ᠸᠠᠩ ᠸᠧᠢ ᠵᠦᠩ ᠪᠤᠤ ᠭᠠᠩ TCL ᠪᠦᠯᠦᠭᠯᠡᠯ ᠎ᠦᠨ ᠬᠡᠷᠡᠭ ᠮᠡᠳᠡᠭᠴᠢᠳ᠎ᠦᠨ ᠳᠠᠷᠤᠭ᠎ᠠ ᠯᠢ ᠳ᠋ᠦᠩ ᠱᠧᠩ᠎ᠲᠠᠢ ᠠᠭᠤᠯᠵᠠᠪᠠ
2026-04-11 11:25:44
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠎ᠶᠢᠨ ᠱᠦᠵᠢ᠂ ᠠᠷᠠᠳ ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ TCL ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠡᠭᠦᠰᠬᠡᠨ ᠪᠠᠢᠭᠤᠯᠤᠭ᠍ᠴᠢ᠂ ᠬᠡᠷᠡᠭ ᠮᠡᠳᠡᠭᠴᠢᠳ᠎ᠦᠨ ᠳᠠᠷᠤᠭ᠎ᠠ ᠯᠢ ᠳ᠋ᠦᠩ ᠱᠧᠩ ᠨᠠᠷ᠎ᠲᠠᠢ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢ ᠳ᠋ᠦᠩ ᠱᠧᠩ ᠨᠠᠷ ᠎ᠦᠨ ᠬᠠᠮᠲᠤᠷᠠᠯᠴᠠᠭᠠᠨ᠎ᠤ ᠵᠥᠪᠳᠡᠯᠴᠡᠭᠡᠷ ᠬᠢᠬᠦ᠎ᠪᠡᠷ ᠢᠷᠡᠭᠰᠡᠨ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ TCL ᠪᠦᠯᠦᠭᠯᠡᠯ᠎ᠦᠨ ᠥᠪᠥᠷ ᠮᠣᠩᠭᠣᠯ᠎ᠤᠨ ᠬᠥᠭᠵᠢᠯᠲᠡ ᠎ᠳᠦ ᠦᠵᠡᠭᠦᠯᠦᠭᠰᠡᠨ ᠬᠤᠪᠢ ᠨᠡᠮᠡᠷᠢ᠎ᠳᠦ ᠲᠠᠯᠠᠷᠬᠠᠵᠤ ᠪᠠᠢᠬᠤ᠎ᠪᠠᠨ ᠢᠯᠡᠳᠬᠡᠪᠡ᠃ ᠲᠡᠷᠡ᠂ ᠣᠳᠣᠬᠠᠨ᠎ᠳᠤ ᠪᠢᠳᠡ ᠶᠠᠭ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠡᠬᠢ ᠪᠠᠶᠠᠯᠢᠭ᠋ ᠡᠯᠪᠡᠭ᠂ ᠣᠷᠣᠨ ᠪᠠᠢᠷᠢ ᠥᠪᠡᠷᠮᠢᠴᠡ᠂ ᠪᠤᠬᠢᠷᠳᠤᠯ ᠦᠭᠡᠢ ᠴᠠᠬᠢᠯᠭᠠᠨ ᠬᠦᠢᠴᠡᠳ᠂ ᠪᠣᠳᠣᠯᠳᠠ ᠵᠢᠨ ᠬᠦᠴᠦᠨ ᠪᠠ ᠴᠠᠬᠢᠯᠭᠠᠨ ᠬᠦᠴᠦᠨ ᠬᠠᠮᠵᠢᠯᠴᠠᠭᠰᠠᠨ ᠵᠡᠷᠭᠡ ᠳᠠᠪᠠᠭᠤᠯᠢᠭ᠋ ᠎ᠲᠤ  ᠪᠠᠨ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠵᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠶᠡᠬᠡ ᠪᠡᠷ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠢ ᠢᠳᠡᠪᠬᠢᠲᠡᠢ ᠪᠣᠢᠵᠢᠭᠤᠯᠵᠤ᠂ ᠥᠪᠥᠷ ᠮᠣᠩᠭᠣᠯ᠎ᠤᠨ ᠣᠨᠴᠠᠯᠢᠭᠲᠦ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠲᠦᠷᠭᠡᠳᠬᠡᠨ ᠪᠠᠢᠭᠤᠯᠵᠤ ᠪᠠᠢᠨ᠎ᠠ᠂ ᠡᠨᠡ ᠨᠢ ᠡᠯ᠎ᠡ ᠲᠦᠷᠦᠯ᠎ᠦᠨ ᠠᠵᠤ ᠠᠬᠤᠢᠯᠠᠯ᠎ᠤᠨ ᠪᠡᠯᠡ ᠣᠷᠣᠭᠤᠯᠵᠤ ᠦᠢᠯᠡᠰ ᠪᠣᠰᠬᠠᠬᠤ᠎ᠳᠤ ᠥᠷᠭᠡᠨ ᠠᠭᠤᠳᠠᠮ ᠣᠷᠣᠨ ᠵᠠᠢ ᠬᠠᠩᠭᠠᠪᠠ᠃ TCL ᠵᠦᠩ ᠬᠤᠸᠠᠨ ᠺᠤᠮᠫᠠᠨᠢ ᠵᠢᠨ ᠬᠢᠨ ᠬᠡᠷᠡᠯᠴᠢ ᠴᠡᠨᠡᠭ᠂ ᠬᠠᠭᠠᠰ ᠳᠠᠮᠵᠢᠭᠤᠯᠤᠭ᠍ᠴᠢ᠎ᠶᠢᠨ ᠠᠵᠤ ᠦᠢᠯᠡᠰ ᠵᠡᠷᠭᠡ ᠬᠦᠷᠢᠶᠡᠨ᠎ᠳᠦ ᠥᠪᠥᠷ ᠮᠣᠩᠭᠣᠯ ᠎ᠤᠨ ᠬᠥᠬᠡᠬᠣᠲᠠ᠎ᠲᠠᠢ ᠮᠠᠰᠢ ᠰᠠᠢᠨ ᠬᠠᠮᠲᠤᠷᠠᠯᠴᠠᠭᠠᠨ᠎ᠤ ᠰᠠᠭᠤᠷᠢ᠎ᠲᠠᠢ ᠶᠤᠮ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠨᠢᠭᠡᠨᠲᠡ ᠵᠢᠩᠬᠢᠨᠢ᠎ᠪᠡᠷ ᠵᠥᠪᠰᠢᠶᠡᠷᠡᠭᠳᠡᠪᠡ᠂ TCL ᠪᠦᠯᠦᠭᠯᠡᠯ᠎ᠦᠨ ᠬᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ ᠎ᠶᠢᠨ ᠪᠠᠢᠷᠢᠰᠢᠭᠤᠯᠤᠯᠲᠠ ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠤᠳᠤᠯᠤᠨ ᠨᠡᠭᠡᠭᠡᠯᠲᠡ᠎ᠶᠢ ᠴᠢᠩᠭᠠᠳᠬᠠᠵᠤ᠂ ᠦᠷ᠎ᠡ ᠪᠦᠲᠦᠭᠡᠯ᠎ᠦᠨ ᠤᠳᠤᠤᠰᠢᠭᠤᠯᠤᠯᠳᠠ᠎ᠶᠢ ᠠᠬᠢᠭᠤᠯᠵᠤ᠂ TCL ᠵᠦᠩ ᠬᠤᠸᠠᠨ᠎ᠤ ᠠᠵᠤ ᠦᠢᠯᠡᠰ᠎ᠦᠨ ᠬᠦᠷᠢᠶᠡᠯᠡᠩ᠎ᠢᠶᠡᠷ ᠲᠦᠰᠢᠭ ᠪᠣᠯᠭᠠᠨ ᠬᠡᠷᠡᠯᠴᠢ ᠴᠡᠨᠡᠭ᠎ᠦᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠵᠤ᠂ 《ᠠᠷᠠᠯᠵᠢᠶᠠᠴᠢᠨ᠎ᠢᠶᠠᠷ ᠠᠷᠠᠯᠵᠢᠶᠠᠴᠢᠨ ᠤᠷᠢᠵᠤ》᠂ ᠨᠠᠩ ᠣᠯᠠᠨ ᠴᠢᠨᠠᠷ ᠰᠠᠢᠲᠠᠢ ᠲᠥᠷᠥᠯ ᠵᠦᠢᠯ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠬᠤ᠎ᠶᠢ ᠳᠠᠢᠴᠢᠯᠠᠬᠤ᠎ᠶᠢ ᠬᠦᠰᠡᠵᠦ ᠪᠠᠢᠨ᠎ᠠ᠃ ᠡᠨᠡ ᠵᠢᠯ ᠪᠣᠯ ᠥᠪᠥᠷ ᠮᠣᠩᠭᠣᠯ᠎ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠣᠨ ᠮᠥᠨ᠂ ᠪᠢᠳᠡ ᠵᠠᠬ᠎ᠠ ᠳᠡᠯᠭᠡᠭᠦᠷᠴᠢᠯᠡᠭᠰᠡᠨ ᠬᠠᠤᠯᠢ ᠪᠡᠷ ᠵᠠᠰᠠᠭᠰᠠᠨ ᠳᠡᠯᠡᠬᠡᠢᠵᠢᠭᠰᠡᠨ ᠲᠡᠷᠢᠭᠦᠨ᠎ᠦ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠥᠬᠥ ᠬᠦᠴᠦᠨ᠎ᠢᠶᠡᠷ᠎ᠢᠶᠡᠨ ᠪᠣᠶ ᠪᠣᠯᠭᠠᠵᠤ᠂ ᠠᠵᠤ ᠠᠬᠤᠢᠯᠠᠯ᠎ᠤᠨ ᠬᠥᠭᠵᠢᠯᠲᠡ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ ᠭᠡᠪᠡ᠃

