ᠶᠡᠷᠦᠩᠬᠡᠢ ᠱᠦᠵᠢ ᠰᠢ ᠵᠢᠨ ᠫᠢᠩ ​ᠳᠤᠮᠳᠠᠳᠤ ᠤᠯᠤᠰ᠎ᠤᠨ ᠭᠣᠮᠢᠨᠳᠠᠩ ᠨᠠᠮ᠎ᠤᠨ ᠲᠡᠷᠢᠭᠦᠯᠡᠭ᠌ᠴᠢ ᠵᠧᠩ ᠯᠢ ᠸᠸᠨ ᠲᠠᠢ ᠠᠭᠤᠯᠵᠠᠪᠠ
2026-04-11 10:34:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠬᠣ᠌ ᠨᠢᠩ  ᠼᠠᠢ ᠴᠢ᠎ᠨᠡᠷ ᠠᠭᠤᠯᠵᠠᠯᠲᠠ᠎ᠳᠤ ᠣᠷᠣᠯᠴᠠᠵᠠᠢ

  

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ 10 ᠎ᠤ᠋ ᠦᠳᠡ᠎ᠶ᠋ᠢᠨ ᠡᠮᠦᠨ᠎ᠡ ᠪᠡᠭᠡᠵᠢᠩ ᠳ᠋ᠤ  ᠲᠡᠷᠢᠭᠦᠯᠡᠭ᠌ᠴᠢ᠎ᠵᠧᠩ ᠯᠢ ᠸᠸᠨ᠎ᠤ ᠳᠠᠭᠠᠭᠤᠯᠤᠭ᠍ᠰᠠᠨ ᠳᠤᠮᠳᠠᠳᠤ ᠤᠯᠤᠰ ᠎ᠤᠨ ᠭᠣᠮᠢᠨᠳᠠᠩ ᠨᠠᠮ ᠎ᠤᠨ ᠠᠢᠯᠴᠢᠯᠠᠯᠲᠠ᠎ᠶ᠋ᠢᠨ ᠪᠦᠯᠬᠦᠮ᠎ᠤᠨ ᠬᠢᠨ᠎ᠲᠡᠶ ᠠᠭᠤᠯᠵᠠᠪᠠ᠃

ᠰᠢ ᠵᠢᠨ ᠫᠢᠩ ᠵᠧᠩ ᠯᠢ ᠸᠸᠨ ᠎ᠤ ᠪᠦᠯᠬᠦᠮ ᠳᠠᠭᠠᠭᠤᠯᠤᠨ ᠠᠢᠯᠴᠢᠯᠠᠷ᠎ᠠ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ ᠎ᠪᠠᠨ ᠢᠯᠡᠳᠭᠡᠪᠡ᠃ ᠲᠡᠷᠡ᠂ ᠭᠣᠮᠢᠨᠳᠠᠩ ᠡᠪ ᠬᠠᠮᠲᠤ ᠨᠠᠮ ᠬᠣᠶᠠᠷ ᠨᠠᠮ᠎ᠤᠨ ᠤᠳᠤᠷᠢᠳᠭᠤ ᠬᠥᠮᠦᠨ 10 ᠵᠢᠯ ᠎ᠦᠨ ᠳᠠᠷᠠᠭ᠎ᠠ ᠳᠠᠬᠢᠨᠲᠠ ᠠᠭᠤᠯᠵᠠᠭ᠍ᠰᠠᠨ᠎ᠨᠢ ᠬᠣᠶᠠᠷ ᠨᠠᠮ᠎ᠤᠨ ᠬᠠᠷᠢᠴᠠᠭ᠎ᠠ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠬᠠᠷᠢᠴᠠᠭ᠎ᠠ᠎ᠶ᠋ᠢᠨ ᠬᠥᠭ᠌ᠵᠢᠯᠲᠡ᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ ᠴᠥᠮ ᠳᠤᠮᠳᠠᠳᠤ᠎ᠶ᠋ᠢᠨ ᠦᠨᠳᠦᠰᠦᠲᠡᠨ᠎ᠳᠦ ᠬᠠᠷᠢᠶᠠᠯᠠᠭ᠍ᠳᠠᠵᠤ᠂ ᠲᠠᠢᠸᠠᠨ᠎ᠤ ᠠᠬ᠎ᠠ ᠳᠡᠭᠦᠦ᠍᠎ᠨᠡᠷ ᠎ᠢ ᠪᠠᠭ᠍ᠲᠠᠭᠠᠭ᠍ᠰᠠᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭᠡᠳᠦᠭ᠌ᠰᠡᠨ ᠤᠯᠠᠨ ᠦᠨᠳᠦᠰᠦᠲᠡᠨ ᠎ᠲᠡᠶ ᠤᠯᠤᠰ ᠎ᠢ ᠬᠠᠮᠲᠤ ᠎ᠪᠠᠷ ᠴᠣᠭ᠍ᠴᠠᠯᠠᠨ ᠪᠠᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ ᠎ᠤᠨ ᠲᠡᠦᠬᠡ ᠎ᠶ᠋ᠢ ᠬᠠᠮᠲᠤ᠎ᠪᠠᠷ ᠪᠢᠴᠢᠭ᠌ᠯᠡᠵᠦ᠍᠂ ᠭᠢᠯᠠᠯᠵᠠᠮ᠎ᠠ ᠳᠤᠮᠳᠠᠳᠤ᠎ᠶ᠋ᠢᠨ ᠪᠣᠯᠪᠠᠰᠤᠨ ᠎ᠢ ᠬᠠᠮᠲᠤ ᠎ᠪᠠᠷ ᠡᠭᠦᠳᠦᠨ ᠪᠦᠲᠦᠭᠡᠵᠦ᠍᠂ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ ᠎ᠶ᠋ᠢ ᠬᠠᠮᠲᠤ ᠎ᠪᠠᠷ ᠪᠤᠢ ᠪᠣᠯᠭᠠᠭ᠍ᠰᠠᠨ ᠪᠥᠭᠡᠳ ᠨᠤᠲᠤᠭ ᠳᠡᠪᠢᠰᠭᠡᠷ ᠰᠠᠯᠵᠤ ᠪᠣᠯᠤᠰᠢ ᠦᠭᠡᠢ᠂ ᠤᠯᠤᠰ ᠣᠷᠣᠨ ᠰᠠᠮᠠᠭᠤᠷᠠᠵᠤ ᠪᠣᠯᠤᠰᠢ ᠦᠭᠡᠢ᠂ ᠦᠨᠳᠦᠰᠦᠲᠡᠨ ᠪᠤᠲᠠᠷᠠᠵᠤ  ᠪᠣᠯᠤᠰᠢ ᠦᠭᠡᠢ᠂ ᠪᠣᠯᠪᠠᠰᠤᠨ ᠲᠠᠰᠤᠷᠠᠵᠦ ᠪᠤᠯᠤᠰᠢ ᠦᠭᠡᠢ ᠬᠠᠮᠲᠤ᠎ᠶ᠋ᠢᠨ ᠢᠲᠡᠭᠡᠯ ᠵᠣᠷᠢᠭ ᠎ᠢ ᠪᠤᠢ ᠪᠣᠯᠭᠠᠵᠤ᠂ ᠳᠤᠮᠳᠠᠳᠤ ᠎ᠶ᠋ᠢᠨ ᠦᠨᠳᠦᠰᠦᠲᠡᠨ ᠎ᠤ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠳᠤᠮᠳᠠᠳᠤ᠎ᠶ᠋ᠢᠨ ᠪᠣᠯᠪᠠᠰᠤᠨ ᠎ᠤ ᠲᠠᠰᠤᠷᠠᠯᠲᠠ ᠦᠭᠡᠢ ᠦᠷᠭᠦᠯᠵᠢᠯᠡᠭᠦ ᠵᠢ ᠬᠦᠲᠦᠯᠦᠨ ᠲᠠᠭᠠᠭᠤᠯᠵᠤ ᠪᠠᠢᠨ᠎ᠠ ᠭᠡᠵᠦ ᠵᠢᠭᠠᠵᠤ ᠭᠠᠷᠭᠠᠪᠠ᠃


QQ20260411-103328.png


  4  ᠰᠠᠷ᠎ᠠ᠎ᠶ᠋ᠢᠨ 10 ᠎ᠤ᠋ ᠦᠳᠡ ᠵᠢᠨ ᠡᠮᠦᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ ᠪᠡᠭᠡᠵᠢᠩ᠎ᠳᠦ ᠲᠡᠷᠢᠭᠦᠯᠡᠭ᠌ᠴᠢ᠎ᠵᠧᠩ ᠯᠢ ᠸᠸᠨ᠎ᠤ ᠳᠠᠭᠠᠭᠤᠯᠤᠭ᠍ᠰᠠᠨ ᠳᠤᠮᠳᠠᠳᠤ ᠤᠯᠤᠰ ᠎ᠤᠨ ᠭᠣᠮᠢᠨᠳᠠᠩ ᠨᠠᠮ᠎ᠤᠨ ᠠᠢᠯᠴᠢᠯᠠᠯᠲᠠ᠎ᠶ᠋ᠢᠨ ᠪᠦᠯᠬᠦᠮ᠎ᠤᠨ ᠬᠢᠨ᠎ᠲᠡᠶ ᠠᠭᠤᠯᠵᠠᠪᠠ᠃

ᠱᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ


ᠰᠢ ᠵᠢᠨ ᠫᠢᠩ᠂ ᠳᠡᠯᠡᠬᠡᠢ᠎ᠶ᠋ᠢᠨ ᠪᠠᠢᠳᠠᠯ᠂ ᠲᠠᠢᠸᠠᠨ᠎ᠤ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ ᠬᠤᠪᠢᠷᠠᠰᠢ ᠦᠭᠡᠢ ᠶᠤᠮ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ᠎ᠤᠨ ᠤᠢᠷ᠎ᠠ ᠲᠤᠳᠤᠨᠤ ᠶᠠᠪᠤᠯᠴᠠᠬᠤ ᠶᠡᠬᠡ ᠤᠷᠤᠰᠭᠠᠯ ᠬᠤᠪᠢᠷᠠᠰᠢ ᠦᠭᠡᠢ ᠶᠤᠮ᠃ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ ᠴᠥᠮ ᠲᠠᠢᠸᠠᠨ ᠬᠣᠭᠣᠯᠠᠢ᠎ᠶ᠋ᠢᠨ ᠣᠷᠣᠨ᠎ᠤ ᠡᠩᠬᠡ ᠲᠠᠢᠪᠤᠩ ᠠᠮᠤᠷ ᠲᠣᠭ᠍ᠲᠠᠭᠤᠨ᠎ᠢ ᠬᠦᠰᠡᠨ ᠡᠷᠡᠮᠡᠯᠵᠡᠵᠦ᠍᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭ᠎ᠠ᠎ᠵᠢᠨ ᠰᠠᠢᠵᠢᠷᠠᠨ ᠬᠥᠭ᠌ᠵᠢᠬᠦ᠌᠎ᠶ᠋ᠢ ᠬᠦᠰᠡᠨ ᠡᠷᠡᠮᠡᠯᠵᠡᠵᠦ᠍᠂ ᠠᠮᠢᠳᠤᠷᠠᠯ ᠨᠡᠩ ᠰᠠᠢ᠌ᠨ ᠰᠠᠢᠬᠠᠨ ᠪᠣᠯᠬᠤ᠎ᠶ᠋ᠢ ᠬᠦᠰᠡᠨ ᠡᠷᠡᠮᠡᠯᠵᠡᠵᠦ᠍ ᠪᠠᠢᠨ᠎ᠠ᠂ ᠡᠨᠡ ᠪᠣᠯ ᠭᠣᠮᠢᠨᠳᠠᠩ ᠡᠪ ᠬᠠᠮᠲᠤ ᠨᠠᠮ᠎ᠤᠨ ᠲᠦᠯᠬᠢᠵᠤ ᠪᠣᠯᠤᠰᠢ ᠦᠭᠡᠢ ᠬᠠᠷᠢᠭᠤᠴᠠᠯᠭ᠎ᠠ ᠮᠥᠨ᠂ ᠪᠠᠰᠠ ᠴᠤ᠌ ᠭᠠᠷ ᠬᠣᠯᠪᠣᠨ ᠬᠠᠮᠲᠤᠷᠠᠯᠴᠠᠬᠤ ᠬᠥᠳᠡᠯᠭᠡᠭ᠌ᠦ ᠬᠦᠴᠦᠨ ᠮᠥᠨ᠃ ᠪᠢᠳᠡ ᠳᠤᠷᠠᠲᠠᠶ᠎ᠠ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠪᠠᠷᠢᠮᠲᠠᠯᠠᠬᠤ᠂ 《ᠲᠠᠢᠸᠠᠨ ᠎ᠢ ᠲᠤᠰᠠᠭᠠᠷ ᠲᠣᠭ᠍ᠲᠠᠨᠢᠭᠤᠯᠬᠤ》 ᠶ᠋ᠢ ᠡᠰᠡᠷᠭᠦᠴᠡᠬᠦ᠌ ᠬᠠᠮᠲᠤ᠎ᠶ᠋ᠢᠨ ᠤᠯᠤᠰ ᠲᠦᠷᠦ᠍ ᠶ᠋ᠢᠨ ᠰᠠᠭᠤᠷᠢ ᠳᠡᠭᠡᠷ᠎ᠡ᠂ ᠳᠤᠮᠳᠠᠳᠤ ᠤᠯᠤᠰ ᠎ᠤᠨ ᠭᠣᠮᠢᠨᠳᠠᠩ ᠨᠠᠮ᠎ᠢ ᠪᠠᠭ᠍ᠲᠠᠭᠠᠭ᠍ᠰᠠᠨ ᠲᠠᠢᠸᠠᠨ᠎ᠤ ᠡᠯ᠎ᠡ ᠲᠦᠷᠦ᠍᠎ᠶ᠋ᠢᠨ ᠨᠠᠮ᠂ ᠪᠦᠯᠬᠦᠮ ᠪᠠ ᠨᠡᠢᠭᠡᠮ᠎ᠦᠨ ᠡᠯ᠎ᠡ ᠡᠲᠡᠭᠡᠳ᠎ᠦᠨ ᠬᠥᠮᠦᠰ᠎ᠲᠡᠶ ᠬᠠᠮᠲᠤ᠎ᠪᠠᠷ ᠰᠣᠯᠢᠯᠴᠠᠭ᠎ᠠ ᠶᠠᠷᠢᠯᠴᠠᠭ᠎ᠠ᠎ᠪᠠᠨ ᠴᠢᠩᠭᠠᠳᠭᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠡᠩᠬᠡ ᠲᠠᠢᠪᠤᠩ᠎ᠢ ᠡᠷᠢᠯᠬᠢᠯᠡᠵᠦ᠂ ᠠᠬ᠎ᠠ ᠳᠡᠭᠦᠦ᠍᠎ᠨᠡᠷ᠎ᠲᠦ ᠪᠤᠶᠠᠨ ᠵᠢᠷᠭᠠᠯ ᠡᠳ᠋ᠯᠡᠭᠦᠯᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠡᠷᠢᠯᠬᠢᠯᠡᠵᠦ᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭᠠᠨ᠎ᠤ ᠢᠷᠡᠭᠡᠳᠦᠢ᠎ᠶ᠋ᠢ ᠳᠤᠮᠳᠠᠳᠤᠴᠤᠳ᠎ᠤᠨ ᠥᠪᠡᠷ᠎ᠤᠨ ᠭᠠᠷ ᠲᠠᠭᠠᠨ ᠪᠠᠲᠤ ᠡᠵᠡᠮᠱᠢᠨ᠎ᠡ ᠭᠡᠵᠦ ᠴᠢᠬᠤᠯᠠᠴᠢᠯᠠᠪᠠ᠃

ᠰᠢ ᠵᠢᠨ ᠫᠢᠩ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠬᠠᠷᠢᠴᠠᠭ᠎ᠠ᠎ᠶ᠋ᠢᠨ ᠬᠥᠭ᠌ᠵᠢᠯᠲᠡ᠎ᠶ᠋ᠢᠨ ᠲᠤᠬᠠᠢ 4 ᠲᠠᠯ᠎ᠠ ᠵᠢᠨ ᠰᠠᠨᠠᠯ ᠳᠤᠷᠠᠳᠪᠠ᠃


QQ20260411-103339.png


 4 ᠰᠠᠷ᠎ᠠ᠎ᠶ᠋ᠢᠨ 10 ᠎ᠤ᠋ ᠦᠳᠡ ᠵᠢᠨ ᠡᠮᠦᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ ᠪᠡᠭᠡᠵᠢᠩ᠎ᠳᠦ ᠲᠡᠷᠢᠭᠦᠯᠡᠭ᠌ᠴᠢ᠎ᠵᠧᠩ ᠯᠢ ᠸᠸᠨ᠎ᠤ ᠳᠠᠭᠠᠭᠤᠯᠤᠭ᠍ᠰᠠᠨ ᠳᠤᠮᠳᠠᠳᠤ ᠤᠯᠤᠰ ᠎ᠤᠨ ᠭᠣᠮᠢᠨᠳᠠᠩ ᠨᠠᠮ᠎ᠤᠨ ᠠᠢᠯᠴᠢᠯᠠᠯᠲᠠ ᠎ᠶ᠋ᠢᠨ ᠪᠦᠯᠬᠦᠮ᠎ᠤᠨ ᠬᠢᠨ᠎ᠲᠡᠶ ᠠᠭᠤᠯᠵᠠᠪᠠ᠃

   ᠱᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠯᠢ ᠰᠢᠶᠠᠩ  ᠰᠡᠭᠦᠳᠡᠷᠯᠡᠪᠡ


ᠨᠢᠭᠡᠳᠦᠭᠡᠷ᠎ᠲᠦ᠂ ᠵᠥᠪ ᠬᠠᠮᠲᠤ ᠵᠢᠨ ᠲᠠᠨᠢᠯᠲᠠ᠎ᠪᠠᠷ ᠰᠡᠳᠭᠢᠯ ᠰᠠᠨᠠᠭ᠎ᠠ᠎ᠪᠠᠨ ᠨᠢᠭᠡᠳᠭᠡᠬᠦ᠌᠎ᠶ᠋ᠢ ᠠᠬᠢᠭᠤᠯᠬᠤ᠎ᠶ᠋ᠢ ᠪᠠᠷᠢᠮᠲᠠᠯᠠᠨ᠎ᠠ᠃ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ ᠦᠨᠳᠦᠰᠦ ᠰᠤᠷᠪᠤᠯᠵᠢ ᠨᠢᠭᠡᠲᠡᠢ᠂ ᠰᠣᠶᠣᠯ ᠤᠭᠰᠠᠭ᠎ᠠ ᠨᠢᠭᠡᠲᠡᠢ᠂ ᠴᠢᠰᠤ ᠮᠢᠬᠠᠨ᠎ᠤ ᠪᠠᠷᠢᠯᠳᠤᠯᠭ᠎ᠠ᠎ᠲᠠᠶ ᠪᠠᠢᠵᠦ᠂ ᠵᠢᠷᠭᠠᠯ ᠵᠣᠪᠠᠯᠠᠩ᠎ᠢᠶᠠᠨ ᠬᠠᠮᠲᠤᠳᠭᠠᠭ᠍ᠰᠠᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠮᠥᠨ᠃ ᠭᠡᠷ ᠪᠦᠯᠢ ᠲᠤᠲᠤᠷ᠎ᠠ ᠪᠡᠨ ᠶᠠᠪᠤᠯᠴᠠᠬᠤ᠎ᠳᠤ᠂ ᠦᠭᠡ ᠪᠠᠢᠪᠠᠯ ᠰᠠᠢᠬᠠᠨ ᠶᠠᠷᠢᠯᠴᠠᠵᠤ᠂ ᠶᠠᠪᠤᠳᠠᠯ ᠪᠠᠢᠪᠠᠯ ᠢᠯᠡᠭᠦᠬᠡᠨ ᠵᠥᠪᠳᠡᠯᠴᠡᠪᠡᠯ᠂ ᠱᠢᠶ᠋ᠳᠪᠦᠷᠢᠯᠡᠵᠦ᠍ ᠳᠡᠢᠯᠬᠦ᠌ ᠦᠭᠡᠢ ᠵᠥᠷᠢᠴᠡᠯ ᠭᠡᠵᠦ ᠪᠠᠢᠬᠤ ᠦᠭᠡᠢ ᠶᠤᠮ᠃ ᠨᠡᠢᠭᠡᠮ᠎ᠦᠨ ᠪᠠᠢᠭᠤᠯᠤᠯ ᠠᠳᠠᠯᠢ ᠦᠭᠡᠢ ᠪᠠᠢᠬᠤ ᠨᠢ ᠬᠠᠭᠠᠴᠠᠭᠤᠯᠬᠤ ᠠᠵᠢᠯᠯᠠᠭ᠎ᠠ ᠶᠠᠪᠤᠭᠳᠠᠭᠤᠯᠬᠤ᠎ᠶ᠋ᠢᠨ ᠱᠢᠯᠲᠠᠭ ᠪᠢᠰᠢ᠃ ᠭᠣᠮᠢᠨᠳᠠᠩ ᠡᠪ ᠬᠠᠮᠲᠤ ᠨᠠᠮ ᠬᠣᠶᠠᠷ ᠨᠠᠮ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ ᠦᠨᠳᠦᠰᠦᠲᠡᠨ᠎ᠦ ᠵᠣᠭ᠍ᠰᠣᠯᠲᠠ᠎ᠪᠠᠨ ᠪᠠᠲᠤᠳᠭᠠᠵᠤ᠂ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠠᠭᠤᠤ ᠶᠡᠬᠡ ᠡᠬᠡ ᠤᠯᠤᠰ᠎ᠤᠨ ᠲᠤᠬᠠᠢ ᠬᠠᠮᠲᠤ᠎ᠶ᠋ᠢᠨ ᠲᠠᠨᠢᠯᠲᠠ᠎ᠪᠠᠨ ᠪᠠᠲᠤᠳᠭᠠᠵᠤ᠂ ᠲᠥᠪ ᠴᠢᠬᠡᠴᠢ ᠳᠤᠮᠳᠠᠳᠤ᠎ᠶ᠋ᠢᠨ ᠬᠥᠮᠦᠨ ᠪᠣᠯᠬᠤ ᠰᠥᠰᠥ᠍ ᠵᠣᠷᠢᠭ ᠡᠷᠴᠢ ᠵᠣᠷᠢᠭ ᠢᠲᠡᠭᠡᠯ ᠵᠤᠷᠢᠭ᠎ᠢᠶᠠᠨ ᠴᠢᠩᠭᠠᠳᠬᠠᠬᠤ ᠬᠡᠷᠡᠭᠲᠡᠢ᠃

