ᠮᠠᠨ ᠎ᠤ ᠤᠯᠤᠰ ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠤᠨ᠎ᠠ
2026-04-11 11:08:53
ᠵᠣᠬᠢᠶᠠᠭ᠍ᠴᠢ᠄
ᠯᠢᠦ ᠸᠧᠶ ᠰᠶ᠋ᠶᠸ ᠰᠢ ᠶᠣᠣ ᠵᠣᠣ ᠽᠸ ᠬᠤᠢ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠥᠪᠱᠢᠶᠡᠷᠡᠭᠳᠡᠭᠰᠡᠨ ᠲᠠᠱᠢᠷᠠᠮ᠎ᠳᠤ


《ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠢ ᠲᠥᠰᠦᠯ》 ᠢ᠋ 4 ᠰᠠᠷ᠎ᠠ᠎ᠶ᠋ᠢᠨ 9 ᠤ᠋ ᠡᠳᠦᠷ  ᠨᠡᠢᠲᠡᠯᠡᠪᠡ᠃

《ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠤᠨ᠎ᠠ》 — ᠶᠡᠷᠦᠩᠬᠡᠢ ᠱᠦᠵᠢ  ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠴᠢᠩ ᠰᠡᠳᠭᠢᠯ ᠎ᠦᠨ ᠨᠠᠢᠳᠠᠯᠭ᠎ᠠ ᠲᠠᠯᠪᠢᠪᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠥᠪᠱᠢᠶᠡᠷᠡᠭᠳᠡᠭᠰᠡᠨ ᠨᠢ ᠶᠠᠭ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠴᠢᠬᠤᠯᠠ ᠨᠠᠢᠳᠠᠪᠤᠷᠢᠵᠢᠭᠤᠯᠤᠯᠲᠠ ᠪᠣᠯᠤᠨ᠎ᠠ᠃

《ᠳᠣᠲᠣᠭᠠᠳᠤ᠎ᠳᠠᠭᠠᠨ ᠨᠠᠢ᠍ᠮᠠᠨ ᠮᠤᠵᠢ ᠤᠷᠤᠨ ᠲᠠᠶ ᠵᠠᠯᠭᠠᠯᠳᠤᠵᠤ ᠪᠡᠭᠡᠵᠢᠩ᠎ᠤᠨ ᠲᠡᠭᠦᠷᠭᠡ ᠲᠠᠢ ᠤᠢᠷᠠᠳᠴᠤ᠂ ᠭᠠᠳᠠᠭᠠᠳᠤ᠎ᠳᠠᠭᠠᠨ ᠤᠷᠤᠰ ᠮᠣᠩᠭᠣᠯ᠎ᠲᠠᠶ ᠬᠥᠷᠱᠢᠯᠡᠵᠦ᠍ ᠧᠦ᠋ᠷᠣᠫᠠ ᠠᠽᠢᠶ᠎ᠠ᠎ᠲᠠᠶ ᠨᠡᠪᠲᠡᠷᠡᠯᠴᠡᠭ᠌ᠰᠡᠨ》 ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠲᠦᠱᠢᠭ᠌ᠯᠡᠨ᠂ ᠥᠪᠥᠷ ᠮᠣᠩᠭᠣᠯ᠎ᠤᠨ ᠭᠠᠳᠠᠭᠠᠳᠤ ᠨᠡᠭᠡᠭᠡᠯᠲᠡ᠎ᠶ᠋ᠢᠨ ᠠᠯᠬᠤᠴᠠ ᠶᠡᠷᠦ᠍᠎ᠡᠴᠡ ᠵᠣᠭ᠍ᠰᠣᠭ᠎ᠠ ᠦᠭᠡᠢ᠄ ᠡᠨᠡ ᠵᠢᠯ᠎ᠦᠨ ᠲᠦᠷᠦᠭᠦᠦ ᠬᠣᠶᠠᠷ ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠨᠡᠮᠡᠭ᠌ᠳᠡᠯ᠎ᠦᠨ ᠬᠤᠷᠳᠤᠴᠠ ᠨᠢ ᠪᠦᠬᠦ᠌ ᠤᠯᠤᠰ᠎ᠤᠨ ᠭᠤᠷᠪᠠᠳᠤᠭᠠᠷ᠎ᠲᠤ ᠣᠷᠣᠵᠤ᠂ ᠨᠡᠭᠡᠭᠡᠯᠲᠡ᠎ᠶ᠋ᠢᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ; ᠭᠠᠳᠠᠭᠠᠳᠤ ᠨᠡᠭᠡᠭᠡᠯᠲᠡ᠎ᠶ᠋ᠢᠨ 20 ᠬᠢᠯᠢ ᠵᠢᠨ ᠪᠣᠭᠣᠮᠲᠠ ᠨᠢ ᠲᠠᠯ᠎ᠠ ᠨᠤᠲᠤᠭ᠎ᠤᠨ ᠭᠡᠷᠡᠯᠲᠦ ᠰᠤᠪᠤᠳ ᠮᠡᠲᠦ ᠬᠡᠷᠡᠯ ᠭᠢᠯᠪᠠᠭ᠎ᠠ ᠪᠡᠨ ᠰᠠᠴᠤᠷᠠᠭᠤᠯᠵᠤ᠂ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠶ᠋ᠢᠨ ᠵᠢᠯ᠎ᠦᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ ᠣᠯᠠᠨ ᠤᠳᠠᠭ᠎ᠠ ᠲᠦᠷᠦᠭᠦᠯᠡᠪᠡ ᠁

ᠤᠳᠤᠬᠠᠨ᠎ᠳᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠨᠢ ᠮᠠᠨ᠎ᠤ ᠤᠯᠤᠰ᠎ᠤᠨ ᠤᠮᠠᠷᠠᠲᠤ᠎ᠶ᠋ᠢᠨ ᠬᠢᠯᠢ ᠳᠠᠭᠠᠤ ᠣᠷᠣᠨ᠎ᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠷᠢᠱᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠨᠢᠭᠡᠨ ᠭᠣᠭ᠍ᠴᠣᠭ᠎ᠠ᠎ᠶ᠋ᠢ ᠨᠥᠬᠥᠪᠥᠷᠢᠯᠡᠵᠦ᠍᠂ ᠤᠯᠤᠰ᠎ᠤᠨ ᠨᠡᠬᠡᠬᠡᠯᠳᠡ ᠬᠢᠬᠦ᠌ ᠪᠠᠢᠷᠢᠱᠢᠯ᠎ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠤᠮᠠᠷᠠᠰᠢ ᠨᠡᠬᠡᠬᠡᠯᠳᠡ ᠬᠢᠬᠦ᠌ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠬᠤ ᠴᠡᠭ᠎ᠢ ᠪᠠᠲᠤ ᠴᠣᠭ᠍ᠴᠠᠯᠠᠪᠠ᠃

ᠳᠦᠷᠢᠮ᠎ᠦᠨ ᠠᠱᠢᠭ᠎ᠢ ᠪᠠᠳᠠᠷᠠᠭᠤᠯᠵᠤ᠂ 《ᠨᠡᠪᠲᠡᠷᠡᠯᠴᠡᠪᠡᠴᠤ ᠲᠦᠪᠯᠡᠷᠡᠩᠭᠦᠢ ᠪᠤᠰᠤ》ᠬᠥᠭ᠌ᠵᠢᠯᠲᠡ᠎ᠶ᠋ᠢᠨ ᠪᠣᠭᠣᠮᠢ ᠶ᠋ᠢ ᠡᠪᠳᠡᠪᠡ

《ᠣᠷᠣᠰ ᠮᠣᠩᠭᠣᠯ᠎ᠢ ᠪᠠᠷᠠᠯᠠᠨ᠂ ᠳᠠᠬᠢᠶ᠎ᠠ ᠲᠤᠤᠭᠠᠷᠬᠤ ᠲᠠᠭᠤᠨ ᠭᠤᠷᠪᠠᠨ ᠤᠯᠤᠰ ᠲᠤ᠌ ᠰᠤᠨᠤᠰᠲᠠᠨ᠎ᠠ》᠃ ᠡᠨᠡ ᠦᠭᠡ ᠪᠣᠯ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠠᠭᠤᠯᠵᠠᠷ᠎ᠲᠠᠬᠢ ᠬᠢᠯᠢ ᠵᠢᠨ ᠪᠣᠭᠣᠮᠲᠠ᠎ᠶ᠋ᠢᠨ ᠵᠢᠵᠢᠭ ᠬᠣᠲᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨᠵᠤᠤᠷ ᠬᠣᠲᠠ᠎ᠶ᠋ᠢᠨ ᠲᠤᠬᠠᠢ ᠳᠦᠷᠰᠦᠯᠡᠯ ᠪᠣᠯᠤᠨ᠎ᠠ᠃

ᠮᠠᠨᠵᠤᠤᠷ᠎ᠤᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠳᠤ᠂ ᠬᠠᠴᠠᠪᠴᠢᠲᠤ ᠡᠷᠭᠦᠭᠦᠷ᠎ᠢᠶᠡᠷ ᠴᠢᠩᠭᠡᠯᠢᠭ᠎ᠢ ᠡᠮᠬᠢ ᠵᠢᠷᠤᠮ᠎ᠲᠠᠶ᠎ᠪᠠᠷ ᠪᠠᠭᠤᠯᠭᠠᠨ ᠲᠡᠭᠡᠭᠡᠵᠦ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠠᠭᠤᠷ᠎ᠤᠨ ᠱᠤᠤᠬᠢᠯ ᠵᠢᠡᠨ᠎ᠬᠠᠩᠭᠢᠨᠠᠭᠤᠯᠤᠨ ᠠᠶᠠᠯᠠᠯ᠎ᠢᠶᠡᠨ ᠡᠬᠢᠯᠡᠭᠦᠯᠵᠦ᠂ ᠧᠦ᠋ᠷᠣᠫᠠ ᠲᠢᠪ᠎ᠢ ᠴᠢᠭᠯᠡᠨ ᠮᠤᠷᠳᠠᠨ᠎ᠠ; ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ᠂ ᠭᠠᠳᠠᠭᠠᠲᠤ ᠤᠷᠤᠭᠤᠯᠤᠯᠲᠠ ᠵᠢᠨ ᠨᠡᠭᠦᠷᠡᠰᠦ ᠵᠡᠷᠭᠡ ᠡᠨᠧᠷᠭᠢ᠎ᠶ᠋ᠢᠨ ᠡᠬᠢ ᠪᠠᠶᠠᠯᠢᠭ᠎ᠢ ᠲᠦᠭᠦᠷᠲᠡᠯ᠎ᠡ ᠠᠴᠢᠶᠠᠯᠠᠭᠰᠠᠨ ᠪᠠᠷᠠᠭᠠᠨ᠎ᠤ ᠲᠡᠷᠭᠡ ᠲᠠᠰᠤᠷᠠᠯᠲᠠ ᠥᠬᠡᠶ ᠴᠤᠪᠤᠷᠠᠵᠤ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠡᠳᠦᠷ ᠲᠤᠲᠤᠮ᠎ᠤᠨ ᠬᠡᠷᠡᠭ᠌ᠯᠡᠭᠡᠨ᠎ᠦ ᠪᠦᠷᠢᠨ ᠪᠠᠷᠠᠭ᠎ᠠ ᠴᠤ᠌ ᠡᠭᠦᠨ᠎ᠢᠶᠡᠷ ᠳᠡᠮᠵᠢᠨ ᠧᠦ᠋ᠷᠣᠫᠠ᠎ᠶ᠋ᠢᠨ ᠵᠠᠬ᠎ᠠ ᠳᠡᠯᠭᠡᠭᠦᠷ ᠵᠦᠭ ᠲᠦᠷᠭᠡᠨ ᠬᠦᠷᠭᠡᠭᠳᠡᠨ᠎ᠡ ᠁ ᠡᠨᠡ ᠬᠦ᠌ ᠬᠢᠯᠢ ᠵᠢᠨ ᠪᠣᠭᠣᠮᠲᠠ᠎ᠶ᠋ᠢᠨ ᠵᠢᠵᠢᠭ ᠬᠣᠲᠠ᠎ᠶ᠋ᠢᠨ  ᠠᠷᠠᠯᠵᠢᠶᠠᠨ᠎ᠤ ᠠᠮᠢᠳᠤᠯᠢᠭ ᠦᠵᠡᠭᠳᠡᠯ᠎ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠭᠦᠨᠴᠡ ᠪᠠ ᠥᠷᠭᠡᠴᠡ᠎ᠶ᠋ᠢ ᠲᠤᠰᠭᠠᠭᠰᠠᠨ ᠪᠠᠢᠨ᠎ᠠ᠃

ᠣᠷᠳᠣ ᠬᠤᠭᠤᠴᠠᠭᠠᠨ᠎ᠤ ᠲᠤᠷᠰᠢ᠂ ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ ᠣᠷᠳᠣ ᠭᠡᠭᠴᠢ ᠬᠢᠯᠢ᠎ᠶ᠋ᠢᠨ ᠱᠤᠭᠤᠮ ᠪᠠ ᠮᠠᠰᠢ ᠣᠯᠠᠨ ᠬᠢᠯᠢ ᠵᠢᠨ ᠪᠣᠭᠣᠮᠲᠠ᠎ᠲᠠᠶ ᠪᠠᠢᠵᠤ᠂ ᠭᠠᠵᠠᠷ ᠵᠦᠶ᠎ᠶ᠋ᠢᠨ ᠪᠠᠢᠷᠢᠰᠢᠯ ᠨᠢ ᠥᠪᠡᠷᠮᠢᠴᠡ ᠪᠠᠢᠵᠤ᠂ ᠤᠮᠠᠷᠠᠰᠢ ᠨᠡᠭᠡᠭᠡᠯᠲᠡ ᠬᠢᠬᠦ᠌ ᠳᠠᠪᠠᠭᠤᠯᠢᠭ ᠨᠢ ᠢᠯᠡᠷᠬᠡᠶ ᠪᠠᠢᠳᠠᠭ᠃ ᠭᠡᠪᠡᠴᠦ᠍ ᠵᠣᠬᠢᠬᠤ ᠬᠡᠮᠵᠢᠶᠡᠨ ᠳᠡᠭᠡᠷ᠎ᠡ ᠪᠠᠰᠠ ᠨᠡᠪᠲᠡᠷᠡᠬᠦ ᠵᠠᠮ᠎ᠤᠨ ᠳᠠᠪᠠᠭᠤᠯᠢᠭ ᠲᠣᠪᠣᠢᠮ᠎ᠠ ᠪᠠᠢᠭᠰᠠᠨ ᠴᠤ᠌ ᠲᠠᠪᠴᠠᠩ᠎ᠤᠨ ᠲᠤᠯᠭᠠᠭᠤᠷᠢᠯᠠᠯ ᠭᠦᠶ᠋ᠴᠡᠳ ᠪᠤᠰᠤ ᠪᠠᠢᠬᠤ ᠬᠥᠭ᠌ᠵᠢᠯᠲᠡ᠎ᠶ᠋ᠢᠨ ᠪᠣᠭᠣᠮᠢ᠎ᠳᠤ ᠲᠤᠯᠭᠠᠷᠠᠵᠤ ᠪᠠᠢᠪᠠ᠃

《ᠡᠳᠦᠷ ᠪᠦᠷᠢ᠂ ᠶᠡᠬᠡ ᠬᠡᠮᠵᠢᠶᠡᠨ᠎ᠦ ᠪᠠᠷᠠᠭ᠎ᠠ ᠡᠨᠳᠡ ᠬᠢᠯᠢ᠎ᠪᠡᠷ ᠥᠩᠭᠡᠷᠡᠳᠡᠭ ᠪᠣᠯᠪᠠᠴᠤ᠌ ᠲᠤᠬᠠᠶ᠎ᠶ᠋ᠢᠨ ᠭᠠᠵᠠᠷ᠎ᠲᠤ ᠦᠯᠡᠳᠡᠭᠡᠵᠦ᠍ ᠥᠭ᠌ᠬᠦ ᠨᠡᠮᠡᠯᠲᠡ ᠥᠷᠲᠡᠭ ᠨᠢ ᠬᠠᠷᠢᠨ ᠬᠠᠷᠢᠴᠠᠩᠭᠤᠶ᠎ᠪᠠᠷ ᠬᠢᠵᠠᠭᠠᠷ᠎ᠲᠠᠶ ᠪᠠᠢᠳᠠᠭ》 ᠭᠡᠵᠦ ᠴᠥᠭᠡᠨ ᠪᠤᠰᠤ ᠨᠤᠲᠤᠭ᠎ᠤᠨ ᠬᠥᠮᠦᠰ ᠢᠩᠭᠢᠵᠦ᠍ ᠬᠡᠯᠡᠳᠡᠭ᠃

ᠡᠢᠮᠦᠷᠬᠦᠦ 《ᠨᠡᠪᠲᠡᠷᠡᠯᠴᠡᠪᠡᠴᠤ ᠲᠦᠪᠯᠡᠷᠡᠩᠭᠦᠢ ᠪᠤᠰᠤ》 ᠪᠠᠢᠬᠤ ᠲᠦᠪᠡᠭᠳᠡᠯ᠎ᠢ ᠪᠠᠢᠭᠤᠯᠤᠯ ᠲᠣᠭ᠍ᠲᠠᠴᠠ᠎ᠶ᠋ᠢᠨ ᠭᠦᠨᠵᠡᠭᠡᠢ ᠬᠤᠪᠢᠰᠤᠯᠲᠠ᠎ᠪᠠᠷ ᠲᠠᠮᠵᠢᠨ ᠱᠢᠢᠳᠪᠦᠷᠢᠯᠡᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃

ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠵᠤ ᠠᠬᠤᠶ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ ᠵᠥᠪᠯᠡᠯ᠎ᠦᠨ ᠭᠡᠱᠢᠭᠦᠨ᠂ ᠶᠡᠷᠦᠩᠬᠡᠢᠯᠡᠭ᠌ᠰᠡᠨ ᠨᠡᠭᠡᠭᠡᠨ ᠬᠥᠭ᠌ᠵᠢᠭᠦᠯᠦᠯᠲᠡ᠎ᠶ᠋ᠢᠨ ᠰᠤᠳᠤᠯᠭᠠᠨ᠎ᠤ ᠬᠦᠷᠢᠶᠡᠯᠡᠩ (ᠳᠤᠮᠳᠠᠳᠤ ᠤᠯᠤᠰ· ᠱᠧᠨᠵᠧᠨ)  ᠤ᠋ᠨ ᠳᠡᠳ᠋ ᠳᠠᠷᠤᠭ᠎ᠠ ᠪᠥᠭᠡᠳ ᠴᠢᠶᠠᠨ ᠬᠠᠢ ᠬᠤᠪᠢᠶᠠᠷᠢ ᠬᠦᠷᠢᠶᠡᠯᠡᠩ ᠎ᠤᠨ  ᠳᠠᠷᠤᠭ᠎ᠠ ᠴᠢᠦᠶ ᠵᠢᠶᠠᠨ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ ᠪᠠᠢᠭᠤᠯᠤᠭ᠍ᠳᠠᠭ᠍ᠰᠠᠨ ᠨᠢ ᠥᠪᠥᠷ ᠮᠣᠩᠭᠣᠯ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ ᠬᠢᠬᠦ᠌ ᠲᠠᠯ᠎ᠠ᠎ᠪᠠᠷ ᠨᠠᠩ ᠣᠯᠠᠨ 《ᠬᠦᠴᠢᠷ ᠠᠰᠠᠭᠤᠳᠠᠯ᠎ᠢ ᠰᠢᠢᠳᠪᠦᠷᠢᠯᠡᠬᠦ》 ᠡᠷᠬᠡ  ᠤᠯᠬᠤ ᠪᠣᠯᠤᠭ᠍ᠰᠠᠨ᠎ᠢ ᠬᠠᠷᠠᠭᠤᠯᠵᠤ ᠪᠠᠢᠨ᠎ᠠ ᠭᠡᠵᠦ ᠢᠯᠡᠳᠭᠡᠪᠡ᠃

ᠪᠠᠢᠯᠳᠤᠬᠤ ᠪᠤᠳᠤᠯᠭ᠎ᠠ᠎ᠶ᠋ᠢᠨ ᠲᠥᠯᠥᠪᠯᠡᠭᠡ᠎ᠶ᠋ᠢ ᠦᠨᠳᠦᠰᠦᠯᠡᠪᠡᠯ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠨᠢ ᠬᠥᠬᠡᠬᠣᠲᠠ᠂ ᠮᠠᠨᠵᠤᠤᠷ᠂ ᠡᠷᠢᠶᠡᠨ ᠵᠡᠷᠭᠡ ᠭᠤᠷᠪᠠᠨ ᠬᠡᠰᠡᠭ ᠎ᠢ ᠬᠠᠮᠤᠷᠴᠤ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠥᠭ᠌ᠵᠢᠬᠦ᠌ ᠳᠦᠷᠢᠮ ᠎ᠦᠨ ᠱᠢᠨ᠎ᠡ᠎ᠶ᠋ᠢ ᠡᠭᠦᠳᠬᠦ᠌ ᠲᠣᠣᠷ᠎ᠢ ᠪᠦᠷᠢᠯᠳᠦᠭᠦᠯᠪᠡ —

ᠬᠥᠬᠡᠬᠣᠲᠠ ᠵᠢᠨ ᠬᠡᠰᠡᠭ ᠨᠢ ᠭᠣᠣᠯ ᠬᠦᠢᠰᠦ ᠪᠣᠯᠤᠭ᠍ᠰᠠᠨ᠎ᠤ ᠬᠤᠪᠢ᠎ᠳᠤ᠂ ᠤᠨᠴᠠᠯᠢᠬ᠍ᠳᠤ ᠠᠵᠤ ᠦᠢᠯᠡᠰ ᠪᠣᠯᠤᠨ ᠱᠢᠨ᠎ᠡ ᠎ᠶ᠋ᠢ ᠡᠭᠦᠳᠬᠦ᠌ ᠲᠥᠪᠯᠡᠷᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ᠎ᠡ;

ᠮᠠᠨᠵᠤᠤᠷ ᠎ᠤᠨ᠎ᠬᠡᠰᠡᠭ ᠨᠢ ᠳᠤᠮᠳᠠᠳᠤ ᠣᠷᠣᠰ ᠮᠣᠩᠭᠣᠯ᠎ᠤᠨ ᠬᠠᠮᠲᠤᠷᠠᠯᠴᠠᠭ᠎ᠠ᠎ᠳᠤ ᠲᠦᠱᠢᠭ᠌ᠯᠡᠨ᠂ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ᠎ᠢ ᠨᠦᠯᠦᠭᠡᠯᠡᠭᠰᠡᠨ ᠴᠢᠬᠤᠯᠠ ᠴᠣᠩᠬᠣᠪᠴᠢ᠎ᠶ᠋ᠢ ᠪᠠᠢᠭᠤᠯᠤᠨ᠎ᠠ;

ᠡᠷᠢᠶᠡᠨ ᠬᠣᠲᠠ ᠵᠢᠨ᠎ᠬᠡᠰᠡᠭ ᠨᠢ ᠬᠠᠷᠢᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠢ ᠭᠦᠨᠵᠡᠭᠡᠢ ᠬᠦᠭᠵᠢᠭᠦᠯᠵᠦ᠂ ᠡᠷᠬᠢᠨ ᠲᠣᠭᠣᠷᠢᠨ᠎ᠤ ᠤᠯᠤᠰ᠎ᠤᠳ᠎ᠲᠠᠶ ᠨᠥᠬᠥᠷᠰᠡᠭ᠎ᠢᠶᠡᠷ ᠬᠠᠮᠲᠤᠷᠠᠯᠴᠠᠬᠤ ᠥᠯᠢᠭᠡᠷ ᠳᠠᠭᠤᠷᠢᠶᠠᠯ᠎ᠢ ᠪᠣᠶ ᠪᠣᠯᠭᠠᠨ᠎ᠠ᠃

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠎ᠦᠨ ᠳᠠᠷᠤᠭ᠎ᠠ ᠯᠥᠸᠧ ᠴᠢᠩ᠂ ᠶᠡᠷᠦᠩᠬᠡᠢ ᠲᠥᠰᠥᠯ ᠨᠢ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ ᠎ᠤ ᠲᠤᠷᠰᠢᠯᠲᠠ ᠎ᠶᠢᠨ ᠣᠷᠣᠨ ᠎ᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ ᠳᠣᠲᠣᠭᠠᠳᠤ ᠭᠠᠳᠠᠭᠠᠳᠤ᠎ᠶᠢ ᠬᠣᠯᠪᠣᠭᠰᠠᠨ ᠴᠢᠬᠤᠯᠠ ᠠᠷᠠᠯᠵᠢᠶᠠᠨ᠎ᠤ ᠵᠠᠩᠭᠢᠯᠠᠭ᠎ᠠ᠎ᠶᠢᠨ ᠴᠡᠭ᠎ᠢ ᠴᠣᠭᠴᠠᠯᠠᠬᠤ᠂ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠂ ᠤᠮᠠᠷᠠᠰᠢ ᠨᠡᠭᠡᠭᠡᠯᠲᠡ ᠬᠢᠬᠦ ᠤᠯᠠᠨ ᠤᠯᠤᠰ᠎ᠤᠨ ᠶᠡᠬᠡ ᠵᠠᠮ᠎ᠢ ᠰᠠᠭᠠᠳ ᠦᠭᠡᠢ ᠨᠡᠪᠲᠡᠷᠡᠭᠦᠯᠬᠦ᠂ ᠥᠪᠡᠷᠮᠢᠴᠡ ᠣᠨᠴᠠᠯᠢᠭ ᠳᠠᠪᠠᠭᠤᠯᠢᠭ᠋᠎ᠲᠠᠢ ᠣᠳᠣᠬᠢᠴᠢᠯᠠᠭᠰᠠᠨ ᠠᠵᠤ ᠦᠢᠯᠡᠰ ᠎ᠦᠨ ᠰᠢᠰᠲᠧᠮ᠎ᠢ ᠪᠠᠶ᠋ᠢᠭᠤᠯᠬᠤ᠂ ᠲᠡᠷᠢᠭᠦᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠎ᠶᠢ ᠡᠭᠦᠳᠬᠦ ᠠᠮᠢ ᠠᠬᠤᠢ᠎ᠶᠢ ᠡᠭᠦᠳᠬᠦ᠂ ᠳᠣᠲᠣᠭᠠᠳᠤ ᠭᠠᠳᠠᠭᠠᠳᠤ᠎ᠶᠢᠨ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠂ ᠡᠯᠸᠮᠸᠨ᠋ᠲ᠎ᠦᠨ ᠠᠭᠤᠰᠤᠯᠴᠠᠨ ᠨᠡᠪᠲᠡᠷᠡᠯᠴᠡᠬᠦ ᠨᠡᠭᠡᠭᠡᠯᠲᠡᠲᠤ ᠲᠠᠪᠴᠠᠩ᠎ᠢ ᠪᠠᠶ᠋ᠢᠭᠤᠯᠬᠤ ᠵᠡᠷᠭᠡ 7 ᠬᠦᠷᠢᠶᠡᠨ᠎ᠦ 19 ᠲᠠᠯ᠎ᠠ᠎ᠶᠢᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠴᠠᠢ ᠭᠡᠵᠤ ᠲᠠᠨᠢᠯᠴᠠᠭᠤᠯᠪᠠ᠃

ᠡᠲᠡᠭᠡᠷ ᠠᠯᠢ ᠣᠯᠠᠨ ᠳᠦᠷᠢᠮ᠎ᠦᠨ 《ᠵᠥᠭᠡᠯᠡᠨ ᠨᠡᠪᠲᠡᠷᠡᠯᠴᠡᠭᠡ》 ᠪᠡᠷ ᠳᠡᠮᠵᠢᠨ᠂ ᠥᠪᠥᠷ ᠮᠣᠩᠭᠣᠯ ᠣᠲᠣ᠌ ᠶᠠᠭ ᠳᠣᠲᠣᠭᠠᠳᠤ ᠭᠠᠳᠠᠭᠠᠳᠤ᠎ᠶᠢ ᠬᠣᠯᠪᠣᠭᠰᠠᠨ᠂ ᠡᠷᠬᠢᠨ ᠲᠣᠭᠣᠷᠢᠨ᠎ᠢ ᠨᠥᠯᠥᠭᠡᠯᠡᠭᠰᠡᠨ ᠮᠡᠳᠡᠭᠡ ᠵᠠᠩᠭᠢ᠎ᠶᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠥᠪ᠂ ᠡᠯᠸᠮᠸᠨ᠋ᠲ ᠎ᠤᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠲᠥᠪ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ᠎ᠢ ᠪᠠᠶ᠋ᠢᠭᠤᠯᠬᠤ᠎ᠪᠠᠷ ᠴᠢᠷᠮᠠᠢᠵᠤ ᠪᠠᠢᠨ᠎ᠠ᠃

ᠴᠢᠦᠢ ᠵᠢᠶᠠᠨ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠥᠪᠰᠢᠶᠡᠷᠡᠭᠳᠡᠭᠰᠡᠨ ᠬᠠᠮᠤᠭ᠎ᠤᠨ ᠶᠡᠬᠡ ᠠᠴᠢ ᠬᠣᠯᠪᠣᠭᠳᠠᠯ ᠨᠢ ᠪᠥᠬᠥ ᠤᠯᠤᠰ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠬᠦᠯᠢ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ᠂ ᠡᠩ ᠲᠡᠷᠢᠭᠦᠨ ᠎ᠳᠦ ᠬᠠᠢᠨ ᠰᠦᠪᠡᠭᠴᠢᠯᠡᠬᠦ ᠰᠠᠨᠠᠭᠠᠴᠢᠯᠠᠭᠠᠲᠤ ᠡᠷᠬᠡ᠎ᠶᠢ ᠣᠯᠣᠭᠰᠠᠨ ᠳ᠋ᠦ ᠪᠠᠢᠨ᠎ᠠ᠂                  

ᠥᠪᠥᠷ ᠮᠣᠩᠭᠣᠯ ᠡᠭᠦᠨ᠎ᠡᠴᠡ ᠡᠬᠢᠯᠡᠨ ᠳᠦᠷᠢᠮ᠎ᠦᠨ ᠰᠢᠨ᠎ᠡ᠎ᠶᠢ ᠡᠭᠦᠳᠬᠦ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠪᠣᠯᠵᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ ᠭᠡᠵᠤ ᠢᠯᠡᠳᠬᠡᠪᠡ᠃


ᠬᠦᠢᠰᠦ᠎ᠶᠢᠨ ᠳᠠᠪᠠᠭᠤᠯᠢᠭ᠋᠎ᠢᠶᠠᠨ ᠪᠠᠳᠠᠷᠠᠭᠤᠯᠵᠤ᠂ ᠳᠤᠮᠳᠠᠳᠤ ᠮᠣᠩᠭᠣᠯ ᠣᠷᠣᠰ᠎ᠤᠨ《ᠰᠢᠵᠢᠷ ᠠᠯᠲᠠᠨ ᠨᠡᠪᠲᠡᠷᠡᠬᠦ ᠵᠠᠮ》 ᠲᠦᠷᠭᠡᠨ ᠲᠠᠰ ᠳᠡᠪᠰᠢᠪᠡ

ᠥᠨᠳᠥᠷ ᠰᠦᠷᠯᠢᠭ ᠤᠯᠤᠰ ᠎ᠤᠨ ᠡᠭᠦᠳᠡᠨ᠎ᠦ ᠳᠣᠣᠷ᠎ᠠ᠂ ᠭᠠᠯᠲᠦ ᠲᠡᠷᠭᠡᠨ᠎ᠤ ᠰᠤᠤᠬᠢᠯ᠎ᠤᠨ ᠳᠠᠭᠤ ᠤᠳᠠᠲᠠᠯ᠎ᠠ ᠳᠠᠭᠤᠷᠢᠰᠤᠨ᠎ᠠ᠃

ᠡᠨᠡ ᠵᠢᠯ᠎ᠦᠨ ᠲᠦᠷᠦᠭᠦᠦ ᠤᠯᠠᠷᠢᠯ᠎ᠳᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠳᠤᠮᠳᠠ ᠨᠡᠪᠲᠡᠷᠡᠬᠦ ᠵᠠᠮ᠎ᠤᠨ ᠵᠠᠩᠭᠢᠯᠠᠭ᠎ᠠ᠎ᠶᠢᠨ ᠴᠡᠭ ︱ ᠥᠪᠥᠷ ᠮᠣᠩᠭᠣᠯ᠎ᠤᠨ ᠡᠷᠢᠶᠡᠨ ᠬᠣᠲᠠ᠎ᠶᠢᠨ ᠲᠡᠮᠦᠷ ᠵᠠᠮ᠎ᠤᠨ ᠪᠣᠭᠣᠮᠲᠠ᠎ᠳᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 1145 ᠨᠡᠪᠲᠡᠷᠡᠵᠦ᠂ ᠠᠳᠠᠯᠢ ᠬᠤᠭᠤᠴᠠᠭᠠᠨ᠎ᠤ ᠬᠢ᠎ᠡᠴᠡ 22.3% ᠪᠡᠷ ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠡᠷᠢᠶᠡᠨ ᠬᠤᠳᠠ᠎ᠳᠤ ᠪᠠᠷᠠᠭᠠᠨ᠎ᠤ ᠲᠡᠭᠡᠭᠡᠪᠦᠷᠢ᠎ᠶᠢᠨ ᠣᠷᠣᠯᠠᠭ᠍ᠴᠢ ᠵᠢᠨ ᠠᠵᠢᠯ᠎ᠢ 15 ᠵᠢᠯ ᠬᠢᠭᠰᠡᠨ ᠮᠸᠩ ᠰᠢᠶᠠᠩ ᠢᠦᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠬᠦᠰᠡᠯ ᠡᠷᠡᠮᠡᠯᠵᠡᠯ ᠳᠦᠭᠦᠷᠡᠩ ᠪᠠᠢᠯ᠎ᠠ᠃ 《ᠬᠢᠯᠢ ᠵᠢᠨ ᠪᠣᠭᠣᠮᠲᠠ᠎ᠪᠠᠷ ᠨᠡᠩ ᠲᠦᠷᠭᠡᠨ ᠥᠩᠭᠡᠷᠡᠵᠦ᠂ ᠪᠠᠷᠠᠭᠠᠨ᠎ᠤ ᠭᠦᠢᠯᠭᠡᠭᠡ ᠨᠡᠩ ᠤᠷᠤᠭᠰᠢᠲᠠᠢ ᠪᠣᠯᠵᠤ᠂ ᠡᠷᠢᠶᠡᠨ ᠬᠣᠲᠠ᠎ᠡᠴᠡ ᠤᠮᠠᠷᠠᠰᠢ ᠮᠣᠩᠭᠣᠯ ᠤᠯᠤᠰ᠎ᠢ ᠬᠣᠯᠪᠣᠬᠤ ᠵᠠᠮ ᠴᠤ᠌ ᠨᠡᠩ ᠬᠥᠭᠵᠢᠶᠡᠨ᠎ᠲᠠᠢ ᠪᠣᠯᠣᠨ᠎ᠠ》 ᠭᠡᠵᠦ ᠲᠡᠷᠡ ᠬᠡᠯᠡᠪᠡ᠃

ᠶᠡᠷᠦᠩᠬᠡᠢ ᠲᠥᠰᠥᠯ᠎ᠳᠦ᠂ ᠤᠮᠠᠷᠠᠰᠢ ᠨᠡᠭᠡᠭᠡᠯᠲᠡ ᠬᠢᠬᠦ ᠣᠯᠠᠨ ᠤᠯᠤᠰ᠎ᠤᠨ ᠶᠡᠬᠡ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠮᠠᠨᠵᠤᠤᠷ᠂ ᠡᠷᠢᠶᠡᠨ ᠬᠣᠲᠠ᠎ᠶᠢᠨ ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠬᠢᠯᠢ ᠵᠢᠨ ᠪᠣᠭᠣᠮᠲᠠ᠎ᠶᠢᠨ ᠰᠠᠭᠤᠷᠢ ᠲᠥᠬᠦᠭᠡᠷᠦᠮᠵᠢ ᠪᠠ ᠪᠠᠢᠴᠠᠭᠠᠨ ᠰᠢᠯᠭᠠᠬᠤ ᠢᠵᠢ ᠪᠦᠷᠢᠳᠦᠭᠦᠯᠬᠦ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠠᠵᠢᠯᠯᠠᠭᠠᠨ ᠎ᠤ ᠬᠠᠮᠠᠭᠠᠯᠠᠯᠲᠠ᠂ ᠲᠠᠰ ᠳᠡᠪᠰᠢᠭᠦᠯᠦᠨ ᠥᠭᠡᠷᠡᠴᠢᠯᠡᠬᠦ᠎ᠶᠢ ᠳᠡᠮᠵᠢᠵᠦ᠂ ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠬᠢᠭᠡᠳ ᠪᠣᠭᠣᠮᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠤᠨ ᠲᠠᠯᠠᠪᠤᠷ ᠭᠠᠵᠠᠷ᠎ᠤᠨ ᠬᠣᠭᠣᠷᠣᠨᠳᠤ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ᠎ᠶᠢ ᠪᠡᠶᠡᠯᠡᠭᠦᠯᠬᠦ᠎ᠶᠢ ᠲᠦᠯᠬᠢᠨ ᠠᠬᠢᠭᠤᠯᠤᠨ᠎ᠠ ᠭᠡᠵᠤ ᠲᠣᠳᠣᠷᠬᠠᠢ ᠲᠣᠭᠲᠠᠭᠠᠪᠠ᠃

