ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠥᠷᠬᠡᠵᠢᠬᠡᠳ 23 ᠪᠣᠯᠵᠡᠢ
4 ᠰᠠᠷ᠎ᠠ᠎ᠶ᠋ᠢᠨ 9 ᠤ᠋ ᠡᠳᠦᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠡᠴᠡ ᠲᠦᠷᠦᠭᠦᠬᠡᠨ ᠳᠠᠷᠤᠮᠠᠯᠯᠠᠨ ᠲᠠᠷᠬᠠᠭᠠᠭ᠍ᠰᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠢ ᠲᠥᠰᠦᠯ》 (ᠳᠣᠷᠣᠭ᠍ᠰᠢ 《ᠶᠡᠷᠦᠩᠬᠡᠢ ᠲᠥᠰᠦᠯ》 ᠭᠡᠵᠦ᠍ ᠳᠥᠭᠥᠮᠴᠢᠯᠡᠨ᠎ᠡ) ᠢ᠋ ᠭᠠᠳᠠᠭ᠍ᠰᠢ ᠨᠡᠢᠲᠡᠯᠡᠵᠤ᠂ ᠡᠬᠦᠨ ᠳ᠋ᠤ᠂ ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠥᠷᠬᠡᠵᠢᠬᠡᠳ 23 ᠪᠤᠯᠵᠠᠢ ᠃
《ᠶᠡᠷᠦᠩᠬᠡᠶ ᠲᠥᠰᠦᠯ》 ᠳ᠋ᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠬᠤ ᠪᠣᠯ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠡᠴᠡ ᠲᠤᠬᠳᠠᠭᠠᠬᠰᠡᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠮᠥᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠠᠷᠭ᠎ᠠ ᠬᠡᠮᠵᠢᠶ᠎ᠡ ᠪᠤᠯᠤᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠤ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠬᠦ᠌ ᠪᠠ ᠠᠭᠤᠰᠤᠯᠴᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠭᠡᠭᠡᠯᠲᠡ᠎ᠶ᠋ᠢᠨ ᠱᠢᠨ᠎ᠡ ᠥᠨᠳᠥᠷᠯᠢᠭ ᠪᠣᠯᠭᠠᠨ ᠪᠥᠲᠥᠭᠡᠨ ᠪᠠᠢᠭᠤᠯᠵᠤ᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠣᠷᠣᠨ᠎ᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃
《ᠶᠡᠷᠦᠩᠬᠡᠶ ᠲᠥᠰᠦᠯ》 ᠳ᠋ᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ ᠨᠠᠩ ᠶᠡᠬᠡ ᠥᠭᠡᠷᠡᠴᠢᠯᠡᠯᠲᠡ᠎ᠶ᠋ᠢᠨ ᠡᠵᠡᠨ ᠮᠡᠳᠡᠬᠦ᠌ ᠡᠷᠬᠡ ᠣᠯᠭᠣᠵᠤ᠂ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠬᠤ᠎ᠶ᠋ᠢ ᠵᠣᠷᠢᠭ᠍ᠵᠢᠭᠤᠯᠤᠨ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ᠎ᠳᠤ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ᠂ ᠬᠤᠷᠠᠮᠠᠯ ᠮᠠᠶᠢᠭ᠎ᠤᠨ᠂ ᠵᠦᠷᠢᠶᠡᠴᠢᠯᠡᠭ᠌ᠰᠡᠨ ᠰᠥᠪᠡᠭ᠌ᠴᠢᠯᠡᠯᠲᠡ᠎ᠶ᠋ᠢ ᠥᠷᠨᠢᠭᠦᠯᠦᠨ᠎ᠡ᠃ ᠬᠢᠯᠢ᠎ᠶ᠋ᠢᠨ ᠠᠷᠠᠳ᠎ᠤᠨ ᠵᠠᠬ᠎ᠠ᠎ᠶ᠋ᠢᠨ ᠠᠷᠠᠯᠵᠢᠶ᠎ᠠ᠎ᠶ᠋ᠢ ᠱᠢᠨ᠎ᠠ ᠵᠢ ᠡᠬᠦᠳᠤᠨ ᠬᠥᠭ᠌ᠵᠢᠭᠦᠯᠬᠦ᠌᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠷᠠᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠣᠯᠠᠨ ᠬᠦᠷᠢᠶᠡᠨ ᠳ᠋ᠡᠬᠢ ᠭᠠᠳᠠᠭᠠᠳᠤ ᠰᠣᠯᠢᠯᠴᠠᠭ᠎ᠠ᠎ᠶ᠋ᠢ ᠥᠷᠭᠡᠳᠭᠡᠬᠦ᠌ ᠵᠡᠷᠭᠡ 19 ᠲᠠᠯ᠎ᠠ᠎ᠶ᠋ᠢᠨ ᠥᠭᠡᠷᠡᠴᠢᠯᠡᠯᠲᠡ᠎ᠶ᠋ᠢᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠭᠢᠨ ᠲᠣᠭᠣᠷᠢᠨ ᠢ᠋ ᠨᠥᠯᠥᠭᠡᠯᠡᠭ᠌ᠰᠡᠨ ᠮᠡᠳᠡᠭᠡ ᠵᠠᠩᠭᠢ᠎ᠶ᠋ᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠪᠠᠷᠠᠭ᠎ᠠ᠎ᠶ᠋ᠢᠨ ᠭᠦᠢᠯᠭᠡᠭᠡᠨ᠎ᠦ ᠲᠥᠪ᠂ ᠡᠯᠸᠮᠸᠨ᠋ᠲ ᠤ᠋ᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠲᠥᠪ᠂ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ᠎ᠢ ᠬᠦᠴᠦᠯᠡᠨ ᠪᠠᠢᠭᠤᠯᠵᠤ᠂ ᠤᠯᠤᠰ᠎ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠠᠷᠠᠯᠵᠢᠶ᠎ᠠ ᠳᠥᠭᠥᠮ ᠳᠥᠲᠡ᠂ ᠱᠢᠨ᠎ᠡ᠎ᠶ᠋ᠢ ᠡᠭᠦᠳᠬᠦ᠌ ᠠᠮᠢ ᠠᠬᠤᠢ ᠰᠠᠢᠨ᠂ ᠳᠠᠪᠠᠭᠤᠯᠢᠭ ᠠᠵᠤ ᠦᠢᠯᠡᠰ ᠲᠥᠪᠯᠡᠷᠡᠭ᠌ᠰᠡᠨ᠂ ᠣᠯᠠᠨ ᠤᠯᠤᠰ ᠤ᠋ᠨ ᠶᠠᠪᠤᠯᠴᠠᠭ᠎ᠠ ᠬᠥᠭ᠌ᠵᠢᠶᠡᠨᠲᠡᠶ ᠥᠨᠳᠥᠷ ᠲᠦᠪᠱᠢᠨ ᠪᠦᠬᠦᠢ ᠴᠢᠯᠥᠭᠡᠲᠦ ᠠᠷᠠᠯᠵᠢᠶᠠᠨ᠎ᠤ ᠬᠦᠷᠢᠶᠡᠯᠡᠩ ᠲᠣᠭᠣᠷᠢᠭ ᠢ᠋ ᠴᠢᠷᠮᠠᠢᠨ ᠪᠠᠢᠭᠤᠯᠤᠨ᠎ᠠ ᠭᠡᠵᠤ ᠲᠤᠷᠠᠳᠪᠠ᠃
《ᠶᠡᠷᠦᠩᠬᠡᠶ ᠲᠥᠰᠦᠯ》 ᠳ᠋ᠤ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠨᠠᠮ᠎ᠤᠨ ᠰᠤᠷᠲᠠᠯ ᠪᠠ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠶ᠃ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠠᠲᠤ ᠪᠤᠢ ᠪᠣᠯᠭᠠᠵᠤ᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠬᠢᠨ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠭᠠᠵᠤ᠂ ᠴᠣᠮᠬᠠᠳᠬᠠᠬᠰᠠᠨ ᠪᠥᠭᠡᠳ ᠥᠨᠳᠥᠷ ᠪᠦᠲᠦᠮᠵᠢᠲᠡᠶ᠂ ᠡᠷᠬᠡ ᠬᠠᠷᠢᠭᠤᠴᠠᠯᠭ᠎ᠠ ᠲᠣᠳᠣᠷᠬᠠᠶ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠪᠠᠢᠭᠤᠯᠵᠤ᠂ ᠲᠥᠪ ᠭᠤᠤᠯᠴᠢ ᠢᠯᠡ ᠲᠣᠳᠣ᠂ ᠱᠢᠰᠲ᠋ᠧᠮ ᠨᠢ ᠪᠦᠷᠢᠨ ᠲᠡᠭᠦᠯᠳᠡᠷ ᠬᠠᠤᠯᠢ ᠪᠡᠷ ᠵᠠᠰᠠᠬᠤ ᠣᠷᠴᠢᠨ ᠲᠣᠭᠣᠷᠢᠨ᠎ᠢ ᠪᠠᠢᠭᠤᠯᠵᠤ᠂ ᠥᠨᠳᠥᠷ ᠬᠡᠪ ᠪᠣᠯᠪᠠᠰᠤᠷᠠᠯ ᠪᠦᠬᠦᠢ ᠲᠤᠰᠭᠠᠢᠵᠢᠭ᠍ᠰᠠᠨ ᠬᠠᠮᠢᠶᠠᠷᠤᠯᠲᠠ᠎ᠶ᠋ᠢᠨ ᠡᠩᠨᠡᠭᠡ᠎ᠶ᠋ᠢ ᠪᠠᠢᠭᠤᠯᠬᠤ ᠬᠡᠷᠡᠭ᠌ᠲᠡᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠤᠨ ᠬᠢᠨ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠵᠦ᠍᠂ ᠡᠯ᠎ᠡ ᠵᠦᠶ᠋ᠯ᠎ᠦᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠣᠳᠠᠲᠠᠢᠵᠢᠭᠤᠯᠤᠨ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠭᠡᠯᠳᠡᠰ ᠤ᠋ᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ ᠵᠢᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠡᠯ᠎ᠡ ᠵᠦᠢᠯ᠎ᠦᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