ᠰᠢ ᠵᠢᠨ ᠫᠢᠩ ᠳᠤᠮᠳᠠᠳᠤ ᠠᠮᠧᠷᠢᠺᠠ᠎ᠶ᠋ᠢᠨ 《ᠫᠢᠩᠫᠠᠩ ᠪᠥᠮᠪᠥᠭᠡ᠎ᠶ᠋ᠢᠨ ᠭᠠᠳᠠᠭᠠᠳᠤ ᠬᠠᠷᠢᠯᠴᠠᠭ᠎ᠠ》 ᠵᠢᠨ 55 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠵᠢᠴᠢ ᠳᠤᠮᠳᠠᠳᠤ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠰᠣᠯᠢᠯᠴᠠᠭᠠᠨ᠎ᠤ ᠱᠢᠷᠢᠰ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ᠎ᠳᠤ ᠪᠠᠶᠠᠷ᠎ᠤᠨ ᠵᠠᠬᠢᠳᠠᠯ ᠢᠯᠡᠭᠡᠪᠡ
2026-04-11 10:43:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 10 ᠎ᠤ᠋ ᠡᠳᠦᠷ᠂ ᠤᠯᠤᠰ ᠎ᠤᠨ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠠᠮᠧᠷᠢᠺᠠ᠎ᠶ᠋ᠢᠨ 《ᠫᠢᠩᠫᠠᠩ ᠪᠥᠮᠪᠥᠭᠡ᠎ᠶ᠋ᠢᠨ ᠭᠠᠳᠠᠭᠠᠳᠤ ᠬᠠᠷᠢᠯᠴᠠᠭ᠎ᠠ》 ᠶ᠋ᠢᠨ 55 ᠵᠢᠯ ᠎ᠦᠨ ᠣᠶ ᠎ᠶ᠋ᠢ ᠳᠤᠷᠠᠰᠭᠠᠬᠤ ᠶᠡᠬᠡ ᠬᠤᠷᠠᠯ ᠵᠢᠴᠢ ᠳᠤᠮᠳᠠᠳᠤ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠰᠣᠯᠢᠯᠴᠠᠭᠠᠨ᠎ᠤ ᠱᠢᠷᠢᠰ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ᠎ᠳᠤ ᠪᠠᠶᠠᠷ ᠎ᠤᠨ ᠵᠠᠬᠢᠳᠠᠯ ᠢᠯᠡᠭᠡᠪᠡ᠃

ᠰᠢ ᠵᠢᠨ ᠫᠢᠩ᠂ 55 ᠵᠢᠯ ᠎ᠦᠨ ᠡᠮᠦᠨ᠎ᠡ᠂ ᠳᠤᠮᠳᠠᠳᠤ ᠠᠮᠧᠷᠢᠺᠠ᠎ᠶ᠋ᠢᠨ ᠠᠬᠠᠮᠠᠳ ᠨᠢᠭᠡ ᠦᠶ᠎ᠡ᠎ᠶ᠋ᠢᠨ ᠤᠳᠤᠷᠢᠳᠭᠤ ᠬᠥᠮᠦᠰ ᠭᠠᠷᠮᠠᠭᠠᠢ ᠤᠯᠤᠰ ᠲᠦᠷᠦ᠍᠎ᠶ᠋ᠢᠨ ᠤᠶᠤᠨ ᠤᠬᠠᠭᠠᠨ ᠪᠣᠯᠤᠨ ᠪᠠᠢᠯᠳᠤᠬᠤ ᠪᠤᠳᠤᠯᠭ᠎ᠠ᠎ᠶ᠋ᠢᠨ ᠬᠤᠯᠠ᠎ᠶ᠋ᠢᠨ ᠬᠠᠷᠡᠴᠡ᠎ᠪᠠᠷ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠰᠡᠭ ᠶᠠᠪᠤᠯᠴᠠᠭᠠᠨ᠎ᠤ ᠡᠭᠦᠳᠡ᠎ᠶ᠋ᠢ ᠲᠠᠬᠢᠨ ᠨᠡᠭᠡᠭᠡᠵᠦ᠍᠂ 《ᠵᠢᠵᠢᠭ ᠪᠥᠮᠪᠥᠭᠡ ᠪᠡᠷ ᠲᠤᠮᠤ ᠪᠥᠮᠪᠥᠭᠡ᠎ᠶ᠋ᠢ ᠡᠷᠭᠢᠯᠳᠦᠭᠦᠯᠦᠭ᠌ᠰᠡᠨ》 ᠲᠡᠦᠬᠡ ᠎ᠶ᠋ᠢᠨ ᠰᠠᠢᠬᠠᠨ ᠲᠠᠭᠤᠷᠢᠰᠬᠠᠯ᠎ᠢ ᠪᠢᠴᠢᠭᠯᠡᠭ᠌ᠰᠡᠨ ᠪᠠᠢᠨ᠎ᠠ᠃ ᠥᠨᠥᠳᠦᠷ᠂ ᠬᠣᠶᠠᠷ ᠤᠯᠤᠰ ᠎ᠤᠨ ᠵᠠᠯᠠᠭᠤᠴᠤᠳ ᠪᠠᠭᠠᠴᠤᠳ ᠳᠠᠬᠢᠨᠲᠠ 《ᠫᠢᠩᠫᠠᠩ ᠪᠥᠮᠪᠥᠭᠡ᠎ᠶ᠋ᠢᠨ ᠬᠤᠪᠢ ᠪᠠᠷᠢᠯᠳᠤᠯᠭ᠎ᠠ》 ᠪᠠᠨ ᠦᠷᠭᠦᠯᠵᠢᠯᠡᠭᠦᠯᠵᠦ᠍᠂ ᠪᠡᠶ᠎ᠡ᠎ᠶ᠋ᠢᠨ ᠲᠠᠮᠢᠷ᠎ᠤᠨ ᠰᠣᠯᠢᠯᠴᠠᠭᠠᠨ ᠎ᠤ ᠱᠢᠷᠢᠰ ᠠᠵᠢᠯᠯᠠᠭ᠎ᠠ ᠎ᠶ᠋ᠢ ᠥᠷᠨᠢᠭᠦᠯᠬᠦ᠌ ᠨᠢ ᠳᠤᠮᠳᠠᠳᠤ ᠠᠮᠧᠷᠢᠺᠠ᠎ᠶ᠋ᠢᠨ ᠨᠥᠬᠥᠷᠯᠡᠯ ᠎ᠦᠨ ᠦᠢᠯᠡᠰ ᠎ᠢ ᠠᠬᠢᠭᠤᠯᠬᠤ ᠎ᠳᠤ ᠮᠠᠰᠢ ᠶᠡᠬᠡ ᠠᠴᠢ ᠬᠣᠯᠪᠣᠭ᠍ᠳᠠᠯ᠎ᠲᠠᠶ ᠶᠤᠮ  ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠰᠠᠭᠤᠷᠢ᠎ᠶ᠋ᠢ ᠠᠷᠠᠳ ᠲᠦᠮᠡᠨ ᠴᠣᠭ᠍ᠴᠠᠯᠠᠨ ᠪᠠᠢᠭᠤᠯᠵᠤ᠂ ᠢᠷᠡᠭᠡᠳᠦᠢ᠎ᠶ᠋ᠢ ᠵᠠᠯᠠᠭᠤᠴᠤᠳ ᠲᠦ᠍ ᠲᠦᠰᠢᠭᠯᠡᠨ ᠡᠭᠦᠳᠦᠨ ᠪᠦᠲᠦᠭᠡᠳᠡᠭ᠃ ᠬᠣᠶᠠᠷ ᠤᠯᠤᠰ᠎ᠤᠨ ᠡᠯ᠎ᠡ ᠡᠲᠡᠭᠡᠳ᠎ᠦᠨ ᠬᠥᠮᠦᠰ ᠢᠯᠠᠩᠭᠤᠶ᠎ᠠ ᠵᠠᠯᠠᠭᠤ ᠨᠢᠭᠡ ᠦᠶ᠎ᠡ᠎ᠶ᠋ᠢᠨ ᠬᠢᠨ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠳᠤᠮᠳᠠ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠤᠯᠭᠠᠬᠤ ᠳᠤᠮᠳᠠ ᠭᠠᠷ ᠬᠣᠯᠪᠣᠨ ᠤᠷᠤᠭ᠍ᠰᠢᠯᠠᠵᠤ᠂ ᠨᠥᠬᠥᠷᠯᠡᠯ ᠎ᠦᠨ ᠬᠣᠯᠪᠣᠭᠠᠰᠤ᠎ᠶ᠋ᠢ ᠬᠠᠮᠲᠤ᠎ᠪᠠᠷ ᠴᠢᠩᠭᠠᠯᠠᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠎ᠶ᠋ᠢᠨ ᠲᠣᠭ᠍ᠲᠠᠭᠤᠨ᠂ ᠡᠷᠡᠭᠦᠯ᠂ ᠦᠷᠭᠦᠯᠵᠢᠯᠡᠬᠦ᠌ ᠬᠥᠭ᠌ᠵᠢᠯᠲᠡ ᠎ᠶ᠋ᠢ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠳᠤᠮᠳᠠᠳᠤ ᠠᠮᠧᠷᠢᠺᠠ᠎ᠶ᠋ᠢᠨ 《ᠫᠢᠩᠫᠠᠩ ᠪᠥᠮᠪᠥᠭᠡ᠎ᠶ᠋ᠢᠨ ᠭᠠᠳᠠᠭᠠᠳᠤ ᠬᠠᠷᠢᠯᠴᠠᠭ᠎ᠠ》ᠶ᠋ᠢᠨ 55 ᠵᠢᠯ᠎ᠦᠨ ᠣᠶ ᠎ᠶ᠋ᠢ ᠳᠤᠷᠠᠰᠭᠠᠬᠤ ᠶᠡᠬᠡ ᠬᠤᠷᠠᠯ ᠵᠢᠴᠢ ᠳᠤᠮᠳᠠᠳᠤ ᠠᠮᠧᠷᠢᠺᠠ᠎ᠶ᠋ᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠰᠣᠯᠢᠯᠴᠠᠭᠠᠨ᠎ᠤ ᠱᠢᠷᠢᠰ ᠠᠵᠢᠯᠯᠠᠭ᠎ᠠ᠎ᠶ᠋ᠢᠨ ᠡᠬᠢᠯᠡᠯᠲᠡ ᠎ᠶ᠋ᠢᠨ ᠶᠣᠰᠣᠯᠠᠯ ᠲᠤᠬᠠᠶ ᠎ᠶ᠋ᠢᠨ ᠡᠳᠦᠷ ᠪᠡᠭᠡᠵᠢᠩ ᠎ᠳᠦ ᠶᠠᠪᠤᠭ᠍ᠳᠠᠵᠤ᠂ ᠳᠤᠮᠳᠠᠳᠤ ᠤᠯᠤᠰ᠎ᠤᠨ ᠠᠷᠠᠳ ᠎ᠤᠨ ᠭᠠᠳᠠᠭᠠᠳᠤ᠎ᠯᠤᠭ᠎ᠠ ᠎ᠶ᠋ᠢᠨ ᠨᠥᠬᠥᠷᠰᠡᠭ ᠨᠡᠢᠭᠡᠮᠯᠢᠭ᠂ ᠤᠯᠤᠰ᠎ᠤᠨ ᠪᠡᠶ᠎ᠡ᠎ᠶ᠋ᠢᠨ ᠲᠠᠮᠢᠷ ᠎ᠤᠨ ᠶᠡᠷᠦᠩᠬᠡᠶ ᠲᠣᠪᠴᠢᠶ᠎ᠠ ᠪᠣᠯᠤᠨ ᠲᠥᠪ ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠡᠴᠡ ᠬᠠᠮᠲᠤᠷᠠᠨ ᠡᠷᠭᠢᠯᠡᠪᠡ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 4 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ )  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号