ᠥᠭᠡᠷᠡᠴᠢᠯᠡᠯᠲᠡ᠎ᠶ᠋ᠢᠨ ᠨᠠᠩ ᠶᠡᠬᠡ ᠡᠵᠡᠨ ᠮᠡᠳᠡᠬᠦ᠌ ᠡᠷᠬᠡ ᠣᠯᠭᠤᠵᠤ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠬᠤ ᠵᠢ ᠵᠤᠷᠢᠭᠵᠢᠭᠤᠯᠪᠠ
2026-04-11 10:53:20
ᠵᠣᠬᠢᠶᠠᠭ᠍ᠴᠢ᠄
ᠭᠤᠤ ᠬᠣᠶ ᠾᠧᠦ ᠷᠦᠢ
ᠣᠩᠱᠢᠭ᠍ᠰᠠᠨ ᠣᠳᠠᠭ᠎ᠠ᠄
★★★☆☆

ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ ᠲᠥᠷᠥ ᠎ᠶ᠋ᠢᠨ  ᠪᠣᠳᠣᠯᠭ᠎ᠠ᠎ᠶ᠋ᠢᠨ ᠪᠠᠢᠳᠠᠯ᠎ᠢ ᠮᠡᠳᠡᠭᠳᠡᠬᠦ ᠵᠤᠷᠱᠢᠯᠲᠤ ᠬᠤᠷᠠᠯ ᠬᠢᠵᠦ᠍ ᠥᠪᠥᠷ ᠮᠣᠩᠭᠣᠯ ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠣᠯᠪᠣᠭ᠍ᠳᠠᠯ ᠪᠥᠬᠥᠶ ᠪᠠᠢᠳᠠᠯ ᠢ᠋ ᠲᠠᠨᠢᠯᠴᠠᠭᠤᠯᠪᠠ


4 ᠰᠠᠷ᠎ᠠ᠎ᠶ᠋ᠢᠨ 10 ᠎ᠤ᠋ ᠦᠳᠡ᠎ᠶ᠋ᠢᠨ ᠬᠣᠢᠨᠠᠬᠢ 3 ᠴᠠᠭ᠎ᠲᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ ᠎ᠦ ᠠᠯᠪᠠᠨ ᠬᠡᠷ ᠲᠥᠷᠥ᠎ᠶ᠋ᠢᠨ ᠪᠣᠳᠣᠯᠭ᠎ᠠ᠎ᠶ᠋ᠢᠨ   ᠪᠠᠢᠳᠠᠯ᠎ᠢ ᠮᠡᠳᠡᠭᠳᠡᠬᠦ ᠵᠤᠷᠱᠢᠯᠲᠤ ᠬᠤᠷᠠᠯ ᠬᠢᠵᠦ᠍᠂ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠲᠥᠰᠦᠯ》 (ᠳᠣᠷᠣᠭ᠍ᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ) ᠎ᠤ᠋ᠨ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠦᠲᠦᠭᠡᠨ ᠪᠠᠢᠭᠤᠯᠬᠤ᠎ᠪᠠᠷ ᠲᠣᠭ᠍ᠲᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠪᠠᠢᠷᠢᠱᠢᠭᠤᠯᠤᠯᠲᠠ᠎ᠶ᠋ᠢ ᠴᠢᠨᠠᠭᠰᠢᠳᠠ ᠲᠡᠭᠦᠯᠳᠡᠷᠵᠢᠭᠦᠯᠪᠡ᠂ ᠡᠨᠡ ᠪᠣᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠰ ᠳᠡᠪᠰᠢᠭᠦᠯᠬᠦ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ ᠪᠠᠢᠭ᠎ᠠ ᠴᠢᠬᠤᠯᠠ ᠪᠠᠢᠷᠢᠯᠠᠭᠤᠯᠤᠯᠲᠠ ᠪᠣᠯᠤᠨ᠎ᠠ᠂ ᠮᠥᠨ ᠴᠦ᠍ ᠱᠢᠨ᠎ᠡ ᠴᠠᠭ ᠦᠶ᠎ᠡ᠎ᠶ᠋ᠢᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ ᠪᠠᠢᠭ᠎ᠠ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠳᠠᠯᠳᠤᠭᠠᠨ ᠎ᠤ ᠶᠠᠪᠤᠳᠠᠯ᠎ᠤᠨ ᠶᠠᠮᠤᠨ᠎ᠤ ᠥᠭᠦᠯᠡᠭ᠌ᠴᠢ ᠲᠠᠨᠢᠯᠴᠠᠭᠤᠯᠬᠤ ᠳ᠋ᠠᠭᠠᠨ᠂ 《ᠶᠡᠷᠦᠩᠬᠡᠶ ᠲᠥᠰᠦᠯ》 ᠤ᠋ᠨ ᠣᠨᠴᠠᠯᠢᠭ᠎ᠢ ᠭᠤᠷᠪᠠᠨ 《ᠱᠢᠨ᠎ᠡ》 ᠪᠡᠷ  ᠬᠤᠷᠢᠶᠠᠩᠭᠤᠢᠯᠠᠪᠠ᠄