ᠮᠧᠩ ᠰᠢᠶᠠᠩ ᠢᠦᠢ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠦ ᠲᠡᠷᠭᠡ ᠭᠡᠬᠦ ᠡᠨᠡ ᠬᠦ᠌ 《ᠪᠣᠯᠣᠳ ᠲᠡᠮᠡᠭᠡᠨ ᠵᠢᠩ》 ᠤ᠋ᠨ ᠠᠨᠭᠬ᠎ᠠ ᠡᠬᠢᠯᠡᠬᠦ ᠡᠴᠡ ᠶᠠᠭᠠᠷᠠᠯᠲᠠᠢ ᠰᠦᠯᠵᠢᠯᠳᠦᠬᠦ ᠪᠣᠯᠤᠭᠰᠠᠨ ᠲᠦᠷᠭᠡᠨ ᠬᠥᠭᠵᠢᠯᠲᠡ᠎ᠶᠢ ᠭᠡᠷᠡᠴᠢᠯᠡᠪᠡ᠄ 《2013 ᠣᠨ᠎ᠤ ᠡᠬᠢᠨ᠎ᠦ ᠦᠶ᠎ᠡ᠎ᠳᠦ᠂ ᠰᠠᠷ᠎ᠠ ᠪᠦᠷᠢ ᠨᠢᠭᠡ ᠬᠣᠶᠠᠷᠬᠠᠨ ᠵᠢᠰᠢᠶᠠᠨ᠎ᠤ ᠭᠠᠯᠲᠦ ᠲᠡᠷᠭᠡ ᠬᠢᠯᠢ᠎ᠪᠡᠷ ᠥᠩᠭᠡᠷᠡᠵᠦ ᠪᠠᠢᠪᠠ᠋;ᠬᠠᠮᠤᠭ᠎ᠤᠨ ᠬᠥᠭᠵᠢᠯ ᠪᠠᠳᠠᠷᠠᠯ ᠲᠡᠢ ᠦᠶ᠎ᠡ᠎ᠳᠦ ᠮᠠᠨ᠎ᠤ ᠨᠢᠭᠡ ᠯᠡ ᠣᠷᠣᠯᠠᠭ᠍ᠴᠢ ᠺᠣᠮᠫᠠᠨᠢ ᠵᠢᠨ ᠨᠢᠭᠡ ᠡᠳᠦᠷ᠎ᠤᠨ ᠣᠷᠣᠵᠤ ᠭᠠᠷᠬᠤ ᠬᠡᠮᠵᠢᠶ᠎ᠡ ᠳᠠᠷᠤᠢ ᠳᠣᠯᠣᠭ᠎ᠠ ᠨᠠᠢ᠍ᠮᠠᠨ ᠭᠠᠯᠲᠦ ᠲᠡᠷᠭᠡ ᠬᠦᠷᠳᠡᠭ ᠪᠠᠢᠯ᠎ᠠ》᠃ ᠡᠳᠦᠭᠡ᠂ ᠡᠷᠢᠶᠡᠨ ᠬᠤᠳᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠶᠢᠨ ᠡᠳᠦᠷ ᠪᠦᠷᠢ᠎ᠶᠢᠨ ᠬᠢᠯᠢ᠎ᠪᠡᠷ ᠣᠷᠣᠵᠤ ᠭᠠᠷᠬᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 15 ᠡᠴᠡ 16 ᠴᠤᠪᠤᠭ᠎ᠠ᠎ᠳᠤ ᠲᠣᠭᠲᠠᠪᠤᠷᠢᠵᠢᠵᠤ᠂ ᠡᠳ᠋ ᠪᠠᠷᠠᠭ᠎ᠠ᠎ᠶᠢᠨ ᠲᠦᠷᠦᠯ ᠵᠦᠢᠯ ᠨᠢ ᠡᠷᠲᠡ ᠦᠶ᠎ᠡ᠎ᠶᠢᠨ ᠲᠠᠩ ᠭᠠᠭᠴᠠ ᠬᠠᠪᠲᠠᠰᠤᠨ ᠮᠠᠲᠧᠷᠢᠶᠠᠯ᠎ᠡᠴᠡ ᠰᠢᠨ᠎ᠡ ᠡᠨᠧᠷᠭᠢ᠎ᠶᠢᠨ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ᠂ ᠠᠮᠤ ᠪᠤᠳᠠᠭ᠎ᠠ᠂ ᠮᠣᠳᠣᠨ ᠡᠭᠡᠳᠡᠮ ᠵᠡᠷᠭᠡ ᠬᠡᠳᠦᠨ ᠠᠷᠪᠠᠨ ᠲᠦᠷᠦᠯ ᠵᠦᠢᠯ ᠬᠦᠷᠲᠡᠯ᠎ᠡ ᠥᠷᠭᠡᠵᠢᠵᠦ᠂ ᠪᠠᠷᠠᠭᠠᠨ᠎ᠤ ᠦᠷᠳᠡᠭ ᠨᠢ ᠴᠦ᠍ ᠶᠡᠬᠡ᠎ᠪᠡᠷ ᠳᠡᠭᠡᠭᠰᠢᠯᠡᠭᠰᠡᠨ ᠪᠠᠢᠨ᠎ᠠ᠃

ᠬᠦᠢᠰᠦ ᠵᠢᠨ ᠴᠡᠪᠡᠷ ᠠᠰᠢᠭ᠋᠎ᠤᠨ ᠢᠯᠡᠷᠡᠯᠲᠡ ᠨᠢ ᠶᠠᠭᠤᠨ᠎ᠤ ᠡᠮᠦᠨ᠎ᠡ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠲᠤᠢᠯ᠎ᠤᠨ ᠶᠡᠬᠡ ᠪᠡᠷ ᠳᠡᠭᠡᠭᠰᠢᠯᠡᠬᠦᠯᠬᠦ ᠬᠥᠭᠡᠭᠡᠴᠡᠯᠳᠦᠯ ᠳᠡᠭᠡᠷ᠎ᠡ ᠢᠯᠡᠷᠡᠨ᠎ᠡ᠃

ᠡᠷᠢᠶᠡᠨ ᠬᠣᠲᠠ᠎ᠶᠢᠨ ᠪᠣᠭᠣᠮᠲᠠ᠎ᠶᠢᠨ ᠲᠡᠮᠦᠷ ᠵᠠᠮ᠎ᠤᠨ ᠬᠢᠨᠠᠯᠲᠠ ᠬᠠᠮᠢᠶᠠᠷᠤᠯᠲᠠ᠎ᠶᠢᠨ ᠨᠢᠭᠡᠳᠦᠭᠡᠷ ᠰᠠᠯᠠᠭᠠᠨ᠎ᠤ ᠳᠠᠷᠤᠭ᠎ᠠ ᠸᠠᠩ ᠮᠠᠢ ᠯᠢ ᠭᠸᠩ᠂ ᠬᠢᠯᠢ ᠵᠢᠨ ᠪᠣᠭᠣᠮᠲᠠ᠎ᠶᠢᠨ ᠬᠢᠨ 24 ᠴᠠᠭ᠎ᠢᠶᠠᠷ ᠤᠷᠢᠳᠴᠢᠯᠠᠨ ᠪᠣᠯᠵᠣᠵᠤ ᠪᠣᠭᠣᠮᠲᠠ ᠥᠩᠭᠡᠷᠡᠬᠦ᠎ᠶᠢ ᠪᠡᠶᠡᠯᠡᠭᠦᠯᠵᠦ᠂ ᠭᠠᠳᠠᠭᠠᠳᠤ᠎ᠳᠤ ᠭᠠᠷᠭᠠᠬᠤ ᠲᠦᠷᠭᠡᠨ ᠨᠡᠪᠲᠡᠷᠡᠬᠦ ᠵᠠᠭᠪᠤᠷ᠎ᠤᠨ ᠳᠡᠮᠵᠢᠯᠭᠡ ᠳᠣᠣᠷ᠎ᠠ᠂ ᠨᠢᠭᠡ ᠴᠤᠪᠤᠭ᠎ᠠ ᠭᠠᠯᠲᠦ ᠲᠡᠷᠭᠡ᠎ᠶᠢ ᠡᠷᠢᠶᠡᠨ ᠬᠣᠲᠠ᠎ᠳᠤ ᠬᠦᠷᠭᠡᠬᠦ᠎ᠡᠴᠡ ᠬᠢᠯᠢ᠎ᠡᠴᠡ ᠭᠠᠷᠬᠤ᠎ᠳᠤ ᠬᠦᠷᠲᠡᠯ᠎ᠡ ᠬᠠᠮᠤᠭ᠎ᠤᠨ ᠠᠷᠪᠢᠨ᠎ᠳᠠᠭᠠᠨ 24 ᠴᠠᠭ ᠬᠡᠷᠡᠭᠰᠡᠨ᠎ᠡ᠃ 《ᠥᠩᠭᠡᠷᠡᠭᠰᠡᠨ᠎ᠳᠦ ᠬᠥᠮᠥᠨ᠎ᠦ ᠬᠦᠴᠦ᠎ᠪᠡᠷ ᠬᠢᠨᠠᠨ ᠬᠠᠷᠭᠤᠭᠤᠯᠬᠤ ᠵᠠᠭᠪᠤᠷ᠎ᠤᠨ ᠬᠢᠵᠠᠭᠠᠷᠯᠠᠯ᠎ᠡᠴᠡ ᠪᠣᠯᠵᠤ᠂ ᠴᠠᠭᠠᠰᠤᠨ ᠭᠡᠷᠡᠴᠢ ᠪᠠᠷᠢᠮᠲᠠ᠎ᠶᠢᠨ ᠬᠣᠯᠪᠣᠭᠳᠠᠯ ᠪᠦᠬᠦᠢ ᠭᠠᠷ ᠭᠦᠢᠴᠡᠳᠬᠡᠯ᠎ᠢ ᠣᠯᠠᠩᠬᠢ᠎ᠳᠠᠭᠠᠨ ᠡᠳᠦᠷ ᠵᠢᠡᠷ ᠭᠦᠢᠴᠡᠳᠬᠡᠵᠦ ᠪᠠᠢᠪᠠ᠂ ᠣᠳᠣ ᠪᠤᠯᠬᠤ᠎ᠳᠤ ᠰᠥᠨᠢ᠎ᠪᠡᠷ ᠰᠢᠰᠲᠧᠮ᠎ᠳᠦ ᠲᠤᠰᠢᠶᠠᠭᠰᠠᠨ ᠴᠤ᠌ ᠠᠦᠢ᠍ᠲ᠋ᠤ᠋ ᠬᠢᠨᠠᠨ ᠬᠠᠷᠭᠤᠭᠤᠯᠵᠤ᠂ ᠴᠠᠭ ᠲᠤᠬᠠᠢ ᠳ᠋ᠤᠨᠢ ᠭᠦᠢᠴᠡᠳᠬᠡᠵᠦ ᠪᠤᠯᠳᠠᠭ》᠃ ᠡᠢᠮᠦᠷᠬᠦᠦ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ᠎ᠶᠢᠨ ᠰᠢᠨ᠎ᠡ ᠡᠭᠦᠳᠦᠯᠲᠡ ᠨᠢ ᠳᠠᠷᠤᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠎ᠤ ᠬᠢᠯᠢ ᠠᠯᠤᠰᠯᠠᠭᠰᠠᠨ ᠭᠦᠢᠯᠭᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠭᠰᠡᠨ᠎ᠦ ᠬᠤᠷᠢᠶᠠᠩᠭᠤᠢ ᠳᠦᠷᠰᠦ ᠪᠣᠯᠣᠨ᠎ᠠ ᠭᠡᠵᠤ ᠲᠠᠨᠢᠯᠴᠠᠭᠤᠯᠪᠡ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠵᠤ᠂ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠬᠦᠶ᠋ᠰᠦ᠎ᠶ᠋ᠢᠨ ᠳᠠᠯᠳᠠ ᠬᠦᠴᠦᠨ᠎ᠢ  ᠴᠢᠨᠠᠭᠰᠢᠳᠠ ᠬᠥᠭ᠌ᠵᠢᠭᠡᠵᠦ᠍᠂ ᠥᠩᠭᠡᠷᠡᠭ᠌ᠰᠡᠨ᠎ᠦ ᠹᠢᠽᠢᠺ᠎ᠦᠨ 《ᠨᠡᠪᠲᠡᠷᠡᠬᠦ᠌ ᠵᠠᠮ》 ᠡᠴᠡ ᠥᠨᠳᠥᠷ ᠪᠦᠲᠦᠮᠵᠢᠲᠡᠶ ᠠᠵᠢᠯᠯᠠᠳᠠᠭ ᠠᠵᠤ ᠠᠬᠤᠶ᠎ᠶ᠋ᠢᠨ 《ᠬᠦᠶ᠋ᠰᠦ》 ᠎ᠪᠤᠯᠭᠠᠨ ᠲᠠᠰ ᠳᠡᠪᠱᠢᠭᠦᠯᠦᠨ᠎ᠡ᠃

ᠡᠷᠢᠶᠡᠨ ᠬᠣᠲᠠ᠎ᠶ᠋ᠢᠨ ᠶᠦᠩ ᠱᠧᠩ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠡᠵᠡᠩᠨᠡᠵᠦ᠍ ᠪᠠᠢᠭ᠎ᠠ ᠬᠢᠯᠢ᠎ᠬᠢᠵᠠᠭᠠᠷ᠎ᠤᠨ ᠠᠷᠠᠳ᠎ᠤᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ᠎ᠲᠤ᠂ ᠮᠣᠩᠭᠣᠯ ᠤᠯᠤᠰ᠎ᠤᠨ ᠢᠮᠠᠭᠠᠨ ᠨᠣᠤᠯᠤᠭ᠋ᠸ᠋ᠷ᠂ ᠮᠣᠷᠢᠨ ᠮᠢᠬ᠎ᠠ ᠪᠠ ᠤᠯᠤᠰ᠎ᠤᠨ ᠳᠣᠲᠣᠭᠠᠳᠤ᠎ᠶ᠋ᠢᠨ ᠡᠯ᠎ᠡ ᠭᠠᠵᠠᠷ᠎ᠡᠴᠡ ᠢᠷᠡᠭ᠌ᠰᠡᠨ ᠡᠳᠦᠷ ᠲᠤᠲᠤᠮ᠎ᠤᠨ ᠪᠦᠷᠢᠨ ᠪᠠᠷᠠᠭ᠎ᠠ᠂ ᠬᠤᠪᠴᠠᠰᠤ ᠬᠤᠨᠠᠷ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠨᠢ ᠡᠨᠳᠡ ᠥᠨᠳᠥᠷ ᠪᠦᠲᠦᠮᠵᠢᠲᠡᠶ ᠰᠤᠯᠢᠯᠴᠠᠵᠤ ᠠᠷᠠᠯᠵᠢᠶᠠᠯᠠᠬᠤ᠎ᠶ᠋ᠢ ᠪᠡᠶᠡᠯᠡᠭᠦᠯᠪᠡ᠃

《ᠭᠠᠳᠠᠭᠠᠳᠤ᠎ᠡᠴᠡ ᠣᠷᠣᠭᠤᠯᠬᠤ ᠲᠠᠸᠠᠷ᠎ᠤᠨ ᠲᠥᠷᠥᠯ ᠵᠦᠶ᠋ᠯ ᠦᠷᠭᠦᠯᠵᠢᠯᠡᠨ ᠥᠷᠭᠡᠳᠴᠦ᠍᠂ ᠪᠣᠳᠠᠲᠠᠶ ᠨᠠᠢᠳᠠᠪᠤᠷᠢᠵᠢᠭᠤᠯᠤᠭ᠍ᠰᠠᠨ ᠪᠣᠯᠪᠠᠰᠤᠷᠠᠭᠤᠯᠬᠤ ᠠᠵᠤ ᠠᠬᠤᠢᠯᠠᠯ᠎ᠤᠨ ᠲᠣᠭ᠎ᠠ ᠴᠤ᠌ ᠨᠡᠮᠡᠭ᠌ᠳᠡᠵᠦ᠍᠂ ᠠᠷᠠᠯᠵᠢᠶᠠᠨ᠎ᠤ ᠬᠡᠪᠴᠢᠶ᠎ᠡ ᠪᠠᠰᠠ ᠲᠠᠰᠤᠷᠠᠯᠲᠠ ᠥᠬᠡᠶ ᠳᠡᠭᠡᠭ᠌ᠰᠢᠯᠡᠵᠦ᠍ ᠪᠠᠢᠨ᠎ᠠ》᠃ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠶᠧ ᠰᠧ ᠶᠠᠩ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ ᠨᠢ ᠪᠣᠭᠣᠮᠲᠠ᠎ᠪᠠᠷ ᠥᠩᠭᠡᠷᠡᠬᠦ᠌ ᠶᠠᠪᠤᠴᠠ᠎ᠶ᠋ᠢ ᠤᠯᠠᠮ ᠴᠢᠨᠠᠭᠰᠢᠳᠠ ᠴᠤᠮᠬᠠᠳᠬᠠᠵᠤ᠂ ᠨᠠᠩ ᠣᠯᠠᠨ ᠲᠠᠸᠠᠷ᠎ᠤᠨ ᠲᠥᠷᠥᠯ ᠵᠦᠶ᠋ᠯ᠎ᠢ ᠣᠷᠣᠭᠤᠯᠵᠤ᠂ ᠵᠠᠬ᠎ᠠ᠎ᠵᠢᠨ ᠠᠷᠠᠯᠵᠢᠶᠠᠨ᠎ᠤ ᠲᠣᠭᠣᠷᠢᠭ᠎ᠤᠨ 《ᠪᠣᠭᠣᠷᠰᠣᠭ》 ᠢ᠋ ᠶᠠᠪᠤᠬᠤ ᠲᠤᠲᠤᠮ ᠲᠣᠮᠣ ᠪᠣᠯᠭᠠᠬᠤ᠎ᠶ᠋ᠢ ᠮᠠᠰᠢ ᠶᠡᠬᠡ ᠬᠦᠰᠡᠵᠦ᠍ ᠪᠠᠢᠨ᠎ᠠ ᠭᠡᠵᠦ ᠢᠯᠡᠳᠭᠡᠪᠡ᠃

2023 ᠣᠨ ᠎ᠤ ᠬᠢᠯᠢ᠎ᠬᠢᠵᠠᠭᠠᠷ᠎ᠤᠨ ᠠᠷᠠᠳ᠎ᠤᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ᠎ᠤᠨ ᠠᠷᠠᠯᠵᠢᠶᠠᠨ ᠎ᠤ ᠲᠣᠭ᠎ᠠ 3 ᠳ᠋ᠦᠩᠱᠢᠭᠤᠷ ᠭᠠᠷᠤᠶ ᠲᠥᠭᠥᠷᠢᠭ ᠪᠠᠢᠵᠤ᠂ 2025 ᠣᠨ ᠪᠣᠯᠬᠤ᠎ᠳᠤ ᠨᠢᠭᠡᠨᠲᠡ 8 ᠳ᠋ᠦᠩᠱᠢᠭᠤᠷ ᠲᠥᠭᠥᠷᠢᠭ᠎ᠢ ᠳᠠᠪᠠᠵᠠᠶ;ᠲᠠᠩᠰᠠᠯᠠᠭᠤᠯᠵᠦ ᠣᠷᠣᠯᠴᠠᠭ᠍ᠰᠠᠨ ᠬᠢᠯᠢ᠎ᠬᠢᠵᠠᠭᠠᠷ᠎ᠤᠨ ᠠᠷᠠᠳ ᠬᠠᠮᠤᠭ᠎ᠤᠨ ᠠᠩᠬ᠎ᠠ ᠳᠥᠷᠪᠡ ᠲᠠᠪᠤᠨ ᠮᠢᠩᠭᠠᠨ ᠬᠥᠮᠦᠨ ᠪᠠᠢᠭ᠍ᠰᠠᠨ᠎ᠡᠴᠡ᠎ᠪᠠᠨ ᠨᠡᠮᠡᠭ᠌ᠳᠡᠭᠡᠳ 1.5 ᠲᠦᠮᠡ ᠭᠠᠷᠤᠶ ᠪᠣᠯᠵᠠᠶ; ᠡᠳ᠋ᠱᠢᠭᠦᠯᠬᠦ᠌ ᠠᠵᠤ ᠠᠬᠤᠢᠯᠠᠯ ᠨᠠᠢ᠍ᠮᠠ ᠶᠢᠰᠦ ᠪᠠᠢᠭ᠍ᠰᠠᠨ᠎ᠡᠴᠡ᠎ᠪᠠᠨ ᠦᠳᠲᠡᠷ ᠲᠦᠷᠭᠡᠨ ᠨᠡᠮᠡᠭ᠌ᠳᠡᠭᠡᠳ 25 ᠪᠣᠯᠪᠠ᠃

ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠭ᠌ᠰᠡᠨ ᠨᠥᠭᠥᠭᠡ ᠨᠢᠭᠡ ᠴᠢᠬᠤᠯᠠ ᠶᠡᠬᠡ ᠪᠠᠯᠭᠠᠰᠤ — ᠮᠠᠨᠵᠤᠤᠷ ᠬᠢᠯᠢ᠎ᠵᠢᠨ ᠪᠣᠭᠣᠮᠲᠠ ᠶᠠᠭ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠦ᠍ ᠲᠦᠱᠢᠭᠯᠡᠨ᠂ 《ᠨᠡᠪᠲᠡᠷᠡᠬᠦ᠌ ᠵᠠᠮ ᠎ᠤᠨ ᠠᠵᠤ ᠠᠬᠤᠶ》ᠡᠴᠡ《ᠰᠠᠭᠤᠷᠢᠱᠢᠭ᠎ᠠ ᠠᠵᠤ ᠠᠬᠤᠶ》 ᠳᠠᠢᠰᠢ ᠬᠡᠯᠪᠡᠷᠢ ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍ ᠪᠣᠶ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2025 ᠣᠨ᠎ᠳᠤ ᠮᠠᠨᠵᠤᠤᠷ ᠬᠢᠯᠢ᠎ᠵᠢᠨ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ ᠬᠢᠭᠰᠡᠨ ᠮᠠᠨᠵᠤᠤᠷ ᠬᠢᠯᠢ᠎ᠵᠢᠨ ᠪᠣᠭᠣᠮᠲᠠ᠎ᠪᠠᠷ ᠳᠡᠮᠵᠢᠨ ᠬᠢᠯᠢ᠎ᠪᠡᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 4867 ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 11.2% ᠎ᠵᠢᠡᠷ ᠨᠡᠮᠡᠭ᠌ᠳᠡᠪᠡ; ᠡᠭᠦᠨ᠎ᠳᠦ᠂ ᠪᠤᠴᠠᠬᠤ ᠡᠭᠡᠯᠵᠢ᠎ᠶ᠋ᠢᠨ ᠭᠠᠯᠲᠤ ᠲᠡᠷᠭᠡ 2977 ᠴᠤᠪᠤᠭ᠎ᠠ ᠨᠡᠪᠲᠡᠷᠡᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 21% ᠎ᠪᠠᠷ ᠨᠡᠮᠡᠭ᠌ᠳᠡᠵᠦ᠍᠂ ᠲᠣᠭ᠎ᠠ ᠬᠡᠮᠵᠢᠶ᠎ᠡ᠎ᠨᠢ ᠪᠥᠬᠥ᠌ ᠤᠯᠤᠰ᠎ᠤᠨ ᠲᠡᠷᠢᠭᠦᠨ᠎ᠳᠦ ᠵᠢᠭᠰᠠᠭᠠᠪᠠ᠃ ᠬᠣᠵᠢᠮ᠂ ᠮᠠᠨᠵᠤᠤᠷ ᠪᠠᠰᠠ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠠᠪᠴᠠᠩ᠎ᠳᠤ ᠲᠦᠱᠢᠭᠯᠡᠵᠦ᠍᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠢᠯᠭᠡᠭᠡ ᠵᠡᠷᠭᠡ ᠤᠨᠴᠠᠯᠢᠬ᠍ᠳᠤ ᠠᠵᠤ ᠦᠢᠯᠡᠰ ᠵᠦᠭ ᠦᠷᠭᠦᠯᠵᠢᠯᠡᠨ ᠬᠦᠴᠦᠯᠡᠬᠦ᠌ ᠪᠣᠯᠤᠨ᠎ᠠ᠃