ᠬᠣᠶᠠᠳᠤᠭᠠᠷ᠎ᠲᠤ᠂ ᠡᠩᠬᠡ ᠲᠠᠢᠪᠤᠩ ᠬᠥᠭ᠌ᠵᠢᠯᠲᠡ᠎ᠪᠡᠷ ᠬᠠᠮᠲᠤ᠎ᠶ᠋ᠢᠨ ᠭᠡᠷ ᠣᠷᠣᠨ᠎ᠢᠶᠠᠨ ᠰᠠᠬᠢᠨ ᠬᠠᠮᠠᠭᠠᠯᠠᠬᠤ᠎ᠶ᠋ᠢ ᠪᠠᠷᠢᠮᠲᠠᠯᠠᠨ᠎ᠠ᠃ ᠡᠭᠡ ᠬᠠᠭᠤᠷᠠᠢ ᠪᠣᠯᠤᠨ ᠲᠠᠢᠸᠠᠨ ᠪᠣᠯ ᠨᠢᠭᠡ ᠯᠡ ᠳᠤᠮᠳᠠᠳᠤ ᠤᠯᠤᠰ᠎ᠲᠤ ᠬᠠᠷᠢᠶᠠᠯᠠᠭ᠍ᠳᠠᠵᠤ᠂ ᠳᠤᠮᠳᠠᠳᠤ ᠤᠯᠤᠰ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠭᠡᠷ ᠣᠷᠣᠨ ᠮᠥᠨ᠃ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠬ᠎ᠠ ᠳᠡᠭᠦᠦ᠍᠎ᠨᠡᠷ ᠡᠨᠡ ᠬᠦ᠌  ᠬᠠᠮᠲᠤ᠎ᠶ᠋ᠢᠨ ᠭᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠵᠤ᠂ ᠰᠠᠢᠲᠤᠷ ᠪᠦᠲᠦᠭᠡᠨ ᠪᠠᠢᠭᠤᠯᠬᠤ᠎ᠶ᠋ᠢᠨ ᠦᠨᠳᠦᠰᠦ ᠨᠢ 《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢ ᠪᠠᠷᠢᠮᠲᠠᠯᠠᠵᠤ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶ᠋ᠢ ᠡᠰᠡᠷᠭᠦᠴᠡᠬᠦ᠌᠎ᠳᠦ ᠪᠠᠢᠵᠤ᠂ ᠭᠣᠣᠯᠳᠠᠯᠭ᠎ᠠ ᠨᠢ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡ ᠨᠢᠭᠡ ᠯᠡ ᠳᠤᠮᠳᠠᠳᠤ ᠤᠯᠤᠰ᠎ᠲᠤ ᠬᠠᠷᠢᠶᠠᠯᠠᠭ᠍ᠳᠠᠬᠤ᠎ᠶ᠋ᠢ ᠮᠡᠳᠡᠷᠡᠬᠦ᠌᠎ᠳᠦ ᠪᠠᠢᠨ᠎ᠠ᠃ ᠭᠡᠷ ᠬᠤᠲᠠᠯᠠᠭᠠᠷ ᠡᠶ᠎ᠡ ᠡᠪᠲᠡᠢ ᠪᠤᠯᠪᠠᠰᠤ ᠬᠠᠮᠤᠭ ᠦᠢᠯᠡᠰ ᠬᠦᠭᠵᠢᠩᠭᠦᠢ᠃ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠠᠷᠢᠴᠠᠭ᠎ᠠ᠎ᠶᠢ ᠨᠠᠢᠷᠠᠮᠳᠠᠯ᠎ᠢᠶᠠᠷ ᠬᠥᠭᠵᠢᠭᠦᠯᠬᠦ᠎ᠳᠦ ᠠᠰᠢᠭ᠍ᠲᠠᠢ ᠵᠣᠷᠢᠯᠲᠠ ᠮᠥᠨ ᠯᠡ ᠶᠤᠮ ᠪᠣᠯ ᠪᠢᠳᠡ ᠴᠥᠮ ᠪᠠᠶᠠᠷᠯᠠᠨ ᠤᠭᠲᠤᠨ᠎ᠠ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠠᠷᠢᠴᠠᠭ᠎ᠠ᠎ᠶᠢ ᠨᠠᠢᠷᠠᠮᠳᠠᠯ᠎ᠢᠶᠠᠷ ᠬᠥᠭᠵᠢᠭᠦᠯᠬᠦ᠎ᠳᠦ ᠠᠰᠢᠭ᠍ᠲᠠᠢ ᠶᠠᠪᠤᠳᠠᠯ ᠮᠥᠨ ᠯᠡ ᠶᠤᠮ ᠪᠣᠯ ᠪᠢᠳᠡ ᠴᠥᠮ ᠴᠢᠳᠠᠯ᠎ᠤᠨ ᠴᠢᠨᠡᠬᠡ᠎ᠪᠡᠷ᠎ᠢᠶᠡᠨ ᠬᠢᠬᠦ ᠪᠣᠯᠣᠨ᠎ᠠ᠃ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠪᠣᠯ ᠲᠠᠢᠸᠠᠨ ᠬᠣᠭᠣᠯᠠᠢ᠎ᠶᠢᠨ ᠣᠷᠣᠨ᠎ᠤ ᠡᠩᠬᠡ ᠲᠠᠢᠪᠤᠩ᠎ᠢ ᠡᠪᠳᠡᠵᠤ ᠪᠠᠢᠭ᠎ᠠ ᠬᠡᠷᠡᠭ᠎ᠦᠨ ᠲᠦᠷᠦᠭᠦᠦ ᠮᠥᠨ᠂ ᠪᠢᠳᠡ ᠶᠠᠭᠠᠬᠢᠭ᠍ᠰᠠᠨ ᠴᠤ᠌ ᠢᠯᠳᠠᠷ ᠬᠠᠶᠠᠬᠤ ᠦᠭᠡᠢ᠂ ᠤᠬᠳᠤ ᠠᠭᠤᠴᠢᠯᠠᠬᠤ ᠦᠭᠡᠢ᠃ ᠭᠣᠮᠢᠨᠳᠠᠩ ᠡᠪ ᠬᠠᠮᠲᠤ ᠨᠠᠮ ᠬᠣᠶᠠᠷ ᠨᠠᠮ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠠᠬ᠎ᠠ ᠳᠡᠭᠦᠦ ᠨᠠᠷ ᠦᠨᠳᠦᠰᠦᠲᠡᠨ᠎ᠦ ᠶᠡᠬᠡ ᠵᠢᠷᠤᠮ᠎ᠢ ᠪᠠᠷᠢᠮᠲᠠᠯᠠᠵᠦ᠂ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠤᠯ ᠪᠠ ᠭᠠᠳᠠᠭᠠᠳᠤ᠎ᠶᠢᠨ ᠭᠠᠷ ᠲᠦᠷᠦᠭᠦ᠎ᠶᠢ ᠡᠰᠡᠷᠭᠦᠴᠡᠵᠦ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠠᠷᠢᠴᠠᠭ᠎ᠠ ᠵᠢ ᠨᠠᠢᠷᠠᠮᠳᠠᠯ᠎ᠢᠶᠠᠷ ᠬᠥᠭᠵᠢᠬᠦᠯᠬᠦ ᠵᠢ  ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠭᠡᠷ ᠣᠷᠣᠨ᠎ᠢᠶᠠᠨ ᠡᠷᠡᠰ ᠰᠠᠬᠢᠨ ᠬᠠᠮᠠᠭᠠᠯᠠᠬᠤ ᠬᠡᠷᠡᠭᠲᠡᠢ᠃