ᠯᠢ ᠳ᠋ᠦᠩ ᠱᠧᠩ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ TCL ᠪᠦᠯᠦᠭᠯᠡᠯ᠎ᠳᠦ ᠦᠵᠡᠭᠦᠯᠦᠭᠰᠡᠨ ᠬᠦᠴᠦᠲᠡᠢ ᠳᠡᠮᠵᠢᠯᠭᠡ ᠎ᠳᠦ ᠲᠠᠯᠠᠷᠬᠠᠬᠤ᠎ᠶᠢᠨ ᠬᠠᠮᠲᠤ ᠠᠵᠤ ᠠᠬᠤᠢᠯᠠᠯ᠎ᠤᠨ ᠬᠥᠭᠵᠢᠯᠲᠡ᠎ᠶᠢᠨ ᠣᠢᠷ᠎ᠠ ᠎ᠶᠢᠨ ᠪᠠᠢᠳᠠᠯ ᠪᠣᠯᠣᠨ ᠥᠪᠥᠷ ᠮᠣᠩᠭᠣᠯ᠎ᠳᠠᠬᠢ ᠠᠵᠤ ᠦᠢᠯᠡᠰ᠎ᠦᠨ ᠲᠥᠯᠦᠪᠵᠢᠭᠦᠯᠭᠡ᠎ᠶᠢ ᠲᠣᠪᠴᠢ ᠲᠠᠨᠢᠯᠴᠠᠭᠤᠯᠪᠠ᠃ ᠲᠡᠷᠡ᠂ TCL ᠪᠦᠯᠦᠭᠯᠡᠯ ᠥᠪᠥᠷ ᠮᠣᠩᠭᠣᠯ᠎ᠤᠨ ᠬᠥᠭᠵᠢᠯᠲᠡ᠎ᠶᠢᠨ ᠳᠠᠪᠠᠭᠤᠯᠢᠭ᠋ ᠪᠠ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ᠎ᠢ ᠳᠡᠭᠡᠳᠦ ᠬᠡᠮᠵᠢᠶ᠎ᠡ᠎ᠪᠡᠷ ᠮᠡᠳᠡᠷᠡᠵᠦ᠂ ᠥᠪᠥᠷ ᠮᠣᠩᠭᠣᠯ ᠯᠤᠭ᠎ᠠ᠎ᠶᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠬᠡᠷᠡᠯᠴᠢ ᠴᠡᠨᠡᠭ᠎ᠦᠨ ᠠᠵᠤ ᠦᠢᠯᠡᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠣᠶᠤᠨᠲᠤ ᠦᠵᠦᠭᠦᠷᠯᠢᠭ ᠵᠡᠷᠭᠡ ᠲᠠᠯ᠎ᠠ᠎ᠪᠠᠷ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠵᠠᠩᠭᠢᠯᠠᠭ᠎ᠠ᠎ᠶᠢᠨ ᠮᠡᠷᠭᠡᠵᠢᠯ᠎ᠦᠨ ᠦᠷ᠎ᠡ ᠪᠦᠲᠦᠭᠡᠯ ᠎ᠦᠨ ᠤᠨᠳᠤᠤᠰᠢᠭᠤᠯᠤᠯᠳᠠ᠎ᠶᠢ ᠲᠦᠷᠭᠡᠳᠬᠡᠵᠤ᠂ ᠥᠪᠥᠷ ᠮᠣᠩᠭᠣᠯ ᠎ᠤᠨ ᠦᠢᠯᠡᠳᠬᠦ ᠦᠢᠯᠡᠰ ᠎ᠦᠨ ᠣᠶᠤᠨᠴᠢᠯᠠᠨ ᠲᠠᠰ ᠳᠡᠪᠰᠢᠬᠦ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠠᠭᠤᠰᠤᠯᠴᠠᠨ ᠬᠥᠭᠵᠢᠬᠦ ᠎ᠶᠢ ᠠᠬᠢᠭᠤᠯᠬᠤ ᠎ᠳᠤ ᠭᠦᠨᠵᠡᠭᠡᠢ ᠣᠷᠣᠯᠴᠠᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠎ᠢ ᠴᠤᠭᠴᠠᠯᠠᠵᠤ᠂ ᠬᠠᠷᠢᠯᠴᠠᠨ ᠠᠰᠢᠭᠳᠠᠢ ᠬᠠᠮᠲᠤ᠎ᠪᠠᠷ ᠠᠰᠢᠭ᠋ ᠭᠥᠷᠳᠡᠬᠦ᠂ ᠬᠠᠮᠲᠤ᠎ᠪᠠᠷ ᠬᠥᠭᠵᠢᠬᠦ᠎ᠶᠢ ᠪᠡᠶᠡᠯᠡᠭᠦᠯᠦᠨ᠎ᠡ ᠭᠡᠵᠤ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号