ᠣᠨᠴᠠᠯᠢᠭ᠍ᠲᠤ ᠠᠵᠤ ᠦᠢᠯᠡᠰ ᠎ᠢ ᠬᠥᠭ᠌ᠵᠢᠭᠡᠵᠦ᠍᠂ ᠱᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠨᠢ ᠬᠥᠭ᠌ᠵᠢᠯᠲᠡ ᠵᠢᠨ ᠬᠥᠳᠡᠯᠭᠡᠭᠦᠷ᠎ᠢ ᠳᠠᠬᠢᠨ ᠴᠤᠭᠴᠠᠯᠠᠪᠡ

ᠬᠥᠬᠡᠡᠡᠣᠲᠠ᠎ᠶ᠋ᠢᠨ ᠠᠵᠤ ᠠᠬᠤᠢ ᠮᠡᠷᠭᠡᠵᠢᠯ᠎ᠦᠨ ᠨᠡᠬᠡᠬᠡᠯᠳᠡ᠎ᠶ᠋ᠢᠨ ᠲᠣᠭᠣᠷᠢᠭ᠎ᠲᠤ᠂ ᠥᠪᠥᠷ ᠮᠣᠩᠭᠣᠯ᠎ᠤᠨ ᠱᠢᠨ ᠶᠤᠸᠠᠨ ᠵᠢᠩ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶ᠋ᠢᠨ ᠦᠯᠢᠶᠡᠭᠦᠷ ᠮᠠᠰᠢᠨ᠎ᠦ ᠮᠠᠱᠢᠨ ᠤᠭ᠍ᠰᠠᠷᠠᠬᠤ ᠱᠤᠭᠤᠮ ᠳᠡᠭᠡᠷ᠎ᠡ᠂ ᠠᠵᠢᠯᠴᠢᠳ ᠹᠷᠠᠨᠼᠢ ᠤᠷᠤᠭᠤ ᠶᠠᠪᠤᠭᠤᠯᠬᠤ ᠨᠢᠭᠡ ᠪᠦᠯᠦᠭ ᠵᠠᠬᠢᠶᠠᠯᠠᠭ᠎ᠠ᠎ᠶ᠋ᠢ ᠴᠠᠬ ᠎ᠢ ᠠᠮᠵᠢᠨ ᠦᠢᠯᠡᠳᠴᠦ᠍ ᠪᠠᠢᠯ᠎ᠠ᠃

《ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠨᠢ ᠪᠢᠳᠡᠨ᠎ᠢ ᠤᠯᠠᠨ ᠤᠯᠤᠰ᠎ᠤᠨ ᠲᠦᠷᠦᠯ ᠵᠦᠢᠯ᠎ᠢ ᠨᠡᠩ ᠴᠢᠬᠤᠯᠠ ᠠᠱᠢᠭ ᠣᠯᠵᠠᠪᠤᠷᠢ᠎ᠲᠠᠶ ᠪᠣᠯᠭᠠᠬᠤ ᠢᠲᠡᠭᠡᠯ᠎ᠲᠡᠶ ᠪᠣᠯᠭᠠᠵᠠᠢ》᠃ ᠲᠤᠰ ᠺᠣᠮᠫᠠᠨᠢ᠎ᠶ᠋ᠢᠨ ᠰᠠᠭᠠᠯᠢᠴᠢᠨ ᠦᠢᠯᠡᠳᠪᠦᠷᠢᠯᠡᠯ᠎ᠦᠨ ᠰᠠᠭᠤᠷᠢᠨ᠎ᠤ ᠬᠠᠷᠢᠭᠤᠴᠠᠯᠭᠠᠲᠠᠨ ᠯᠢᠶᠠᠩ ᠮᠢᠩ ᠬᠤᠢ᠂ 2025 ᠣᠨ᠎ᠳᠤ᠂ ᠺᠣᠮᠫᠠᠨᠢ᠎ᠶ᠋ᠢᠨ ᠬᠣᠶᠠᠷ ᠦᠢᠯᠡᠳᠪᠦᠷᠢ᠎ᠶ᠋ᠢᠨ ᠦᠢᠯᠡᠳᠬᠦᠨ᠎ᠦ ᠶᠡᠷᠦᠩᠬᠡᠢ ᠦᠷᠲᠡᠭ 50 ᠳ᠋ᠦᠩᠱᠢᠭᠤᠷ ᠲᠥᠭᠥᠷᠢᠭ᠎ᠢ ᠳᠠᠪᠠᠵᠤ᠂ ᠭᠠᠳᠠᠭᠠᠳᠤ ᠭᠠᠷᠭᠠᠯᠲᠠ ᠨᠢ ᠹᠷᠠᠨᠼᠢ᠂ ᠪᠷᠠᠽᠢᠯ᠂ ᠸᠢᠶᠧᠲ᠋ᠨᠠᠮ ᠪᠣᠯᠤᠨ ᠳᠤᠮᠳᠠᠳᠤ ᠠᠽᠢᠶ᠎ᠠ᠎ᠶ᠋ᠢᠨ ᠤᠯᠠᠨ ᠤᠯᠤᠰ ᠬᠦᠷᠲᠡᠯ᠎ᠡ ᠥᠷᠭᠡᠵᠢᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠤ ᠪᠦᠲᠦᠭᠡᠨ ᠪᠠᠢᠭᠤᠯᠤᠯᠲᠠ ᠨᠢ ᠠᠵᠤ ᠠᠬᠤᠢᠯᠠᠯ᠎ᠢ ᠤᠯᠤᠰ᠎ᠤᠨ ᠭᠠᠳᠠᠭᠠᠳᠤ᠎ᠶ᠋ᠢᠨ ᠱᠢᠨ᠎ᠡ ᠡᠨᠧᠷᠭᠢ᠎ᠶ᠋ᠢᠨ ᠵᠠᠬ᠎ᠠ ᠳᠡᠯᠭᠡᠭᠦᠷ᠎ᠲᠦ ᠤᠯᠠᠮ ᠴᠢᠨᠠᠭ᠍ᠰᠢᠳᠠ ᠠᠭᠤᠰᠤᠯᠴᠠᠭᠤᠯᠬᠤ ᠪᠣᠯᠤᠨ᠎ᠠ ᠭᠡᠪᠡ᠃

ᠠᠵᠤ ᠦᠢᠯᠡᠰ ᠎ᠦᠨ ᠬᠡᠯᠬᠢᠶ᠎ᠡ᠎ᠶ᠋ᠢᠨ ᠨᠥᠭᠥᠭᠡ ᠦᠵᠦᠭᠦᠷ᠎ᠲᠦ᠂ ᠠᠳᠠᠯᠢᠬᠠᠨ ᠨᠡᠭᠡᠭᠡᠯᠲᠡ᠎ᠶ᠋ᠢᠨ ᠲᠣᠭᠣᠷᠢᠭ᠎ᠲᠤ ᠪᠠᠢᠭ᠎ᠠ ᠥᠪᠥᠷ ᠮᠣᠩᠭᠣᠯ᠎ᠤᠨ ᠱᠤᠸᠠᠩ ᠵᠢᠶᠧ ᠰᠠᠢ ᠳ᠋ᠦ᠋ ᠴᠠᠬᠢᠯᠭᠠᠨ᠎ᠤ ᠬᠢᠵᠠᠭᠠᠷᠲᠤ ᠺᠣᠮᠫᠠᠨᠢ ᠶᠠᠭ ᠬᠦᠴᠦᠳᠡᠯ ᠬᠤᠪᠢᠷᠠᠭᠠᠭᠴᠢ᠎ᠶ᠋ᠢᠨ ᠤᠷᠤᠯᠳᠤᠭᠠᠨ᠎ᠤ ᠵᠠᠮ᠎ᠢ ᠲᠦᠷᠭᠡᠨ ᠪᠠᠢᠷᠢᠱᠢᠭᠤᠯᠵᠤ ᠪᠠᠢᠨ᠎ᠠ᠃ 2024 ᠣᠨ᠎ᠳᠤ ᠠᠱᠢᠭ᠍ᠯᠠᠯᠲᠠ᠎ᠳᠤ ᠣᠷᠣᠭ᠍ᠰᠠᠨ ᠡᠨᠡ ᠬᠦ᠌ ᠠᠵᠤ ᠠᠬᠤᠢᠯᠠᠯ᠎ᠨᠢ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠡᠨᠡ ᠵᠢᠯ ᠦᠶ᠋ᠯᠡᠳᠪᠦᠷᠢ᠎ᠶ᠋ᠢᠨ ᠲᠣᠭᠣᠷᠢᠭ᠎ᠢ ᠱᠢᠨ᠎ᠡ᠎ᠪᠡᠷ ᠪᠠᠢᠭᠤᠯᠵᠤ᠂ ᠪᠥᠬᠥ᠌ ᠬᠦᠴᠦᠳᠡᠯ ᠬᠤᠪᠢᠷᠠᠭᠠᠭᠴᠢ᠎ᠶ᠋ᠢᠨ ᠭᠠᠳᠠᠭᠠᠳᠤ᠎ᠳᠤ ᠭᠠᠷᠭᠠᠬᠤ ᠲᠤᠬᠠᠢᠯᠠᠭ᠍ᠰᠠᠨ ᠠᠵᠢᠯ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠬᠤ᠎ᠪᠠᠷ ᠲᠥᠯᠥᠪᠯᠡᠵᠦ᠍ ᠪᠣᠶ᠃ 《ᠪᠥᠬᠥ᠌ ᠪᠥᠮᠪᠥᠷᠴᠡᠭ᠎ᠦᠨ ᠱᠢᠨ᠎ᠡ ᠡᠨᠧᠷᠭᠢ᠎ᠶ᠋ᠢᠨ ᠴᠠᠬᠢᠯᠭᠠᠨ ᠲᠤᠤᠷ᠎ᠤᠨ ᠲᠠᠰ ᠳᠡᠪᠱᠢᠬᠦ᠌ ᠪᠣᠯ ᠶᠡᠬᠡ ᠬᠠᠨᠳᠤᠰᠢ ᠮᠥᠨ᠂ ᠬᠦᠴᠦᠳᠡᠯ ᠬᠤᠪᠢᠷᠠᠭᠠᠭᠴᠢ᠎ᠶ᠋ᠢᠨ ᠬᠡᠷᠡᠭ᠌ᠴᠡᠭᠡ ᠲᠠᠰᠤᠷᠠᠯᠲᠠ ᠥᠬᠡᠶ ᠨᠡᠮᠡᠭ᠌ᠳᠡᠬᠦ᠌ ᠪᠣᠯᠤᠨ᠎ᠠ》᠃ ᠺᠣᠮᠫᠠᠨᠢ᠎ᠶ᠋ᠢᠨ ᠲᠥᠯᠥᠪᠵᠢᠭᠦᠯᠭᠡ᠎ᠶ᠋ᠢᠨ ᠳᠠᠭᠠᠭᠠᠮᠠᠯ ᠪᠦᠦ ᠠᠨ ᠳ᠋ᠢ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠦᠷᠢᠮ ᠎ᠦᠨ ᠱᠢᠨ᠎ᠡ ᠡᠭᠦᠳᠦᠯᠲᠡ ᠨᠢ ᠠᠵᠤ ᠠᠬᠤᠢᠯᠠᠯ᠎ᠤᠨ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠥᠷᠭᠡᠳᠭᠡᠬᠦ᠌᠎ᠳᠦ ᠱᠢᠨ᠎ᠡ ᠳᠠᠪᠠᠭᠤᠯᠢᠭ᠎ᠢ ᠠᠪᠴᠢᠷᠠᠬᠤ ᠪᠣᠯᠤᠨ᠎ᠠ ᠭᠡᠪᠡ᠃