ᠭᠤᠷᠪᠠᠳᠤᠭᠠᠷ᠎ᠲᠤ᠂ ᠰᠣᠯᠢᠯᠴᠠᠭ᠎ᠠ ᠠᠭᠤᠰᠤᠯᠴᠠᠯ᠎ᠢᠶᠠᠷ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠎ᠢ ᠨᠡᠮᠡᠭᠳᠡᠭᠦᠯᠬᠦ᠎ᠶᠢ ᠪᠠᠷᠢᠮᠲᠠᠯᠠᠨ᠎ᠠ᠃ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠬᠠᠷᠢᠴᠠᠭ᠎ᠠ᠎ᠶᠢ ᠬᠥᠭᠵᠢᠭᠦᠯᠬᠦ ᠬᠠᠷᠠᠯᠲᠠ ᠪᠣᠯ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠠᠬ᠎ᠠ ᠳᠡᠭᠦᠦ ᠨᠠᠷ᠎ᠢ ᠨᠡᠩ ᠰᠠᠢᠨ ᠰᠠᠢᠬᠠᠨ ᠠᠮᠢᠳᠤᠷᠠᠭᠤᠯᠬᠤ ᠶᠠᠪᠤᠳᠠᠯ ᠪᠣᠯᠣᠨ᠎ᠠ᠃ ᠪᠢᠳᠡ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠠᠬ᠎ᠠ ᠳᠡᠭᠦᠦ ᠨᠠᠷ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠬᠤ ᠣᠢᠯᠠᠭᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠲᠠᠢᠸᠠᠨ᠎ᠤ ᠠᠬ᠎ᠠ ᠳᠡᠭᠦᠦ ᠨᠠᠷ᠎ᠲᠦ ᠢᠳᠡᠪᠬᠢᠲᠡᠢ᠎ᠪᠡᠷ ᠪᠣᠳᠠᠲᠤ ᠶᠠᠪᠤᠳᠠᠯ ᠬᠢᠵᠤ᠂ ᠰᠠᠢᠨ ᠶᠠᠪᠤᠳᠠᠯ ᠬᠢᠵᠦ᠂ ᠬᠦᠴᠢᠷᠳᠡᠯ᠎ᠢ ᠨᠢ ᠰᠢᠢᠳᠪᠦᠷᠢᠯᠡᠵᠦ ᠥᠭᠭᠦᠨ᠎ᠡ᠃ ᠡᠬᠡ ᠤᠯᠤᠰ᠎ᠤᠨ ᠡᠬᠡ ᠬᠠᠭᠤᠷᠠᠢ᠎ᠶᠢᠨ ᠠᠭᠤᠯᠠ ᠤᠰᠤ ᠦᠵᠡᠰᠬᠦᠯᠡᠩᠲᠦ ᠰᠠᠢᠬᠠᠨ᠂ ᠵᠠᠬ᠎ᠠ ᠳᠡᠯᠭᠡᠭᠦᠷ ᠥᠷᠭᠡᠨ ᠠᠭᠤᠳᠠᠮ ᠶᠤᠮ᠂ ᠲᠠᠢᠸᠠᠨ᠎ᠤ ᠠᠬ᠎ᠠ ᠳᠡᠭᠦᠦ ᠨᠠᠷ᠎ᠦᠨ ᠦᠷᠭᠦᠯᠵᠢ ᠭᠡᠷ᠎ᠲᠡᠬᠡᠨ ᠬᠠᠷᠢᠵᠤ ᠦᠵᠡᠬᠦ᠎ᠶᠢ ᠪᠠᠶᠠᠷᠯᠠᠨ ᠤᠭᠲᠤᠨ᠎ᠠ᠂ ᠲᠠᠢᠸᠠᠨ᠎ᠤ ᠵᠠᠯᠠᠭᠤᠴᠤᠳ᠎ᠤᠨ ᠡᠬᠡ ᠬᠠᠭᠤᠷᠠᠢ᠎ᠳᠤ ᠢᠷᠡᠵᠦ ᠰᠣᠯᠢᠯᠴᠠᠭ᠎ᠠ ᠬᠢᠵᠦ ᠬᠥᠭᠵᠢᠬᠦ᠎ᠶᠢ ᠪᠠᠶᠠᠷᠯᠠᠨ ᠤᠭᠲᠤᠨ᠎ᠠ᠂ ᠲᠠᠢᠸᠠᠨ᠎ᠤ ᠲᠠᠷᠢᠶᠠᠯᠠᠩ ᠵᠢᠭᠠᠰᠤᠨ᠎ᠤ ᠠᠵᠤ ᠠᠬᠤᠢ᠎ᠶᠢᠨ ᠪᠦᠲᠦᠭᠡᠭᠳᠡᠬᠦᠨ᠂ ᠴᠢᠨᠠᠷ ᠰᠠᠢᠲᠠᠢ ᠲᠠᠸᠠᠷ᠎ᠤᠨ ᠡᠬᠡ ᠬᠠᠭᠤᠷᠠᠢ᠎ᠶᠢᠨ ᠲᠦᠭ ᠲᠦᠮᠡᠨ ᠠᠢᠯ ᠡᠷᠦᠬᠡ ᠎ᠳᠦ ᠣᠷᠣᠵᠤ ᠢᠷᠡᠬᠦ᠎ᠶᠢ ᠪᠠᠶᠠᠷᠯᠠᠨ ᠤᠭᠲᠤᠨ᠎ᠠ᠃ ᠭᠣᠮᠢᠨᠳᠠᠩ ᠡᠪ ᠬᠠᠮᠲᠤ ᠨᠠᠮ ᠬᠣᠶᠠᠷ ᠨᠠᠮ᠂ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠠᠬ᠎ᠠ ᠳᠡᠭᠦᠦ ᠨᠠᠷ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠶᠢ ᠬᠠᠮᠲᠤ ᠪᠠᠷ ᠥᠷᠭᠡᠳᠬᠡᠵᠦ᠂ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠠᠬ᠎ᠠ ᠳᠡᠭᠦᠦ ᠨᠠᠷ᠎ᠦᠨ ᠬᠠᠢᠷ᠎ᠠ ᠰᠡᠳᠬᠢᠯᠭᠡ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ᠃

