ᠥᠪᠥᠷ ᠮᠣᠩᠭᠣᠯ ᠬᠡᠷᠡᠭᠯᠡᠬᠡ ᠢ᠋ᠢᠨ ᠱᠢᠨ᠎ᠡ ᠪᠠᠢᠳᠠᠯ᠎ᠢ ᠪᠣᠶ ᠪᠣᠯᠭᠠᠵᠤ ᠳᠣᠲᠣᠭᠠᠳᠤ ᠬᠡᠷᠡᠭ᠌ᠴᠡᠭᠡ ᠢ᠋ᠢᠨ ᠲᠠᠯᠳᠠ ᠬᠦᠴᠦᠨ ᠢ᠋ ᠬᠦᠭᠵᠢᠬᠡᠵᠤ ᠪᠠᠢᠨ᠎ᠠ
2026-04-11 11:42:40
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠲᠦᠷᠦᠬᠦᠦ ᠪᠦᠯᠦᠭ ᠬᠡᠷᠡᠭᠯᠡᠬᠡ ᠢ᠋ᠢᠨ ᠱᠢᠨ᠎ᠡ ᠪᠠᠢᠳᠠᠯ᠎ᠤᠨ ᠨᠡᠢᠲᠡᠯᠢᠭ ᠵᠢᠱ᠌ᠢᠢ᠎ᠡ᠎ᠶ᠋ᠢ ᠨᠡᠢᠲᠡᠯᠡᠵᠦ᠍᠂ ᠤᠯᠠᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠭᠤᠰᠤᠯᠴᠠᠯ᠂  ᠪᠡᠶᠡᠴᠢᠯᠡᠨ ᠣᠢᠯᠠᠭᠠᠬᠤ ᠬᠡᠷᠡᠭ᠌ᠯᠡᠭᠡ ᠵᠡᠷᠭᠡ᠎ᠶ᠋ᠢ ᠬᠠᠮᠤᠷᠤᠭ᠍ᠰᠠᠨ 10 ᠱᠢᠨ᠎ᠡ᠎ᠶ᠋ᠢ ᠡᠬᠦᠳᠦᠭᠰᠡᠨ ᠦᠢᠯᠡᠳᠦᠯᠭᠡ ᠎ᠶ᠋ᠢ ᠰᠣᠩᠭᠣᠵᠤ᠂ ᠣᠷᠣᠨ ᠪᠦᠰᠡ ᠎ᠶ᠋ᠢᠨ ᠣᠨᠴᠠᠯᠢᠭ ᠪᠣᠯᠤᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌ ᠬᠣᠣᠰ ᠬᠥᠳᠡᠯᠭᠡᠭᠦᠷ᠎ᠢᠶᠡᠷ ᠪᠦᠬᠦ᠌ ᠣᠷᠣᠨ᠎ᠤ ᠬᠡᠷᠡᠭ᠌ᠯᠡᠭᠡ᠎ᠶ᠋ᠢ ᠲᠡᠰ ᠳᠡᠪᠱᠢᠭᠦᠯᠬᠦ᠌᠎ᠳᠦ ᠵᠢᠱ᠌ᠢᠢ᠎ᠡ ᠦᠵᠡᠭᠦᠯᠬᠦ᠌ ᠬᠡᠪ ᠳᠠᠭᠤᠷᠢᠶᠠᠯ᠎ᠢ ᠪᠤᠢ ᠪᠣᠯᠭᠠᠪᠠ᠃