ᠥᠪᠥᠷ ᠮᠣᠩᠭᠣᠯ ᠎ᠤᠨ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠳᠤᠮᠳᠠ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠥᠩᠭᠡᠷᠡᠭ᠌ᠰᠡᠨ᠎ᠦ ᠭᠠᠳᠠᠭᠠᠳᠤ ᠭᠠᠷᠭᠠᠯᠲᠠ ᠨᠢ ᠡᠬᠢ ᠪᠠᠶᠠᠯᠢᠭ᠎ᠤᠨ ᠴᠢᠨᠠᠷᠲᠠᠢ ᠠᠩᠬᠠᠨ᠎ᠤ ᠪᠦᠲᠦᠭᠡᠭ᠌ᠳᠡᠬᠦᠨ᠎ᠳᠦ ᠲᠦᠱᠢᠭ᠌ᠯᠡᠵᠦ᠍ ᠪᠠᠢᠭ᠍ᠰᠠᠨ ᠪᠠᠢᠳᠠᠯ᠎ᠢ ᠬᠤᠪᠢᠷᠠᠭᠤᠯᠵᠤ᠂ ᠠᠵᠤ ᠦᠢᠯᠡᠰ᠎ᠦᠨ ᠪᠦᠲᠦᠴᠡ᠎ᠶ᠋ᠢ ᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠬᠤ ᠪᠣᠯ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠪᠴᠢᠷᠠᠭ᠍ᠰᠠᠨ ᠪᠠᠰᠠ ᠨᠢᠭᠡᠨ ᠠᠱᠢᠭ᠍ᠲᠠᠢ ᠲᠠᠯ᠎ᠠ ᠪᠣᠯᠤᠨ᠎ᠠ᠃

《ᠥᠪᠥᠷ ᠮᠣᠩᠭᠣᠯ ᠎ᠤᠨ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ ᠵᠥᠪᠱᠢᠶᠡᠷᠡᠭ᠌ᠳᠡᠬᠦ᠌᠎ᠶ᠋ᠢ ᠳᠠᠭᠠᠯᠳᠤᠨ᠂ ᠪᠢᠳᠡ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠢ ᠣᠯᠠᠨ ᠤᠯᠤᠰ᠎ᠤᠨ ᠬᠣᠭᠣᠷᠣᠨᠳᠣ ᠬᠠᠤᠯᠢ ᠲᠣᠭ᠍ᠲᠠᠭᠠᠯ ᠶᠣᠰᠣᠭᠠᠷ ᠭᠦᠶ᠋ᠯᠭᠡᠭᠡᠬᠦ᠌᠎ᠶ᠋ᠢ ᠠᠬᠢᠭᠤᠯᠤᠨ᠎ᠠ》᠃ ᠥᠪᠥᠷ ᠮᠣᠩᠭᠣᠯ᠎ᠤᠨ ᠲᠣᠭ᠎ᠠ ᠪᠠᠷᠢᠮᠲᠠ᠎ᠶ᠋ᠢᠨ ᠠᠷᠠᠯᠵᠢᠶᠠᠨ᠎ᠤ ᠲᠥᠪ᠎ᠦᠨ ᠳᠡᠳ᠋ ᠶᠡᠷᠦᠩᠬᠡᠶ ᠳᠠᠭᠠᠭᠠᠮᠠᠯ ᠹᠠᠨ ᠢᠦᠶ ᠱᠢᠶᠦᠢ᠍ᠩ᠂ ᠣᠷᠣᠰ ᠮᠣᠩᠭᠣᠯ ᠬᠣᠶᠠᠷ ᠤᠯᠤᠰ᠎ᠤᠨ ᠲᠠᠸᠠᠷ᠎ᠤᠨ ᠢᠷᠡᠯᠲᠡ᠎ᠶ᠋ᠢ ᠮᠥᠷᠳᠡᠬᠦ᠌ ᠪᠠ ᠪᠠᠷᠠᠭᠠᠨ᠎ᠤ ᠭᠦᠶ᠋ᠯᠭᠡᠭᠡᠨ᠎ᠦ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠨᠢ ᠨᠢᠭᠡᠨᠲᠡ ᠣᠢᠷ᠎ᠠ᠎ᠶ᠋ᠢᠨ ᠬᠤᠭᠤᠴᠠᠭᠠᠨ᠎ᠤ ᠭᠤᠤᠯᠳᠠᠯᠭ᠎ᠠ᠎ᠲᠠᠶ ᠬᠠᠢᠨ ᠰᠦᠪᠡᠭ᠌ᠴᠢᠯᠡᠬᠦ᠌ ᠴᠢᠭ᠌ᠯᠡᠯ ᠪᠣᠯᠵᠠᠶ ᠭᠡᠵᠦ ᠢᠯᠡᠳᠭᠡᠪᠡ᠃

ᠤᠯᠠᠮᠵᠢᠯᠠᠯᠲᠤ ᠠᠵᠤ ᠦᠢᠯᠡᠰ ᠲᠤᠢᠯᠪᠤᠷᠢᠲᠠᠢ ᠬᠤᠪᠢᠷᠠᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠡᠨᠳᠡ ᠰᠤᠶᠤᠭᠠᠯᠠᠨ ᠪᠤᠵᠠᠭᠠᠢᠷᠠᠵᠤ ᠪᠤᠢ᠃ ᠪᠦᠬᠦ᠌ ᠪᠥᠮᠪᠥᠷᠴᠡᠭ᠎ᠦᠨ ᠲᠣᠭᠠᠴᠢᠯᠠᠭ᠍ᠰᠠᠨ ᠠᠵᠤ ᠠᠬᠤᠢ᠎ᠶ᠋ᠢᠨ ᠤᠷᠤᠰᠭᠠᠯ ᠳᠤᠮᠳᠠ᠂ ᠥᠪᠥᠷ ᠮᠣᠩᠭᠣᠯ ᠶᠠᠭ ᠪᠤᠳᠤᠯᠲᠠ ᠵᠢᠨ ᠬᠦᠴᠦᠨ᠎ᠦ ᠤᠷᠤᠯᠳᠤᠭᠠᠨ᠎ᠤ ᠵᠠᠮ᠎ᠢ ᠢᠳᠡᠪᠬᠢᠲᠡᠢ ᠵᠠᠪᠳᠤᠨ ᠡᠵᠡᠯᠡᠵᠦ᠍ ᠪᠠᠢᠨ᠎ᠠ᠃ ᠥᠪᠥᠷ ᠮᠣᠩᠭᠣᠯ᠎ᠤᠨ ᠲᠣᠭ᠎ᠠ ᠪᠠᠷᠢᠮᠲᠠ᠎ᠶ᠋ᠢᠨ ᠠᠷᠠᠯᠵᠢᠶᠠᠨ᠎ᠤ ᠲᠥᠪ ᠶᠠᠭ ᠪᠤᠳᠤᠯᠲᠠ ᠵᠢᠨ ᠴᠢᠳᠠᠪᠤᠷᠢ᠎ᠶ᠋ᠢᠨ 《ᠭᠠᠳᠠᠭᠠᠳᠤ᠎ᠳᠦ ᠭᠠᠷᠴᠤ᠌ ᠶᠠᠪᠤᠬᠤ》 ᠳ᠋ᠤ ᠪᠠᠲᠤ ᠪᠠᠬᠢ ᠲᠦᠷᠢᠮ᠎ᠦᠨ ᠰᠠᠭᠤᠷᠢ᠎ᠶ᠋ᠢ ᠪᠠᠢᠭᠤᠯᠬᠤ᠎ᠪᠠᠷ ᠴᠢᠷᠮᠠᠢᠵᠤ ᠪᠠᠢᠨ᠎ᠠ᠃ ᠡᠨᠡ ᠬᠦ᠌ ᠪᠠᠢᠭᠤᠯᠤᠮᠵᠢ ᠨᠢ ᠨᠢᠭᠡᠨᠲᠡ 1050 ᠠᠵᠤ ᠠᠬᠤᠢᠯᠠᠯ᠎ᠢ ᠴᠤᠭ᠍ᠯᠠᠷᠠᠭᠤᠯᠵᠤ᠂ ᠠᠷᠠᠯᠵᠢᠶᠠᠯᠠᠭ᠍ᠰᠠᠨ ᠬᠡᠮᠵᠢᠶ᠎ᠡ ᠨᠢ ᠨᠡᠢᠲᠡ 11.8 ᠳ᠋ᠦᠩᠱᠢᠭᠤᠷ ᠲᠥᠭᠥᠷᠢᠭ᠎ᠲᠦ ᠬᠦᠷᠴᠡᠶ᠃

ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠡᠨᠡ ᠬᠦ᠌ ᠬᠤᠰᠢᠭᠤᠷᠠᠯ ᠤᠷᠤᠯᠳᠤᠭᠠᠨ᠎ᠤ ᠵᠠᠮ᠎ᠳᠤ᠂ ᠥᠪᠥᠷ ᠮᠣᠩᠭᠣᠯ᠎ᠤᠨ ᠸᠠᠨ ᠷᠦᠢ ᠠᠮᠢᠳᠤ ᠪᠣᠳᠠᠰ᠎ᠤᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠲᠣᠰ ᠭᠠᠵᠠᠷ᠎ᠤᠨ᠎ᠢᠶᠠᠨ ᠡᠯᠪᠡᠭ ᠪᠠᠶᠠᠯᠢᠭ ᠠᠳᠤᠭᠤᠨ᠎ᠤ ᠡᠬᠢ ᠪᠠᠶᠠᠯᠢᠭ᠎ᠲᠤ ᠲᠦᠱᠢᠭ᠌ᠯᠡᠨ᠂ ᠠᠮᠢᠲᠠᠨ᠎ᠤ ᠴᠢᠰᠤᠨ ᠴᠠᠢᠪᠠᠩ ᠭᠡᠬᠦ᠌ ᠡᠨᠡ ᠬᠦ᠌ 《ᠡᠰ᠎ᠤᠨ ᠲᠡᠵᠢᠭᠡᠯ ᠪᠤᠷᠳᠤᠭ᠎ᠠ》 ᠶ᠋ᠢ ᠣᠷᠣᠰ᠎ᠲᠤ ᠪᠣᠷᠣᠯᠠᠭᠤᠯᠭ᠎ᠠ ᠰᠠᠢᠲᠠᠶ ᠭᠠᠳᠠᠭᠠᠳᠤ᠎ᠳᠤ ᠭᠠᠷᠭᠠᠬᠤ ᠦᠶ᠋ᠯᠡᠳᠬᠦᠨ ᠪᠣᠯᠭᠠᠨ ᠠᠮᠵᠢᠯᠲᠠ᠎ᠲᠠᠶ ᠦᠢᠯᠡᠳᠦᠨ ᠭᠠᠷᠭᠠᠪᠠ᠃ ᠺᠣᠮᠫᠠᠨᠢ᠎ᠶ᠋ᠢᠨ ᠣᠯᠠᠨ ᠨᠡᠢᠲᠡ᠎ᠶ᠋ᠢᠨ ᠬᠡᠷᠡᠭ ᠶᠠᠪᠤᠳᠠᠯ᠎ᠤᠨ ᠶᠡᠷᠦᠩᠬᠡᠶ ᠬᠢᠨᠠᠭ᠍ᠴᠢ ᠸᠠᠩ ᠵᠧᠨ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠨᠢ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠠᠵᠢᠯ ᠶᠠᠪᠤᠳᠠᠯ᠎ᠤᠨ ᠡᠷᠬᠡ᠎ᠶ᠋ᠢ ᠳᠣᠷᠣᠭ᠍ᠰᠢ ᠪᠠᠭᠤᠯᠭᠠᠬᠤ᠎ᠶ᠋ᠢ ᠤᠯᠠᠮ ᠨᠢᠭᠡ ᠠᠯᠬᠤᠮ ᠰᠦᠪᠡᠭ᠌ᠴᠢᠯᠡᠵᠦ᠍᠂ ᠠᠵᠤ ᠠᠬᠤᠢᠯᠠᠯ᠎ᠤᠨ ᠨᠠᠩ ᠣᠯᠠᠨ ᠣᠯᠠᠨ ᠤᠯᠤᠰ᠎ᠤᠨ ᠡᠷᠬᠡ ᠰᠦᠷᠲᠦ ᠭᠡᠷᠡᠴᠢᠯᠡᠯ ᠤᠯᠬᠤ᠎ᠳᠤ ᠬᠦᠴᠦᠨ ᠨᠡᠮᠡᠷᠢᠯᠡᠵᠦ᠍᠂ ᠪᠥᠬᠥ᠌ ᠳᠡᠯᠡᠬᠡᠶ᠎ᠶ᠋ᠢᠨ ᠵᠠᠬ᠎ᠠ ᠳᠡᠯᠭᠡᠭᠦᠷ᠎ᠲᠦ ᠨᠠᠩ ᠶᠡᠬᠡ ᠦᠭᠡ ᠬᠡᠯᠡᠬᠦ᠌ ᠡᠷᠬᠡ᠎ᠶ᠋ᠢ ᠵᠠᠪᠳᠤᠨ ᠡᠵᠡᠯᠡᠬᠦ᠌᠎ᠶ᠋ᠢ ᠬᠦᠰᠡᠵᠦ᠍ ᠪᠠᠢᠨ᠎ᠠ ᠭᠡᠪᠡ᠃