ᠳᠥᠷᠪᠡᠳᠦᠭᠡᠷ᠎ᠲᠦ᠂ ᠪᠦᠯᠬᠦᠮᠳᠡᠨ ᠲᠡᠮᠡᠴᠡᠬᠦ᠎ᠪᠡᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢ ᠪᠠᠷᠢᠮᠲᠠᠯᠠᠨ᠎ᠠ᠃ ᠡᠨᠡ ᠵᠢᠯ ᠪᠣᠯ ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ ᠮᠥᠨ᠂ ᠳᠤᠮᠳᠠᠳᠤ ᠤᠯᠤᠰ᠎ᠢᠶᠠᠨ ᠬᠥᠭᠵᠢᠭᠦᠯᠦᠨ ᠮᠠᠨᠳᠤᠭᠤᠯᠬᠤ᠂ ᠤᠯᠤᠰ ᠣᠷᠣᠨ᠎ᠢᠶᠠᠨ ᠨᠢᠭᠡᠳᠬᠡᠬᠦ ᠪᠣᠯ ᠲᠡᠭᠦᠨ᠎ᠦ ᠨᠢᠭᠡ ᠨᠠᠰᠤᠨ᠎ᠤ ᠬᠥᠭᠡᠭᠡᠴᠡᠯᠳᠦᠯ ᠮᠥᠨ᠃ ᠥᠨᠥᠳᠥᠷ ᠪᠢᠳᠡ ᠨᠢᠭᠡᠨᠲᠡ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠮ᠎ᠢ ᠠᠮᠵᠢᠯᠲᠠ᠎ᠲᠠᠢ ᠎ᠪᠠᠷ ᠨᠡᠭᠡᠭᠡᠵᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠬᠠᠨᠳᠤᠰᠢ ᠬᠣᠷᠢᠭ᠍ᠯᠠᠭᠳᠠᠰᠢ ᠦᠭᠡᠢ ᠪᠠᠢᠨ᠎ᠠ᠃ ᠨᠡᠩ ᠤᠯᠠᠨ ᠲᠠᠢᠸᠠᠨ᠎ᠤ ᠠᠬ᠎ᠠ ᠳᠡᠭᠦᠦ ᠨᠠᠷ ᠡᠬᠡ ᠬᠠᠭᠤᠷᠠᠢ᠎ᠶᠢᠨ ᠨᠡᠢᠭᠡᠮ᠎ᠦᠨ ᠪᠠᠢᠭᠤᠯᠤᠯ ᠪᠠ ᠬᠥᠭᠵᠢᠯᠲᠡ᠎ᠶᠢᠨ ᠵᠠᠮ᠎ᠢ ᠵᠥᠪ ᠲᠠᠨᠢᠵᠤ᠂ ᠲᠠᠢᠸᠠᠨ᠎ᠤ ᠬᠥᠭᠵᠢᠯᠲᠡ᠎ᠶᠢᠨ ᠢᠷᠡᠭᠡᠳᠦᠢ ᠪᠣᠯ ᠬᠦᠴᠦᠷᠬᠡᠭ ᠶᠡᠬᠡ ᠡᠬᠡ ᠤᠯᠤᠰ ᠲᠦ᠍ ᠪᠠᠢᠨ᠎ᠠ᠂ ᠲᠠᠢᠸᠠᠨ᠎ᠤ ᠠᠬ᠎ᠠ ᠳᠡᠭᠦᠦ ᠨᠠᠷ᠎ᠦᠨ ᠠᠰᠢᠭ᠋ ᠲᠤᠰᠠ ᠠᠵᠠ ᠵᠢᠷᠭᠠᠯ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭ᠎ᠠ᠎ᠲᠠᠢ ᠭᠡᠳᠡᠭ᠎ᠢ ᠭᠦᠨᠵᠡᠭᠡᠢ ᠲᠠᠨᠢᠵᠤ ᠣᠯᠬᠤ ᠪᠣᠯᠣᠨ᠎ᠠ ᠭᠡᠳᠡᠭ ᠲᠦ᠍ ᠪᠢᠳᠡ ᠪᠠᠲᠤ ᠢᠲᠡᠭᠡᠵᠦ ᠪᠠᠢᠨ᠎ᠠ᠃ ᠡᠨᠡ ᠵᠢᠯ ᠪᠣᠯ ᠡᠬᠡ ᠬᠠᠭᠤᠷᠠᠢ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠮᠥᠨ᠂ ᠪᠢᠳᠡ ᠳᠤᠷᠠᠲᠠᠶ᠎ᠠ ᠲᠠᠢᠸᠠᠨ᠎ᠤ ᠥᠷᠭᠡᠨ ᠤᠯᠠᠨ ᠠᠬ᠎ᠠ ᠳᠡᠭᠦᠦ ᠨᠠᠷ᠎ᠲᠠᠢ ᠬᠠᠮᠲᠤ᠎ᠪᠠᠷ ᠬᠥᠭᠵᠢᠯᠲᠡ᠎ᠶᠢᠨ ᠠᠵᠠ ᠲᠣᠬᠢᠶᠠᠯ ᠪᠠ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠳᠤᠮᠳᠠᠳᠤ᠎ᠶᠢᠨ ᠦᠨᠳᠦᠰᠦᠲᠡᠨ᠎ᠦ ᠠᠵᠤ ᠠᠬᠤᠢ᠎ᠶᠢ ᠬᠠᠮᠲᠤ᠎ᠪᠠᠷ ᠪᠤᠵᠠᠭᠠᠢᠷᠠᠭᠤᠯᠤᠨ᠎ᠠ᠃ ᠭᠣᠮᠢᠨᠳᠠᠩ ᠡᠪ ᠬᠠᠮᠲᠤ ᠨᠠᠮ ᠬᠣᠶᠠᠷ ᠨᠠᠮ ᠤᠯᠤᠰ ᠲᠦᠷᠦ᠎ᠶᠢᠨ ᠢᠲᠡᠭᠡᠯᠴᠡᠭᠡ᠎ᠪᠡᠨ ᠪᠡᠬᠢᠵᠢᠭᠦᠯᠵᠦ᠂ ᠰᠠᠢᠨ ᠬᠤᠷᠰᠢᠯᠴᠠᠭ᠎ᠠ ᠪᠡᠨ ᠪᠠᠲᠤᠯᠠᠵᠤ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡᠨ᠎ᠤ ᠠᠬ᠎ᠠ ᠳᠡᠭᠦᠦ ᠨᠠᠷ᠎ᠲᠠᠢ ᠪᠦᠯᠬᠦᠮᠳᠡᠵᠦ᠂ ᠡᠬᠡ ᠣᠷᠣᠨ᠎ᠤ ᠨᠢᠭᠡᠳᠦᠯ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠢᠨ ᠰᠠᠢᠬᠠᠨ ᠢᠷᠡᠭᠡᠳᠦᠢ᠎ᠶᠢ ᠭᠠᠷ ᠬᠣᠯᠪᠣᠨ ᠬᠠᠮᠲᠤ᠎ᠪᠠᠷ ᠴᠣᠭᠴᠠᠯᠠᠬᠤ ᠬᠡᠷᠡᠭᠳᠡᠢ᠃

