ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号