ᠠᠵᠤ ᠦᠶ᠋ᠯᠡᠰ ᠎ᠦᠨ ᠨᠡᠭᠡᠭᠡᠯᠲᠡ᠎ᠶ᠋ᠢᠨ ᠠᠮᠢᠵᠢᠷᠠᠯ᠎ᠤᠨ ᠬᠦᠴᠦᠨ ᠴᠦ᠍ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠬᠦᠷᠢᠶᠡᠨ᠎ᠳᠦ ᠣᠷᠭᠢᠯᠵᠤ ᠪᠠᠢᠨ᠎ᠠ᠃ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠠᠵᠤ ᠠᠬᠤᠢᠯᠠᠯ ᠥᠪᠥᠷ ᠮᠣᠩᠭᠣᠯ᠎ᠤᠨ ᠶᠢᠩ ᠱ᠌ᠢ ᠱᠠᠩ ᠯᠢᠶᠠᠨ ᠣᠯᠠᠨ ᠤᠯᠤᠰ᠎ᠤᠨ ᠠᠷᠠᠯᠵᠢᠶᠠᠨ᠎ᠤ ᠬᠢᠵᠠᠭᠠᠷᠲᠤ ᠺᠣᠮᠫᠠᠨᠢ ᠬᠣᠶᠠᠷ ᠵᠢᠯ᠎ᠦᠨ ᠬᠣᠭᠣᠷᠣᠨᠳᠣ ᠵᠢᠯ ᠎ᠦᠨ ᠠᠷᠠᠯᠵᠢᠶᠠᠨ᠎ᠤ ᠲᠣᠭ᠎ᠠ ᠨᠢ 18 ᠲᠦᠮᠡᠨ ᠲᠥᠭᠥᠷᠢᠭ ᠪᠠᠢᠭ᠍ᠰᠠᠨ᠎ᠡᠴᠡ᠎ᠪᠠᠨ 480 ᠲᠦᠮᠡᠨ ᠲᠥᠭᠥᠷᠢᠭ ᠪᠣᠯᠵᠣ ᠥᠰᠴᠦ᠂ ᠡᠨᠡ ᠵᠢᠯ 6000 ᠲᠦᠮᠡᠨ ᠲᠥᠭᠥᠷᠢᠭ ᠎ᠤᠨ ᠬᠠᠷᠠᠯᠲᠠ ᠵᠢ ᠪᠡᠶᠡᠯᠡᠭᠦᠯᠬᠦ ᠪᠣᠯᠤᠨ᠎ᠠ᠃ 《ᠺᠣᠮᠫᠠᠨᠢ᠎ᠨᠢ ᠣᠷᠣᠰ᠎ᠤᠨ ᠲᠣᠰ ᠭᠠᠵᠠᠷ᠎ᠤᠨ ᠡᠯᠧᠺᠲ᠋ᠷᠣᠨ ᠬᠤᠳᠠᠯᠳᠤᠭᠠᠨ᠎ᠤ ᠲᠠᠪᠴᠠᠩ ᠳᠡᠭᠡᠷ᠎ᠡ 40 ᠭᠠᠷᠤᠶ ᠰᠦᠯᠵᠢᠶᠡᠨ ᠎ᠦ ᠳᠡᠯᠭᠡᠭᠦᠷ᠎ᠢ ᠡᠵᠡᠩᠨᠡᠵᠦ᠍᠂ ᠰᠠᠷ᠎ᠠ ᠪᠦᠷᠢ ᠴᠥᠮ ᠱᠢᠨ᠎ᠡ᠎ᠪᠡᠷ ᠨᠡᠮᠡᠭ᠌ᠳᠡᠬᠦ᠌ ᠵᠠᠬᠢᠶᠠᠯᠠᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠪᠡ》᠃ ᠺᠣᠮᠫᠠᠨᠢ᠎ᠶ᠋ᠢᠨ ᠬᠠᠷᠢᠭᠤᠴᠠᠯᠭᠠᠲᠠᠨ ᠮᠦ᠍ ᠵᠢᠶᠠᠨ ᠹᠠᠩ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠨᠡᠩ ᠤᠯᠠᠨ ᠤᠯᠠᠨ ᠤᠯᠤᠰ᠎ᠤᠨ ᠱᠢᠦᠳᠠᠨ᠎ᠤ ᠵᠠᠮ᠎ᠢ ᠤᠯᠠᠮ ᠨᠢᠭᠡ ᠠᠯᠬᠤᠮ ᠨᠡᠪᠲᠡᠷᠡᠭᠦᠯᠵᠦ᠍᠂ ᠡᠳ᠋ ᠪᠠᠷᠠᠭ᠎ᠠ᠎ᠶ᠋ᠢ ᠲᠣᠭᠣᠷᠢᠭᠤ ᠵᠠᠮ᠎ᠢᠶᠠᠷ ᠳᠤᠲᠠᠭᠤ ᠶᠠᠪᠤᠭᠤᠯᠵᠤ᠂ ᠡᠷᠲᠡᠬᠡᠨ ᠭᠠᠳᠠᠭᠠᠳᠤ᠎ᠳᠤ ᠭᠠᠷᠭᠠᠬᠤ᠎ᠶ᠋ᠢ ᠬᠦᠰᠡᠵᠦ᠍ ᠪᠠᠢᠨ᠎ᠠ ᠭᠡᠵᠦ ᠬᠡᠯᠡᠪᠡ᠃

ᠡᠳᠦᠭᠡ᠂ ᠳᠤᠮᠳᠠᠳᠤ ᠤᠯᠤᠰ (ᠬᠥᠬᠡᠬᠣᠲᠠ)  ᠤ᠋ᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠎ᠳᠤ ᠨᠢᠭᠡᠨᠲᠡ 235 ᠠᠵᠤ ᠠᠬᠤᠢᠯᠠᠯ ᠣᠷᠣᠵᠤ ᠰᠠᠭᠤᠵᠤ᠂ ᠭᠠᠳᠠᠭᠠᠳᠤ ᠭᠠᠷᠭᠠᠯᠲᠠ᠎ᠨᠢ ᠨᠡᠢᠲᠡ 32 ᠳ᠋ᠦᠩᠱᠢᠭᠤᠷ ᠲᠥᠭᠥᠷᠢᠭ᠎ᠢ ᠳᠠᠪᠠᠵᠤ᠂ 1800 ᠭᠠᠷᠤᠶ ᠲᠦᠮᠡᠨ ᠪᠣᠭᠣᠳᠠᠯ ᠪᠠᠭ᠍ᠯᠠᠭ᠎ᠠ᠎ᠶ᠋ᠢ ᠣᠷᠣᠰ᠂ ᠮᠣᠩᠭᠣᠯ ᠤᠯᠤᠰ᠂ ᠺᠠᠽᠠᠭ᠍ᠰᠲ᠋ᠠᠨ ᠵᠡᠷᠭᠡ ᠤᠯᠤᠰ᠎ᠲᠤ ᠢᠯᠡᠭᠡᠵᠤ ᠪᠤᠢ᠃

ᠬᠥᠬᠡᠬᠣᠲᠠ ᠪᠣᠭᠣᠮᠲᠠ᠎ᠶ᠋ᠢᠨ ᠳᠠᠷᠤᠭ᠎ᠠ ᠵᠠᠩ ᠶᠠᠨ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ ᠲᠦᠷᠢᠮ᠎ᠦᠨ ᠱᠢᠨ᠎ᠡ᠎ᠶ᠋ᠢ ᠡᠭᠦᠳᠬᠦ᠌᠎ᠪᠡᠷ ᠭᠤᠤᠯ ᠪᠣᠯᠭᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠣᠭᠣᠮᠲᠠ ᠠᠩᠬᠠᠨ᠎ᠤ ᠡᠬᠦᠳᠦᠯᠲᠠ ᠵᠢᠨ ᠴᠢᠨᠠᠷᠲᠠᠶ᠂ ᠬᠤᠷᠠᠮᠠᠯ ᠮᠠᠶᠢᠭ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠶ ᠰᠦᠪᠡᠭ᠌ᠴᠢᠯᠡᠵᠦ᠍᠂ ᠱᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠢᠯᠠᠩᠭᠤᠶ᠎ᠠ ᠬᠢᠯᠢ ᠳᠠᠭᠠᠤ ᠳᠣᠲᠣᠭᠠᠳᠤ ᠬᠠᠭᠤᠷᠠᠶ᠎ᠶ᠋ᠢᠨ ᠭᠠᠵᠠᠷ ᠣᠷᠣᠨ᠎ᠤ ᠨᠠᠩ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠨᠢ ᠤᠯᠤᠰ ᠎ᠤᠨ ᠡᠭᠦᠷᠭᠡ ᠬᠠᠷᠢᠭᠤᠴᠠᠯᠭ᠎ᠠ ᠪᠠ ᠭᠠᠵᠠᠷ ᠣᠷᠣᠨ᠎ᠤ ᠬᠥᠭ᠌ᠵᠢᠯᠲᠡ᠎ᠶ᠋ᠢᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠳᠠᠭ᠃ ᠱᠢᠨ᠎ᠡ ᠭᠠᠷᠤᠭ᠎ᠠ᠎ᠡᠴᠡ᠂ ᠡᠨᠡ ᠬᠦ᠌ ᠤᠮᠠᠷᠠᠲᠤ᠎ᠬᠢᠯᠢ ᠶ᠋ᠢᠨ ᠦᠩ ᠱᠢᠮᠡᠯᠢᠭ ᠬᠥᠷᠥᠰᠥ᠍ ᠱᠢᠷᠣᠢ ᠨᠢ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠳᠤ ᠨᠡᠩ ᠰᠠᠢᠲᠤᠷ ᠦᠢᠯᠡᠴᠢᠯᠡᠬᠦ᠌ ᠪᠠ ᠠᠭᠤᠰᠤᠯᠴᠠᠵᠤ᠂ ᠨᠡᠬᠡᠬᠡᠯᠳᠡ᠎ᠶ᠋ᠢ ᠲᠦᠷᠭᠡᠳᠭᠡᠬᠦ᠌ ᠳᠤᠮᠳᠠ ᠴᠣ᠌ ᠱᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠬᠡᠬᠡᠯᠳᠡ ᠪᠣᠯᠤᠨ ᠬᠢᠯᠢ ᠬᠢᠵᠠᠭᠠᠷ᠎ᠤᠨ ᠬᠥᠭ᠌ᠵᠢᠯᠲᠡ᠎ᠶ᠋ᠢᠨ ᠴᠣ᠌ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠪᠣᠯᠤᠨ᠎ᠠ᠃

ᠱᠢᠨᠬᠤᠸᠠ ᠬᠣᠷᠢᠢ᠎ᠠ ᠵᠢᠨ ᠬᠥᠬᠡᠬᠣᠲᠠ᠎ᠶ᠋ᠢᠨ 4 ᠰᠠᠷ᠎ᠠ᠎ᠶ᠋ᠢᠨ 9 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号