ᠵᠧᠩ ᠯᠢ ᠸᠸᠨ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠠᠷᠠᠳ ᠲᠦᠮᠡᠨ ᠪᠣᠯ ᠴᠥᠮ ᠶᠠᠨᠳᠢ ᠬᠤᠸᠠᠨᠭᠳᠢ᠎ᠶᠢᠨ ᠬᠤᠢᠴᠢᠰ ᠮᠥᠨ᠂ ᠴᠥᠮ ᠳᠤᠮᠳᠠᠳᠤ᠎ᠶᠢᠨ ᠦᠨᠳᠦᠰᠦᠲᠡᠨ᠎ᠳᠦ ᠬᠠᠷᠢᠶᠠᠯᠠᠭᠳᠠᠨ᠎ᠠ᠂ ᠴᠥᠮ ᠳᠤᠮᠳᠠᠳᠤ᠎ᠶᠢᠨ ᠰᠣᠶᠣᠯ ᠎ᠤᠨ ᠨᠥᠯᠥᠭᠡ ᠎ᠶᠢ ᠬᠦᠷᠳᠡᠭᠰᠡᠨ ᠶᠤᠮ᠂ ᠴᠥᠮ ᠳᠤᠮᠳᠠᠳᠤ ᠤᠯᠤᠰ᠎ᠤᠨ ᠬᠥᠮᠥᠨ᠂ ᠨᠢᠭᠡ ᠭᠡᠷ᠎ᠦᠨ ᠬᠥᠮᠥᠨ ᠮᠦᠨ᠂ ᠰᠦᠨ ᠵᠦᠩ ᠱᠠᠨ ᠠᠪᠤᠭᠠᠢ᠎ᠶᠢᠨ ᠳᠤᠷᠠᠳᠤᠭᠰᠠᠨ ᠳᠤᠮᠳᠠᠳᠤ ᠤᠯᠤᠰ᠎ᠢᠶᠠᠨ ᠬᠥᠭᠵᠢᠭᠦᠯᠦᠨ ᠮᠠᠨᠳᠤᠭᠤᠯᠬᠤ᠎ᠶᠢ ᠭᠠᠷ ᠬᠣᠯᠪᠣᠨ ᠠᠬᠢᠭᠤᠯᠪᠠᠯ ᠵᠣᠬᠢᠨ᠎ᠠ᠃ ᠭᠣᠮᠢᠨᠳᠠᠩ ᠡᠪ ᠬᠠᠮᠲᠤ ᠨᠠᠮ ᠬᠣᠶᠠᠷ ᠨᠠᠮ 《ᠶᠡᠷᠡᠨ ᠬᠣᠶᠠᠷ ᠣᠨ ᠎ᠤ ᠬᠠᠮᠲᠤ ᠎ᠶᠢᠨ ᠲᠠᠨᠢᠯᠲᠠ》᠂ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠵᠢ ᠡᠰᠡᠷᠬᠦᠴᠡᠬᠦ ᠬᠠᠮᠲᠤ᠎ᠶᠢᠨ ᠤᠯᠤᠰ ᠲᠥᠷᠥ ᠎ᠶᠢᠨ ᠰᠠᠭᠤᠷᠢ ᠶ᠋ᠢ ᠪᠠᠷᠢᠮᠲᠠᠯᠠᠵᠤ᠂ ᠤᠯᠤᠰ ᠲᠦᠷᠦ ᠎ᠶᠢᠨ ᠢᠲᠡᠭᠡᠯᠴᠡᠭᠡ᠎ᠪᠡᠨ ᠴᠢᠩᠭᠠᠳᠬᠠᠵᠤ᠂ ᠨᠡᠪᠲᠡᠷᠡᠯᠴᠡᠬᠦ ᠲᠠᠪᠴᠠᠩ᠎ᠤᠨ ᠴᠢᠳᠠᠮᠵᠢ᠎ᠶᠢ ᠪᠠᠳᠠᠷᠠᠭᠤᠯᠵᠤ᠂ ᠳᠤᠮᠳᠠᠳᠤ ᠎ᠶᠢᠨ ᠲᠡᠦᠬᠡ ᠎ᠶᠢ ᠬᠠᠮᠠᠭᠠᠯᠠᠬᠤ᠂ ᠳᠤᠮᠳᠠᠳᠤ᠎ᠶᠢᠨ ᠰᠣᠶᠣᠯ᠎ᠢ ᠪᠠᠳᠠᠷᠠᠭᠤᠯᠬᠤ᠎ᠪᠠᠷ ᠬᠦᠴᠦᠯᠡᠨ ᠴᠢᠷᠮᠠᠢᠵᠤ᠂ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠠᠷᠠᠳ᠎ᠤᠨ ᠬᠣᠭᠣᠷᠣᠨᠳᠣᠬᠢ᠂ ᠦᠨᠳᠦᠰᠦᠨ ᠱᠠᠲᠤ᠂ ᠠᠵᠤ ᠠᠬᠤᠢ ᠠᠷᠠᠯᠵᠢᠶ᠎ᠠ᠂ ᠰᠣᠶᠣᠯ ᠵᠡᠷᠭᠡ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠵᠤ᠂ ᠵᠠᠯᠠᠭᠤᠴᠤᠳ᠎ᠤᠨ ᠰᠣᠯᠢᠯᠴᠠᠭ᠎ᠠ ᠬᠥᠭᠵᠢᠯᠲᠡ ᠎ᠶᠢ ᠳᠡᠮᠵᠢᠵᠦ᠂ ᠠᠷᠠᠳ ᠲᠦᠮᠡᠨ᠎ᠦ ᠬᠠᠮᠲᠤ᠎ᠶᠢᠨ ᠪᠤᠶᠠᠨ ᠵᠢᠷᠭᠠᠯ᠎ᠢ ᠨᠡᠮᠡᠭᠳᠡᠭᠦᠯᠵᠦ᠂ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠬᠠᠷᠢᠴᠠᠭ᠎ᠠ ᠵᠢ ᠨᠠᠢᠷᠠᠮᠳᠠᠯ᠎ᠢᠶᠠᠷ ᠬᠥᠭᠵᠢᠬᠦᠯᠬᠦ᠎ᠶᠢ ᠠᠬᠢᠭᠤᠯᠵᠤ᠂ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ ᠎ᠦ ᠬᠠᠷᠢᠴᠠᠭ᠎ᠠ ᠎ᠶᠢᠨ ᠰᠠᠢᠨ ᠰᠠᠢᠬᠠᠨ ᠢᠷᠡᠭᠡᠳᠦᠢ᠎ᠶᠢ ᠨᠡᠬᠡᠭᠡᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠦᠶ᠎ᠡ ᠭᠡᠵᠦ ᠢᠯᠡᠳᠬᠡᠪᠡ᠃

ᠸᠠᠩ ᠬ᠍ᠤ ᠨᠢᠩ᠂ ᠼᠠᠢ ᠴᠢ ᠨᠠᠷ ᠠᠭᠤᠯᠵᠠᠯᠲᠠ᠎ᠳᠤ ᠣᠷᠣᠯᠴᠠᠵᠠᠢ᠃


ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号