ᠨᠢᠭᠡᠳᠦᠭᠡᠷ 《ᠱᠢᠨ᠎ᠡ》 ᠨᠢ ᠡᠨ᠋ᠸᠷᠬᠢ ᠤᠯᠭᠤᠵᠤ ᠳᠡᠰ ᠳᠡᠪᠰᠢᠭᠦᠯᠬᠦ ᠪᠡᠷ ᠬᠦᠴᠦᠯᠡᠵᠦ᠂ ᠳᠣᠲᠣᠭᠠᠳᠤ ᠭᠠᠳᠠᠭᠠᠳᠤ᠎ᠶ᠋ᠢ ᠬᠤᠯᠪᠤᠯᠳᠤᠭᠤᠯᠤᠨ ᠨᠡᠪᠲᠡᠷᠡᠯᠴᠡᠭᠦᠯᠬᠦ ᠱᠢᠨ᠎ᠡ ᠵᠢᠱ᠌ᠢᠶ᠎ᠡ ᠦᠵᠡᠭᠦᠯᠬᠦ᠌᠎ᠶ᠋ᠢ ᠰᠦᠪᠡᠭ᠌ᠴᠢᠯᠡᠨ᠎ᠠ᠃ 《ᠶᠡᠷᠦᠩᠬᠡᠶ ᠲᠥᠰᠦᠯ》 ᠨᠢ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠤ ᠣᠷᠣᠨ ᠪᠠᠢᠷᠢ ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠬᠤ ᠵᠢ ᠳᠡᠮᠵᠢᠵᠦ᠂ ᠤᠯᠤᠰ ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠦᠨ ᠡᠬᠢ ᠪᠠᠶᠠᠯᠢᠭ ᠎ᠢ ᠰᠠᠢᠲᠤᠷ ᠠᠱᠢᠭ᠍ᠯᠠᠵᠤ᠂ ᠴᠢᠬᠤᠯᠠ ᠠᠷᠠᠯᠵᠢᠶᠠᠨ᠎ᠤ ᠵᠠᠩᠭᠢᠯᠠᠭ᠎ᠠ᠎ᠶ᠋ᠢᠨ ᠴᠡᠭ᠎ᠢ ᠴᠣᠭ᠍ᠴᠠᠯᠠᠬᠤ᠂ ᠬᠣᠣᠰ ᠴᠢᠭ᠌ᠯᠡᠯ᠎ᠦᠨ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ ᠎ᠤ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠂ ᠤᠮᠠᠷᠠᠰᠢ ᠨᠡᠭᠡᠭᠡᠯᠲᠡ ᠬᠢᠬᠦ᠌ ᠣᠯᠠᠨ ᠤᠯᠤᠰ ᠎ᠤᠨ ᠶᠡᠬᠡ ᠨᠡᠪᠲᠡᠷᠡᠯ ᠵᠠᠮ᠎ᠢ ᠱᠢᠯᠤᠭᠤᠳᠬᠠᠬᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠎ᠢ ᠪᠠᠢᠭᠤᠯᠬᠤ᠂ ᠲᠡᠷᠢᠭᠦᠨ ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌ ᠠᠮᠢ ᠠᠬᠤᠶ᠎ᠶ᠋ᠢ ᠪᠤᠢ ᠪᠣᠯᠭᠠᠬᠤ᠂ ᠳᠣᠲᠣᠭᠠᠳᠤ ᠭᠠᠳᠠᠭᠠᠳᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠡᠯᠧᠮᠧᠨ᠋ᠲ᠎ᠦᠨ ᠠᠭᠤᠰᠤᠯᠴᠠᠨ ᠨᠡᠪᠲᠡᠷᠡᠯᠴᠡᠬᠦ᠌᠎ᠶ᠋ᠢ ᠠᠬᠢᠭᠤᠯᠬᠤ ᠵᠡᠷᠭᠡ 7 ᠲᠠᠯ᠎ᠠ ᠎ᠳᠤ ᠠᠩᠬᠠᠷᠤᠯ᠎ᠢᠶᠡᠨ ᠲᠦᠪᠯᠡᠷᠡᠭᠦᠯᠵᠤ᠂ ᠪᠠᠷᠠᠭ᠎ᠠ᠎ᠶ᠋ᠢᠨ ᠠᠷᠠᠯᠵᠢᠶᠠᠨ᠎ᠤ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠳᠡᠰ ᠳᠡᠪᠱᠢᠬᠦ᠌᠎ᠶ᠋ᠢ ᠠᠬᠢᠭᠤᠯᠵᠤ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠷᠠᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠤᠯᠠᠨ ᠬᠦᠷᠢᠶᠡᠨ᠎ᠦ ᠭᠠᠳᠠᠭᠠᠳᠤ ᠰᠣᠯᠢᠯᠴᠠᠭ᠎ᠠ᠎ᠶ᠋ᠢ ᠥᠷᠭᠡᠳᠭᠡᠬᠦ᠌ ᠵᠡᠷᠭᠡ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ 19 ᠵᠦᠢᠯ᠎ᠦᠨ ᠠᠷᠭ᠎ᠠ ᠬᠡᠮᠵᠢᠶ᠎ᠡ ᠵᠢ ᠲᠤᠷᠠᠳᠴᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠢ ᠳᠣᠲᠣᠭᠠᠳᠤ ᠭᠠᠳᠠᠭᠠᠳᠤ᠎ᠶ᠋ᠢ ᠬᠣᠯᠪᠤᠯᠳᠤᠭᠤᠯᠤᠨ ᠨᠡᠪᠲᠡᠷᠡᠯᠴᠡᠭᠦᠯᠦᠭᠰᠡᠨ᠂ ᠡᠷᠭᠢᠨ ᠲᠣᠭᠣᠷᠢᠨ ᠎ᠤ ᠭᠠᠵᠠᠷ ᠤᠷᠤᠨ᠎ᠢ ᠨᠦᠯᠦᠭᠡᠯᠡᠭᠰᠡᠨ ᠮᠡᠳᠡᠭᠡ ᠵᠠᠩᠭᠢ᠎ᠶ᠋ᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠡᠳ᠋ ᠪᠠᠷᠠᠭᠠᠨ᠎ᠤ ᠭᠦᠶ᠋ᠯᠭᠡᠭᠡᠨ᠎ᠦ ᠲᠥᠪ᠂ ᠡᠯᠧᠮᠧᠨ᠋ᠲ᠎ᠦᠨ ᠡᠬᠢ ᠪᠠᠶᠠᠯᠢᠭ᠎ᠢ ᠲᠣᠬᠢᠷᠠᠭᠤᠯᠬᠤ ᠲᠥᠪ᠂ ᠭᠤᠤᠯᠳᠠᠯᠭ᠎ᠠ᠎ᠲᠠᠶ ᠬᠦᠷᠢᠶᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠠᠵᠤ ᠦᠶ᠋ᠯᠡᠰ᠎ᠦᠨ ᠬᠠᠮᠲᠤᠷᠠᠯᠴᠠᠭᠠᠨ᠎ᠤ ᠲᠥᠪ ᠪᠤᠯᠭᠠᠨ ᠴᠤᠭᠴᠠᠯᠠᠨ᠎ᠠ᠂ ᠡᠨᠡ ᠪᠣᠯ ᠳᠠᠷᠤᠶ 《ᠲᠠᠪᠤᠨ ᠲᠥᠪ》 ᠪᠠᠢᠵᠦ᠂ ᠲᠤᠬᠠᠶ᠎ᠶ᠋ᠢᠨ ᠭᠠᠵᠠᠷ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠰᠠᠢᠲᠤᠷ ᠠᠬᠢᠭᠤᠯᠬᠤ ᠪᠤᠯᠤᠨ᠎ᠠ᠃

ᠬᠣᠶᠠᠳᠤᠭᠠᠷ 《ᠱᠢᠨ᠎ᠡ》 ᠨᠢ ᠥᠨᠳᠥᠷ ᠲᠦᠪᠱᠢᠨ ᠪᠦᠬᠦᠢ ᠨᠡᠬᠡᠬᠡᠯᠳᠡ᠎ᠶ᠋ᠢ ᠥᠷᠭᠡᠳᠭᠡᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭᠠᠨ᠎ᠤ ᠱᠢᠨ᠎ᠡ ᠬᠡᠪ ᠵᠠᠭ᠍ᠪᠤᠷ᠎ᠢ ᠪᠤᠢ ᠪᠣᠯᠭᠠᠨ᠎ᠠ᠃ 《ᠶᠡᠷᠦᠩᠬᠡᠶ ᠲᠥᠰᠦᠯ》 ᠳ᠋ᠤ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠦᠶ᠋ᠯᠡᠳᠦᠯ᠎ᠢᠶᠡᠨ ᠪᠠᠳᠠᠷᠠᠭᠤᠯᠬᠤ ᠵᠢ ᠳᠡᠮᠵᠢᠵᠦ᠂ ᠬᠢᠯᠢ ᠳᠠᠭᠠᠤ ᠭᠠᠵᠠᠷ ᠣᠷᠣᠨ᠎ᠤ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠬᠦᠴᠦᠯᠡᠨ ᠠᠷᠢᠯᠭᠠᠵᠤ᠂ ᠳᠣᠲᠣᠭᠠᠳᠤ ᠭᠠᠳᠠᠭᠠᠳᠤ᠎ᠶ᠋ᠢ ᠨᠥᠯᠥᠭᠡᠯᠡᠨ ᠳᠠᠢᠴᠢᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠡᠷᠬᠢᠨ ᠲᠣᠭᠣᠷᠢᠨ᠎ᠤ ᠤᠯᠤᠰ᠎ᠤᠳ᠎ᠯᠤᠭ᠎ᠠ᠎ᠶ᠋ᠢᠨ ᠠᠵᠤ ᠠᠬᠤᠶ ᠠᠷᠠᠯᠵᠢᠶ᠎ᠠ᠂ ᠬᠥᠳᠡᠭᠡ ᠠᠵᠤ ᠠᠬᠤᠶ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠡᠬᠢ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠳᠤᠮᠳᠠ ᠨᠠᠩ ᠥᠨᠳᠥᠷ ᠲᠦᠪᠱᠢᠨ ᠪᠥᠬᠥᠶ ᠨᠡᠭᠡᠭᠡᠯᠲᠡ ᠪᠠ ᠨᠠᠩ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠨᠠᠩ ᠰᠠᠢᠲᠤᠷ ᠦᠶ᠋ᠯᠡᠴᠢᠯᠡᠨ᠎ᠡ᠃

ᠭᠤᠷᠪᠠᠳᠤᠭᠠᠷ 《ᠰᠢᠨ᠎ᠡ》 ᠨᠢ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠵᠦ᠂ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠪᠤᠶ ᠪᠣᠯᠭᠠᠨ᠎ᠠ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠂ ᠮᠠᠯ᠎ᠤᠨ ᠠᠰᠢᠭ᠋ ᠰᠢᠮ᠎ᠡ ᠲᠠᠷᠢᠶᠠᠯᠠᠩ ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠣᠨ᠎ᠠ᠃ 《ᠶᠡᠷᠦᠩᠬᠡᠢ ᠲᠥᠰᠥᠯ》 ᠳ᠋ᠦ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠎ᠤ ᠡᠬᠢ ᠪᠠᠶᠠᠯᠢᠭ᠋᠎ᠤᠨ ᠳᠠᠪᠠᠭᠤᠯᠢᠭ᠋ ᠪᠠ ᠣᠷᠣᠨ ᠪᠠᠢᠷᠢ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠠᠮᠢ ᠠᠬᠤᠢ᠎ᠶᠢᠨ ᠮᠠᠯ ᠠᠵᠤ ᠠᠬᠤᠢ ᠲᠠᠷᠢᠶᠠᠯᠠᠩ᠂ ᠪᠣᠬᠢᠷᠲᠤᠯ ᠦᠭᠡᠢ ᠡᠨᠧᠷᠭᠢ᠂ ᠠᠮᠢᠳᠤ ᠪᠣᠳᠠᠰ᠎ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ ᠵᠡᠷᠭᠡ ᠣᠨᠴᠠᠯᠢᠭ᠍ᠲᠤ ᠠᠵᠤ ᠦᠢᠯᠡᠰ᠎ᠢ ᠰᠢᠨ᠎ᠡ᠎ᠵᠢ ᠡᠭᠦᠳᠦᠨ ᠬᠥᠭᠵᠢᠭᠦᠯᠵᠦ᠂ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠋᠎ᠤᠨ ᠨᠥᠭᠡᠴᠡᠯᠡᠯᠳᠡ ᠵᠢᠨ ᠰᠠᠭᠤᠷᠢᠨ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠪᠠᠲᠤᠯᠠᠭ᠎ᠠ᠎ᠶᠢᠨ ᠬᠦᠢᠰᠦ ᠵᠡᠷᠭᠡ᠎ᠶᠢ ᠪᠦᠲᠦᠭᠡᠨ ᠪᠠᠢᠭᠤᠯᠵᠤ᠂ ᠳᠦᠷᠢᠮ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠬᠥᠭᠵᠢᠯᠲᠡ᠎ᠳᠦ ᠡᠨ᠋ᠸᠷᠬᠢ ᠤᠯᠭᠤᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ ᠎ᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠷᠠᠭᠤᠯᠵᠤ᠂ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠋᠎ᠲᠠᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠬᠤ ᠵᠢ ᠳᠡᠮᠵᠢᠨ᠎ᠠ᠃

 ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠥᠭᠦᠯᠡᠭᠴᠢ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠠᠢᠭᠤᠯᠤᠭᠰᠠᠨ ᠨᠢ ᠥᠪᠥᠷ ᠮᠣᠩᠭᠣᠯ᠎ᠤᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠥᠪᠥᠷ ᠮᠣᠩᠭᠣᠯ᠎ᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠵᠤ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ ᠪᠠ ᠥᠭᠡᠷᠡᠴᠢᠯᠡᠯᠲᠡ ᠨᠡᠭᠡᠭᠡᠯᠲᠡ᠎ᠶᠢᠨ ᠪᠥᠬᠥ ᠲᠠᠯ᠎ᠠ᠎ᠳᠤ ᠨᠠᠩ ᠰᠠᠢᠨ ᠦᠢᠯᠡᠴᠢᠯᠡᠬᠦ ᠵᠢ ᠠᠬᠢᠭᠤᠯᠬᠤ ᠨᠢ ᠯᠠᠪᠲᠠᠢ ᠶᠤᠮ᠃ ᠥᠪᠥᠷ ᠮᠣᠩᠭᠣᠯ 《ᠶᠡᠷᠦᠩᠬᠡᠢ ᠲᠥᠰᠥᠯ》 ᠢ᠋ ᠪᠦᠬᠦ ᠬᠦᠴᠦᠨ᠎ᠢᠶᠡᠷ᠎ᠢᠶᠡᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠣᠲᠣᠭᠠᠳᠤ ᠭᠠᠳᠠᠭᠠᠳᠤ᠎ᠶᠢ ᠬᠣᠯᠪᠣᠭᠰᠠᠨ᠂ ᠡᠷᠭᠢᠨ ᠲᠣᠭᠣᠷᠢᠨ᠎ᠢᠶᠠᠨ ᠨᠥᠯᠥᠭᠡᠯᠡᠭᠰᠡᠨ ᠮᠡᠳᠡᠭᠡ ᠵᠠᠩᠭᠢ᠎ᠶᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠪᠠᠷᠠᠭᠠᠨ ᠎ᠤ ᠭᠦᠢᠯᠭᠡᠭᠡᠨ᠎ᠦ ᠲᠥᠪ᠂ ᠬᠦᠴᠦᠨ ᠵᠦᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠲᠥᠪ᠂ ᠭᠣᠣᠯᠳᠠᠯᠭ᠎ᠠ᠎ᠲᠠᠢ ᠬᠦᠷᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ᠎ᠢ ᠬᠦᠴᠦᠯᠡᠨ ᠪᠠᠢᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠢ᠎ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠥᠨᠳᠥᠷᠯᠢᠭ ᠪᠠ ᠪᠦᠬᠦ ᠤᠯᠤᠰ᠎ᠤᠨ ᠴᠢᠨᠠᠷ ᠰᠠᠢᠲᠠᠢ ᠬᠥᠭᠵᠢᠯᠲᠡ ᠎ᠶᠢᠨ ᠦᠢᠯᠡᠴᠢᠯᠡᠭᠡ ᠪᠠᠲᠤᠯᠠᠭ᠎ᠠ᠎ᠶᠢᠨ ᠵᠢᠱ᠌ᠢᠶ᠎ᠡ ᠦᠵᠡᠭᠦᠯᠬᠦ ᠣᠷᠣᠨ ᠪᠦᠰᠡ᠎ᠶᠢ ᠪᠠᠢᠭᠤᠯᠵᠤ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠂ ᠬᠦᠷᠰᠢ ᠵᠡᠷᠭᠡᠯᠡᠳᠡᠭᠡ ᠯᠤᠭᠡ ᠡᠪᠯᠡᠵᠦ ᠲᠦᠰᠦᠪᠯᠡᠬᠦ᠂ ᠪᠦᠬᠦ ᠤᠯᠤᠰ᠎ᠲᠤ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠬᠤ ᠴᠡᠭ᠎ᠢ ᠪᠠᠢᠭᠤᠯᠵᠤ᠂ ᠪᠡᠯᠡ ᠣᠷᠣᠭᠤᠯᠤᠯᠲᠠ ᠠᠷᠠᠯᠵᠢᠶ᠎ᠠ ᠳᠥᠲᠡ᠂ ᠰᠢᠨ᠎ᠡ᠎ᠶᠢ ᠡᠭᠦᠳᠬᠦ ᠠᠮᠢ ᠠᠬᠤᠢ ᠰᠠᠢᠨ᠂ ᠳᠠᠪᠠᠭᠤᠯᠢᠭ᠋ ᠠᠵᠤ ᠦᠢᠯᠡᠰ ᠲᠥᠪᠯᠡᠷᠡᠭᠰᠡᠨ᠂ ᠤᠯᠠᠨ ᠤᠯᠤᠰ ᠎ᠤᠨ ᠶᠠᠪᠤᠯᠴᠠᠭ᠎ᠠ ᠬᠥᠭᠵᠢᠶᠡᠨᠲᠡᠢ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠎ᠤ ᠬᠦᠷᠢᠶᠡᠯᠡᠩ ᠲᠣᠭᠣᠷᠢᠭ᠋᠎ᠢ ᠴᠢᠷᠮᠠᠢᠨ ᠪᠠᠢᠭᠤᠯᠤᠨ᠎ᠠ᠃ ᠪᠣᠳᠠᠲᠠᠢ᠎ᠪᠠᠷ ᠬᠡᠯᠡᠪᠡᠯ ᠭᠤᠷᠪᠠᠨ ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠢ ᠰᠠᠢᠲᠤᠷ ᠠᠳᠬᠤᠨ᠎ᠠ᠄

ᠡᠩ ᠲᠡᠷᠢᠭᠦᠨ᠎ᠳᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠭᠤᠤᠯ ᠠᠴᠢᠶᠠᠯᠠᠭ᠍ᠴᠢ᠎ᠶ᠋ᠢ ᠬᠦᠴᠦᠯᠡᠨ ᠪᠠᠢᠭᠤᠯᠤᠨ᠎ᠠ᠃ ᠥᠪᠥᠷ ᠮᠣᠩᠭᠣᠯ ᠪᠣᠯ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》 ᠮᠥᠨ᠂ 20 ᠭᠠᠳᠠᠭᠠᠳᠤ ᠨᠡᠭᠡᠭᠡᠯᠲᠡ᠎ᠶ᠋ᠢᠨ ᠬᠢᠯᠢ᠎ᠵᠢᠨ ᠪᠣᠭᠣᠮᠲᠠ᠎ᠲᠠᠶ ᠪᠠᠢᠵᠤ᠂ ᠪᠥᠬᠥ᠌ ᠤᠯᠤᠰ᠎ᠤᠨ ᠴᠣᠷ᠎ᠤᠨ ᠭᠠᠭ᠍ᠴᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠵᠡᠭᠦᠨᠰᠢ ᠨᠡᠪᠲᠡᠷᠡᠬᠦ᠌ ᠵᠠᠮ ᠪᠠ ᠳᠤᠮᠳᠠ ᠨᠡᠪᠲᠡᠷᠡᠬᠦ᠌ ᠵᠠᠮ᠎ᠦᠩᠭᠡᠷᠡᠵᠦ ᠪᠠᠢᠭ᠎ᠠ ᠮᠤᠵᠢ ᠣᠷᠣᠨ ᠪᠤᠯᠤᠨ᠎ᠠ᠂ ᠮᠠᠨ ᠎ᠤ ᠤᠯᠤᠰ᠎ᠤᠨ ᠦᠶ᠋ᠯᠡᠳᠪᠦᠷᠢᠯᠡᠯ ᠬᠠᠩᠭᠠᠯᠭ᠎ᠠ ᠎ᠶ᠋ᠢᠨ ᠬᠡᠯᠬᠢᠶ᠎ᠡ᠎ᠶ᠋ᠢᠨ ᠣᠯᠠᠨ ᠤᠯᠤᠰ ᠎ᠤᠨ ᠪᠠ ᠤᠯᠤᠰ ᠎ᠤᠨ ᠳᠣᠲᠣᠭᠠᠳᠤ᠎ᠶ᠋ᠢᠨ ᠬᠠᠮᠲᠤᠷᠠᠯᠴᠠᠭ᠎ᠠ᠎ᠶ᠋ᠢ ᠲᠤᠯᠭᠠᠭᠤᠷᠢᠯᠠᠬᠤ 《ᠱᠢᠵᠢᠷ ᠠᠯᠲᠠᠨ ᠨᠡᠪᠲᠡᠷᠡᠯ ᠵᠠᠮ》ᠪᠣᠯᠬᠤ ᠪᠥᠭᠡᠳ ᠪᠠᠰᠠ ᠱᠢᠨ᠎ᠡ ᠴᠠᠭ ᠦᠶ᠎ᠡ᠎ᠶ᠋ᠢᠨ ᠤᠮᠠᠷᠠᠰᠢ ᠨᠡᠭᠡᠭᠡᠯᠲᠡ ᠬᠢᠬᠦ᠌᠎ᠶ᠋ᠢ ᠪᠠᠲᠤᠯᠠᠬᠤ᠎ᠳᠤ ᠦᠶ᠋ᠯᠡᠴᠢᠯᠡᠬᠦ᠌ ᠴᠢᠬᠤᠯᠠ ᠲᠤᠯᠭᠠᠭᠤᠷᠢᠯᠠᠯ ᠪᠣᠯᠤᠨ᠎ᠠ᠃ 《ᠶᠡᠷᠦᠩᠬᠡᠶ ᠲᠥᠰᠦᠯ》 ᠳ᠋ᠤ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠦᠶ᠋ᠯᠡᠴᠢᠯᠡᠭᠡᠨ ᠎ᠦ ᠴᠢᠳᠠᠮᠵᠢ᠎ᠶ᠋ᠢ ᠴᠢᠩᠭᠠᠳᠭᠠᠬᠤ᠂ ᠬᠢᠯᠢ ᠠᠯᠤᠰᠯᠠᠭ᠍ᠰᠠᠨ ᠵᠢᠱᠢᠶᠠᠨ᠎ᠤ ᠭᠠᠯᠲᠤ ᠲᠡᠷᠭᠡ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠂ ᠣᠯᠠᠨ ᠬᠦᠷᠢᠶᠡᠨ᠎ᠳᠡᠬᠢ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠳᠭᠡᠬᠦ᠌ ᠵᠡᠷᠭᠡ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠢᠳᠡᠪᠬᠢᠲᠡᠶ ᠪᠣᠢᠵᠢᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ ᠪᠠ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠵᠦ᠍᠂ ᠪᠥᠬᠥ᠌ ᠤᠯᠤᠰ᠎ᠲᠤ ᠦᠶ᠋ᠯᠡᠴᠢᠯᠡᠬᠦ᠌ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ᠎ᠢ ᠪᠣᠶ ᠪᠣᠯᠭᠠᠨ᠎ᠠ᠃

ᠳᠠᠷᠠᠭ᠎ᠠ ᠳ᠋ᠤᠨᠢ᠂ ᠬᠢᠯᠢ ᠳᠠᠭᠠᠤ ᠳᠣᠲᠣᠭᠠᠳᠤ ᠬᠠᠭᠤᠷᠠᠶ ᠎ᠶ᠋ᠢᠨ ᠣᠨᠴᠠᠯᠢᠭ ᠪᠥᠬᠥᠶ ᠠᠩᠬᠠᠨ᠎ᠤ ᠡᠬᠦᠳᠦᠯᠲᠠ ᠵᠢᠨ ᠴᠢᠨᠠᠷᠲᠠᠶ᠂ ᠬᠤᠷᠠᠮᠠᠯ ᠮᠠᠶᠢᠭ ᠎ᠤᠨ ᠲᠦᠷᠢᠮ ᠎ᠦᠨ ᠱᠢᠨ᠎ᠡ ᠡᠭᠦᠳᠦᠯᠲᠡ᠎ᠶ᠋ᠢ ᠭᠤᠤᠯᠳᠠᠯᠭ᠎ᠠ᠎ᠲᠠᠶ ᠠᠬᠢᠭᠤᠯᠤᠨ᠎ᠠ᠃ ᠥᠪᠥᠷ ᠮᠣᠩᠭᠣᠯ ᠵᠡᠭᠦᠨ ᠬᠣᠢᠲᠤ ᠣᠷᠣᠨ᠂ ᠤᠮᠠᠷᠠᠲᠤ ᠣᠷᠣᠨ ᠪᠣᠯᠤᠨ ᠪᠠᠷᠠᠭᠤᠨ ᠬᠣᠢᠲᠤ ᠣᠷᠣᠨ᠎ᠢ ᠰᠤᠨᠳᠠᠯᠠᠵᠤ᠂ ᠤᠷᠤᠰ᠂ ᠮᠣᠩᠭᠣᠯ ᠤᠯᠤᠰ᠎ᠲᠠᠶ ᠬᠥᠷᠱᠢᠯᠡᠵᠦ᠍᠂ ᠬᠢᠯᠢ ᠳᠠᠭᠠᠤ ᠨᠡᠬᠡᠬᠡᠯᠳᠡ ᠎ᠶ᠋ᠢ ᠬᠥᠭ᠌ᠵᠢᠭᠦᠯᠬᠦ᠌ ᠥᠪᠡᠷᠮᠢᠴᠡ ᠳᠠᠪᠠᠭᠤᠯᠢᠭ᠎ᠲᠠᠶ ᠪᠠᠢᠵᠤ᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠡᠮᠦᠨ᠎ᠡ ᠹᠷᠣᠨᠲ ᠪᠣᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠨᠢ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠢᠯᠢ ᠳᠠᠭᠠᠤ ᠣᠷᠣᠨ᠎ᠤ ᠣᠨᠴᠠᠯᠢᠭ᠎ᠲᠠᠶ ᠲᠦᠷᠢᠮ᠎ᠦᠨ ᠱᠢᠨ᠎ᠡ ᠡᠭᠦᠳᠦᠯᠲᠡ᠎ᠶ᠋ᠢ ᠥᠷᠨᠢᠭᠦᠯᠵᠦ᠍᠂ ᠡᠷᠬᠢᠨ ᠲᠣᠭᠣᠷᠢᠨ᠎ᠤ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ ᠤᠯᠤᠰ᠎ᠯᠤᠭ᠎ᠠ ᠰᠠᠭᠤᠷᠢ ᠲᠥᠬᠥᠭᠡᠷᠦᠮᠵᠢ᠎ᠶ᠋ᠢᠨ ᠨᠡᠪᠲᠡᠷᠡᠯᠴᠡᠭᠡ᠂ ᠲᠦᠷᠢᠮ ᠪᠠᠷᠢᠮᠵᠢᠶ᠎ᠠ᠎ᠪᠠᠨ ᠬᠠᠷᠢᠯᠴᠠᠨ ᠮᠡᠳᠡᠷᠡᠬᠦ᠌᠂ ᠠᠷᠠᠳ ᠎ᠤᠨ ᠰᠡᠳᠭᠢᠯ ᠬᠠᠷᠢᠯᠴᠠᠨ ᠨᠡᠪᠳᠡᠷᠡᠯᠴᠡᠵᠤ ᠬᠠᠷᠢᠯᠴᠠᠨ ᠠᠭᠤᠰᠤᠯᠴᠠᠬᠤ ᠵᠡᠷᠭᠡ ᠲᠠᠯ᠎ᠠ᠎ᠪᠠᠷ ᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢᠨ ᠴᠣᠩᠬᠣᠪᠴᠢ ᠪᠠ ᠲᠠᠪᠴᠠᠩ᠎ᠤᠨ ᠴᠢᠳᠠᠮᠵᠢ᠎ᠶ᠋ᠢ ᠦᠨᠡᠨ ᠬᠦ᠌ ᠪᠠᠳᠠᠷᠠᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠢ᠎ᠶ᠋ᠢ ᠨᠡᠭᠡᠭᠡᠨ ᠬᠥᠭ᠌ᠵᠢᠭᠦᠯᠵᠦ᠍ ᠨᠡᠭᠡᠭᠡᠯᠳᠠ ᠬᠢᠬᠦ᠌ ᠪᠠᠢᠯᠳᠤᠬᠤ ᠪᠤᠳᠤᠯᠭ᠎ᠠ᠎ᠶ᠋ᠢᠨ ᠥᠨᠳᠥᠷᠯᠢᠭ᠎ᠢ ᠰᠠᠢᠲᠤᠷ ᠪᠦᠳᠦᠭᠡᠨ ᠪᠠᠢᠭᠤᠯᠤᠨ᠎ᠠ᠃

ᠭᠤᠷᠪᠠ᠎ᠳᠤ᠂ ᠥᠪᠥᠷ ᠮᠣᠩᠭᠣᠯ᠎ᠤᠨ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠴᠢᠬᠤᠯᠠ ᠮᠠᠯ ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ ᠎ᠳᠤ ᠲᠦᠱᠢᠭᠯᠡᠨ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ ᠎ᠢ ᠡᠳ᠋ᠱᠢᠭᠦᠯᠬᠦ᠌᠂ ᠰᠦ ᠎ᠵᠢᠨ ᠦᠶ᠋ᠯᠡᠰ ᠵᠡᠷᠭᠡ ᠤᠨᠴᠠᠯᠢᠬ᠍ᠳᠤ ᠠᠵᠤ ᠦᠶ᠋ᠯᠡᠰ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠱᠢᠨ᠎ᠡ ᠨᠢᠭᠡ ᠦᠶ᠎ᠡ ᠶ᠋ᠢᠨ ᠮᠡᠳᠡᠭᠡ ᠵᠠᠩᠭᠢ ᠎ᠶ᠋ᠢᠨ ᠮᠡᠷᠭᠡᠵᠢᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡᠨ᠂ ᠣᠯᠠᠨ ᠤᠯᠤᠰ᠎ᠤᠨ ᠡᠮᠴᠢᠯᠡᠭᠡ ᠵᠡᠷᠭᠡ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠲᠥᠪᠯᠡᠷᠡᠨ ᠬᠥᠭ᠌ᠵᠢᠬᠦ᠌᠎ᠶ᠋ᠢ ᠠᠬᠢᠭᠤᠯᠵᠤ᠂ ᠥᠪᠥᠷ ᠮᠣᠩᠭᠣᠯ ᠎ᠤᠨ ᠣᠨᠴᠠᠯᠢᠭ ᠪᠠ ᠳᠠᠪᠠᠭᠤᠯᠢᠭ ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠥᠬᠥ᠌ ᠤᠯᠤᠰ᠎ᠤᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠨ ᠪᠠᠲᠤᠯᠠᠬᠤ ᠵᠢᠱ᠌ᠢᠶ᠎ᠡ ᠦᠵᠡᠭᠦᠯᠬᠦ᠌ ᠣᠷᠣᠨ ᠪᠦᠰᠡ᠎ᠶ᠋ᠢ ᠬᠦᠴᠦᠯᠡᠨ ᠪᠠᠢᠭᠤᠯᠤᠨ᠎ᠠ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号