ᠪᠥᠬᠥ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠤᠢ᠍ᠢᠷ᠎ᠠ᠎ᠶ᠋ᠢᠨ ᠡᠳᠦᠷ᠎ᠦᠳ᠎ᠲᠦ᠂ ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠳᠠᠷᠤᠢ ᠲᠦᠷᠭᠡᠨ ᠲᠠᠢ᠌ᠴᠢᠯᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠬᠠᠷᠢᠭᠤᠴᠠᠯᠭ᠎ᠠ ᠶᠢ ᠲᠣᠳᠣᠷᠬᠠᠢᠯᠠᠵᠤ᠂ ᠨᠠᠷᠢᠯᠢᠬ᠍ᠵᠢᠭᠤᠯᠤᠨ ᠲᠤᠬᠢᠷᠠᠭᠤᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠣᠭᠣᠳᠴᠤ᠌ ᠪᠠᠢᠭᠠᠳ ᠰᠡᠳᠭᠢᠯ ᠲᠠᠯᠪᠢᠨ ᠰᠤᠷᠤᠯᠴᠠᠭᠤᠯᠵᠤ᠂ ᠪᠣᠳᠠᠲᠠᠢ ᠠᠵᠢᠯ ᠬᠢᠯᠭᠡᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠱᠢᠨ᠎ᠡ ᠵᠢᠷᠤᠭ ᠲᠥᠰᠦᠪ᠎ᠢ ᠵᠢᠷᠤᠭ᠍ᠯᠠᠪᠠ᠃
3 ᠰᠠᠷ᠎ᠠ᠎ᠶ᠋ᠢᠨ 10 ᠡᠴᠡ 11 ᠤ᠋ ᠡᠳᠦᠷ ᠪᠣᠯᠲᠠᠯ᠎ᠠ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠬᠣᠲᠠ᠎ᠶ᠋ᠢᠨ ᠱᠠᠲᠤᠨ᠎ᠤ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠪᠠ᠃ ᠨᠣᠮ ᠤᠩᠱᠢᠬᠤ ᠠᠩᠭᠢ᠎ᠡᠴᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠨᠢᠭᠡᠨᠲᠡ ᠲᠣᠭ᠍ᠲᠠᠭᠠᠭ᠍ᠰᠠᠨ ᠠᠵᠢᠯ᠎ᠤᠨ ᠰᠡᠳᠭᠢᠮᠵᠢ᠂ 《ᠲᠠᠪᠤᠨ ᠬᠣᠲᠠ ᠲᠠᠪᠤᠨ ᠲᠣᠭᠣᠷᠢᠭ》 ᠤ᠋ᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠰᠤᠷᠤᠯᠴᠠᠯᠭ᠎ᠠ ᠵᠢ ᠶᠡᠬᠡᠪᠡᠷ ᠡᠷᠬᠢᠮᠯᠡᠬᠦ᠂ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ᠂ ᠠᠷᠢᠭᠤᠨ ᠴᠢᠬᠡᠴᠢ ᠪᠠᠢᠬᠤ᠎ᠶ᠋ᠢ ᠪᠠᠷᠢᠮᠲᠠᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠣᠳᠠᠲᠤ ᠦᠷ᠎ᠡ ᠪᠦᠲᠦᠮᠵᠢ᠎ᠪᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠦᠨᠡᠨ ᠬᠦ᠌ ᠠᠷᠠᠳ ᠲᠦᠮᠡᠨ᠎ᠳᠦ ᠪᠤᠶᠠᠨ ᠦᠶ᠋ᠯᠡᠳᠬᠦ᠌ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠶ᠃ ᠲᠡᠷᠡ ᠬᠡᠪ᠎ᠢᠶᠡᠷ᠎ᠨᠢ ᠰᠤᠷᠤᠯᠴᠠᠵᠤ᠂ ᠣᠭ ᠪᠦᠲᠦᠭᠡᠯ᠎ᠢ ᠨᠠᠷᠢᠨ ᠬᠢᠨᠠᠮᠠᠭᠠᠶ ᠤᠩᠱᠢᠵᠤ᠂ ᠣᠭ ᠵᠣᠬᠢᠶᠠᠯ᠎ᠢ ᠰᠤᠷᠤᠯᠴᠠᠵᠤ᠂ ᠣᠭ ᠶᠣᠰᠣ᠎ᠶ᠋ᠢ᠎ᠨᠢ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢᠨ ᠭᠤᠤᠯ ᠴᠢᠬᠤᠯᠠ ᠠᠭᠤᠯᠭ᠎ᠠ᠂ ᠪᠠᠶᠠᠯᠢᠭ ᠠᠭᠤᠯᠤᠭ᠍ᠳᠠᠬᠤᠨ᠂ ᠥᠷᠲᠡᠭ᠎ᠦᠨ ᠬᠠᠨᠳᠤᠰᠢ᠎ᠶ᠋ᠢ ᠭᠦᠨᠵᠡᠭᠡᠶ ᠣᠢᠯᠠᠭᠠᠵᠤ᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠰᠡᠳᠭᠢᠬᠦ᠌᠎ᠶ᠋ᠢᠨ ᠳᠠᠭᠠᠤ ᠰᠤᠷᠤᠯᠴᠠᠵᠤ᠂《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ 《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠭᠤᠨ᠎ᠳᠤ ᠲᠦᠱᠢᠭ᠌ᠯᠡᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠶ᠋ᠢ ᠦᠨᠡᠨ ᠬᠦ᠌ ᠲᠣᠳᠣᠷᠬᠠᠶ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠲᠣᠳᠣᠷᠬᠠᠶ ᠬᠥᠭ᠌ᠵᠢᠯᠲᠡ᠎ᠶ᠋ᠢᠨ ᠰᠡᠳᠭᠢᠮᠵᠢ᠂ ᠪᠦᠲᠦᠮᠵᠢᠲᠡᠶ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠶ᠃ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠤᠷᠤᠯᠴᠠᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠣᠳᠠᠲᠠᠢ ᠠᠵᠢᠯ᠂ ᠬᠤᠪᠢ ᠬᠥᠮᠦᠨ᠎ᠦ ᠲᠠᠨᠢᠯᠲᠠ᠎ᠪᠡᠷ ᠪᠠᠷᠢᠮᠵᠢᠶ᠎ᠠ ᠪᠤᠯᠭᠠᠨ ᠠᠰᠠᠭᠤᠳᠠᠯ᠎ᠢ ᠪᠠᠢᠴᠠᠭᠠᠨ ᠳᠡᠯᠭᠡᠬᠦ᠌ ᠪᠠ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢᠨ ᠵᠥᠷᠢᠶ᠎ᠡ᠎ᠶ᠋ᠢ ᠪᠦᠲᠦᠮᠵᠢᠲᠡᠢ ᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠦᠷᠭᠦᠯᠵᠢᠯᠡᠨ ᠪᠦᠷᠢᠨᠱᠢᠬᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠤᠯᠠᠭᠠᠨᠬᠠᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
3 ᠰᠠᠷ᠎ᠠ᠎ᠶ᠋ᠢᠨ 18 ᠡᠴᠡ 19 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠪᠡ᠃ ᠨᠣᠮ ᠤᠩᠱᠢᠬᠤ ᠠᠩᠭᠢ᠎ᠡᠴᠡ ᠬᠣᠢᠱᠢᠳᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠪᠡᠷ ᠰᠣᠶᠣᠯ ᠵᠢᠭᠤᠯᠴᠢᠯᠠᠯ᠎ᠤᠨ ᠠᠵᠢᠯ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ᠃ ᠰᠣᠶᠣᠯ ᠵᠢᠭᠤᠯᠴᠢᠯᠠᠯ ᠨᠢ ᠠᠷᠠᠳ᠎ᠤᠨ ᠲᠥᠯᠥᠭᠡ ᠭᠡᠬᠦ᠌ ᠤᠭ ᠰᠠᠨᠠᠭ᠎ᠠ᠎ᠪᠠᠨ ᠪᠠᠲᠤ ᠰᠠᠬᠢᠵᠤ᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠪᠡᠷ ᠦᠨᠳᠦᠰᠦᠨ ᠪᠠᠷᠢᠮᠵᠢᠶ᠎ᠠ ᠪᠣᠯᠭᠠᠵᠤ᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡ᠂ ᠰᠣᠶᠣᠯ ᠵᠢᠭᠤᠯᠴᠢᠯᠠᠯ᠎ᠢᠶᠠᠷ ᠠᠷᠠᠳ᠎ᠲᠤ ᠠᠱᠢᠭ ᠬᠦᠷᠲᠡᠭᠡᠬᠦ᠌᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠵᠤ ᠠᠱᠢᠭ᠍ᠯᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠵᠤ᠂ ᠰᠣᠶᠣᠯ᠎ᠤᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠬᠦᠷᠲᠡᠭᠡᠬᠦ ᠬᠡᠷᠡᠭ᠌ᠲᠡᠶ; ᠴᠢᠨᠠᠷ ᠰᠠᠢᠲᠠᠶ ᠬᠥᠭ᠌ᠵᠢᠯᠲᠡ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌》 ᠲᠠᠢ ᠨᠢᠭ᠍ᠲᠠ ᠤᠶᠠᠯᠳᠤᠭᠤᠯᠵᠤ᠂ ᠰᠣᠶᠣᠯ ᠵᠢᠭᠤᠯᠴᠢᠯᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠣᠷᠣᠨ ᠪᠠ ᠪᠥᠬᠥ᠌ ᠣᠷᠣᠨ ᠪᠦᠰᠡ᠎ᠶ᠋ᠢᠨ ᠪᠥᠬᠥ᠌ ᠤᠯᠠᠷᠢᠯ᠎ᠤᠨ ᠠᠮᠢ ᠠᠬᠤᠶ᠎ᠶ᠋ᠢᠨ ᠵᠢᠭᠤᠯᠴᠢᠯᠠᠯ᠎ᠤᠨ ᠠᠮᠠᠷᠠᠯᠲᠠ᠎ᠶ᠋ᠢᠨ ᠬᠠᠷᠠᠯᠲᠠᠲᠤ ᠣᠷᠣᠨ᠎ᠤ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭ᠌ᠲᠡᠶ; ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠂ 《ᠭᠤᠤᠯ ᠬᠠᠷᠢᠭᠤᠴᠠᠯᠭᠠᠲᠠᠨ》 ᠤ᠋ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠌》 ᠶ᠋ᠢ ᠨᠠᠢᠳᠠᠪᠤᠷᠢᠵᠢᠭᠤᠯᠤᠨ᠂ ᠬᠢᠨᠠᠨ ᠵᠢᠯᠣᠭᠣᠳᠭᠤ᠎ᠪᠠᠨ ᠴᠢᠩᠭᠠᠷᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ; ᠦᠨᠡᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠶᠡᠷᠦᠩᠬᠡᠶ ᠱᠠᠭᠠᠷᠳᠠᠯᠭ᠎ᠠ᠎ᠶ᠋ᠢ ᠦᠶ᠋ᠯᠡᠳᠦᠯᠭᠡᠵᠢᠭᠦᠯᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠍᠂ ᠴᠢᠩᠭ᠎ᠠ ᠪᠣᠳᠠᠲᠠᠶ ᠰᠤᠷᠲᠠᠯ᠎ᠢᠶᠠᠷ ᠰᠣᠶᠣᠯ ᠵᠢᠭᠤᠯᠴᠢᠯᠠᠯ᠎ᠤᠨ ᠡᠯ᠎ᠡ ᠵᠦᠶ᠋ᠯ᠎ᠦᠨ ᠠᠵᠢᠯ᠎ᠤᠨ ᠪᠣᠳᠠᠲᠠᠶ᠎ᠳᠤ ᠨᠠᠢᠳᠠᠪᠤᠷᠢᠵᠢᠭᠤᠯᠤᠭ᠍ᠳᠠᠵᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌᠎ᠪᠡᠷ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠨᠠᠷᠢᠨ ᠬᠢᠨᠠᠮᠠᠭᠠᠶ ᠲᠥᠯᠥᠪᠵᠢᠭᠦᠯᠦᠨ ᠪᠠᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠰᠤᠷᠤᠯᠴᠠᠯᠭ᠎ᠠ ᠬᠥᠮᠦᠵᠢᠯ᠎ᠢ ᠪᠥᠬᠥ᠌ ᠣᠷᠣᠨ᠎ᠤ ᠱᠢᠭᠤᠳ ᠬᠠᠷᠢᠶ᠎ᠠ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠳᠦ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠣᠳᠣᠬᠠᠨ᠎ᠳᠤ᠂ ᠪᠥᠬᠥ᠌ ᠱᠢᠰᠲ᠋ᠧᠮ᠎ᠢᠶᠡᠷ᠎ᠢᠶᠡᠨ ᠨᠢᠭᠡᠨᠲᠡ ᠳᠡᠭᠡᠳᠦ ᠳᠤᠤᠷᠠᠳᠤ ᠱᠠᠲᠤ ᠬᠣᠯᠪᠣᠭᠠᠯᠠᠨ ᠬᠥᠳᠡᠯᠦᠯᠴᠡᠭ᠌ᠰᠡᠨ᠂ ᠪᠥᠬᠥ᠌ ᠲᠠᠯ᠎ᠠ᠎ᠪᠠᠷ ᠬᠠᠮᠤᠷᠤᠭ᠍ᠰᠠᠨ᠂ ᠨᠢᠭᠡ ᠴᠣᠭ᠍ᠴᠠᠵᠢᠭᠤᠯᠤᠨ ᠠᠬᠢᠭᠤᠯᠤᠭ᠍ᠰᠠᠨ ᠠᠵᠢᠯ᠎ᠤᠨ ᠪᠠᠢᠷᠢᠱᠢᠯ᠎ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠨᠣᠮ ᠤᠩᠱᠢᠬᠤ ᠠᠩᠭᠢ᠎ᠶ᠋ᠢ ᠨᠠᠷᠢᠨ ᠨᠢᠮᠪᠠᠶ ᠡᠷᠬᠢᠯᠡᠵᠦ᠍᠂ ᠲᠥᠪᠯᠡᠷᠡᠭᠦᠯᠦᠨ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠰᠣᠯᠢᠯᠴᠠᠵᠤ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠢ ᠤᠶᠠᠯᠳᠤᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢᠨ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ ᠪᠠ ᠦᠶ᠋ᠯᠡᠳᠦᠯᠭᠡ᠎ᠶ᠋ᠢᠨ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠭᠤᠯᠤᠨ ᠣᠨᠣᠪᠴᠢᠲᠠᠶ ᠡᠵᠡᠮᠱᠢᠭᠦᠯᠵᠦ᠍᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ᠌᠎ᠶ᠋ᠢ ᠠᠬᠢᠭᠤᠯᠪᠠ᠃ ᠡᠭᠦᠨ᠎ᠦ ᠬᠠᠮᠲᠤ᠂ ᠠᠷᠠᠳ ᠲᠦᠮᠡᠨ᠎ᠳᠦ ᠦᠢᠯᠡᠴᠢᠯᠡᠬᠦ᠌ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠪᠦᠬᠦ᠌ ᠱᠢᠰᠲᠸᠮ ᠵᠢᠡᠷ ᠵᠢᠡᠨ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠵᠣᠷᠢᠯᠲᠠ᠎ᠶ᠋ᠢᠨ ᠤᠬᠠᠮᠰᠠᠷ᠎ᠢᠶᠠᠨ ᠴᠢᠩᠭᠠᠳᠭᠠᠬᠤ᠎ᠶ᠋ᠢ ᠠᠬᠢᠭᠤᠯᠵᠤ᠂ ᠦᠨᠳᠦᠰᠦᠨ ᠱᠠᠳᠤ ᠪᠠ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠤᠯᠠᠨ ᠲᠦᠮᠡᠨ᠎ᠳᠦ ᠦᠢᠯᠡᠴᠢᠯᠡᠬᠦ᠌ ᠪᠣᠳᠠᠲᠤ ᠠᠵᠢᠯᠯᠠᠭ᠎ᠠ ᠪᠣᠯᠭᠠᠨ ᠪᠦᠲᠦᠮᠵᠢᠲᠡᠢ᠎ᠪᠡᠷ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠠᠷᠠᠳ ᠲᠦᠮᠡᠨ᠎ᠳᠦ ᠦᠢᠯᠡᠴᠢᠯᠡᠬᠦ᠌ ᠮᠥᠨ ᠴᠢᠨᠠᠷ᠎ᠢ ᠢᠯᠡᠷᠡᠭᠦᠯᠪᠡ᠃
ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 3 ᠡᠳᠦᠷ᠎ᠦᠨ ᠬᠤᠭᠤᠴᠠᠭ᠎ᠠ᠎ᠲᠠᠶ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠬᠦ᠌᠎ᠪᠡᠷ ᠳᠡᠮᠵᠢᠨ᠂ ᠲᠥᠪᠯᠡᠷᠡᠭᠦᠯᠦᠨ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ᠂ ᠤᠯᠤᠰ ᠲᠥᠷᠥ᠎ᠶ᠋ᠢᠨ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ᠎ᠢ᠎ᠨᠢ ᠦᠨᠡᠨ ᠬᠦ᠌ ᠴᠢᠩᠭᠠᠳᠭᠠᠪᠠ᠃ 《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠭᠤᠨ᠎ᠳᠤ ᠲᠦᠱᠢᠭ᠌ᠯᠡᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠡᠨᠡ ᠬᠦ᠌ ᠦᠨᠳᠦᠰᠦᠨ ᠠᠰᠠᠭᠤᠳᠠᠯ᠎ᠤᠨ ᠲᠣᠭᠣᠷᠢᠨ᠎ᠳᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭᠠᠪᠠ᠃ ᠪᠦᠬᠦ᠌ ᠨᠠᠮ᠎ᠤᠨ ᠭᠡᠱᠢᠭᠦᠨ᠂ ᠺᠠᠳ᠋ᠷᠴᠤᠳ᠎ᠢ ᠵᠣᠬᠢᠶᠠᠨ ᠪᠠᠢᠭᠤᠯᠵᠤ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ᠎ᠳᠤ ᠲᠥᠪᠯᠡᠷᠡᠭᠦᠯᠦᠨ ᠣᠷᠣᠯᠴᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠣᠢᠯᠠᠭᠠᠵᠤ᠂ ᠨᠠᠮ᠎ᠤᠨ ᠭᠡᠱᠢᠭᠦᠨ᠂ ᠺᠠᠳ᠋ᠷᠴᠤᠳ᠎ᠤᠨ ᠦᠵᠡᠯ ᠰᠠᠨᠠᠭᠠᠨ᠎ᠤ ᠲᠠᠨᠢᠯᠲᠠ ᠪᠠ ᠨᠠᠮᠴᠢ ᠴᠢᠨᠠᠷ᠎ᠤᠨ ᠤᠬᠠᠮᠰᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠨᠠᠮ᠎ᠤᠨ ᠭᠡᠱᠢᠭᠦᠨ ᠺᠠᠳ᠋ᠷ᠎ᠤᠨ ᠦᠷᠭᠦᠯᠵᠢ ᠨᠠᠮᠴᠢ ᠴᠢᠨᠠᠷ᠎ᠤᠨ ᠲᠠᠯ᠎ᠠ᠎ᠡᠴᠡ ᠵᠥᠷᠢᠢ᠎ᠡ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠪᠠᠢᠴᠠᠭᠠᠵᠤ᠂ ᠬᠡᠪ ᠪᠣᠯᠪᠠᠰᠤᠷᠠᠯ᠎ᠢᠶᠠᠨ ᠴᠢᠩᠭᠠᠳᠭᠠᠵᠤ᠂ ᠠᠷᠠᠳ᠎ᠤᠨ ᠲᠥᠯᠥᠭᠡ ᠬᠢᠨᠠᠨ ᠬᠠᠮᠢᠶᠠᠷᠬᠤ᠂ ᠠᠷᠠᠳ᠎ᠤᠨ ᠲᠥᠯᠥᠭᠡ ᠦᠢᠯᠡᠴᠢᠯᠡᠬᠦ᠌ ᠤᠢ᠍ᠢᠯᠠᠭᠠᠭ᠍ᠳᠠᠬᠤᠨ᠎ᠢ ᠪᠠᠲᠤ ᠰᠠᠬᠢᠵᠤ᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ᠂ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠬᠥᠭ᠌ᠵᠢᠯᠲᠡ᠎ᠳᠦ ᠦᠢᠯᠡᠴᠢᠯᠡᠬᠦ᠌᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌ ᠦᠨᠳᠦᠷᠴᠡ ᠡᠴᠡ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠤᠴᠢᠷ ᠶᠠᠪᠤᠳᠠᠯ ᠬᠢᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠤᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠪᠣᠳᠠᠲᠤ ᠶᠠᠪᠤᠳᠠᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠰᠠᠢᠲᠤᠷ ᠬᠢᠵᠦ᠍᠂ ᠪᠣᠳᠠᠲᠠᠢ ᠠᠵᠢᠯ ᠪᠣᠳᠠᠲᠤ ᠠᠮᠵᠢᠯᠲᠠ᠎ᠪᠠᠷ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠦᠢᠯᠡᠳᠦᠯᠭᠡᠵᠢᠭᠦᠯᠬᠦ᠌ ᠵᠢ ᠬᠦᠲᠦᠯᠦᠨ ᠲᠠᠭᠠᠭᠤᠯᠪᠠ᠃