ᠲᠣᠰ ᠤᠳᠠᠭᠠᠨ ᠤ᠋ ᠨᠡᠢᠲᠡᠯᠡᠭ᠌ᠰᠡᠨ 10 ᠨᠡᠢᠲᠡᠯᠢᠭ ᠵᠢᠱ᠌ᠢᠶ᠎ᠡ ᠨᠢ ᠦᠪᠡᠷᠮᠢᠴᠡ ᠣᠨᠴᠠᠯᠢᠭ᠎ᠲᠠᠶ᠃ ᠬᠥᠬᠡᠬᠣᠲᠠ᠎ᠶ᠋ᠢᠨ ᠳᠠᠯᠠᠨ ᠬᠠᠷ᠎ᠠ ᠠᠭᠤᠯᠠ᠎ᠶ᠋ᠢᠨ ᠬᠡᠭᠡᠷ᠎ᠡ᠎ᠶ᠋ᠢᠨ ᠠᠮᠢᠲᠠᠨ᠎ᠤ ᠬᠦᠷᠢᠶᠡᠯᠡᠩ᠎ᠦᠨ NPC ᠤᠳᠬ᠎ᠠ ᠠᠭᠤᠯᠭ᠎ᠠ ᠲᠠᠢ ᠵᠢᠭᠤᠯᠴᠢᠯᠠᠯ ᠪᠤᠯᠤᠨ ᠺᠠᠶ ᠳ᠋ᠸ ᠠᠭᠤᠳᠠᠮ ᠲᠠᠯᠠᠪᠠᠶ᠎ᠶ᠋ᠢᠨ ᠡᠨᠭᠬᠦᠷᠡᠢ ᠠᠮᠢᠳᠠᠨ ᠲᠠᠢ ᠤᠢᠷᠠᠳᠤᠬᠤ ᠲᠠᠯᠠᠪᠤᠷ ᠨᠢ ᠬᠣᠲᠠ᠎ᠶ᠋ᠢᠨ ᠬᠡᠷᠡᠭ᠌ᠯᠡᠭᠡ᠎ᠳᠦ ᠰᠣᠨᠢᠷᠬᠠᠯᠲᠤ ᠪᠡᠶᠡᠴᠢ ᠣᠢᠯᠠᠭᠠᠯᠲᠠ ᠨᠡᠮᠡᠷᠢᠯᠡᠪᠡ; ᠪᠤᠭᠤᠲᠤ ᠬᠤᠳᠠ᠎ᠶ᠋ᠢᠨ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠨᠢ ᠴᠡᠷᠢᠭ ᠎ᠦᠨ ᠠᠵᠤ ᠦᠢᠯᠡᠳᠪᠦᠷᠢ᠎ᠶ᠋ᠢᠨ ᠰᠣᠶᠣᠯ᠎ᠤᠨ ᠪᠡᠶᠡᠴᠢ ᠣᠢᠯᠠᠭᠠᠯᠲᠠ ᠪᠡᠷ ᠬᠤᠪᠢᠰᠭᠠᠯᠲᠤ ᠵᠢᠭᠤᠯᠴᠢᠯᠠᠯ᠎ᠤᠨ ᠱᠢᠨ᠎ᠡ ᠤᠷᠤᠰᠭᠠᠯ᠎ᠢ ᠬᠦᠳᠦᠯᠦᠨ ᠳᠠᠭᠠᠭᠤᠯᠵᠤ᠂ 《ᠪᠤᠭᠤᠲᠤ ᠢ᠋ᠢᠨ ᠬᠥᠪᠥᠩ ᠨᠡᠬᠡᠮᠡᠯ 1958》 ᠬᠠᠭᠤᠴᠢᠨ ᠦᠢᠯᠡᠳᠪᠦᠷᠢ᠎ᠶ᠋ᠢᠨ ᠪᠠᠢᠱᠢᠩ ᠎ᠢ ᠥᠭᠡᠷᠡᠴᠢᠯᠡᠨ ᠰᠢᠨᠡᠳᠬᠡᠵᠤ ᠬᠤᠳᠠ᠎ᠶ᠋ᠢᠨ ᠠᠷᠠᠳ ᠤ᠋ᠨ ᠰᠡᠯᠡᠬᠦᠴᠡᠵᠤ ᠠᠮᠠᠷᠠᠬᠤ ᠠᠮᠢᠳᠤᠷᠠᠯ᠎ᠤᠨ ᠣᠷᠣᠨ ᠵᠠᠢ᠎ᠶ᠋ᠢ ᠪᠤᠢ ᠪᠤᠯᠭᠠᠪᠠ; ᠪᠠᠶᠠᠨᠨᠠᠭᠤᠷ ᠬᠤᠲᠠ᠎ᠶ᠋ᠢᠨ 《ᠪᠢ ᠪᠣᠷᠣᠲᠣᠬᠣᠢ᠎ᠳᠤ ᠪᠤᠭᠤᠳᠠᠢ᠎ᠶ᠋ᠢᠨ ᠲᠠᠷᠢᠶ᠎ᠠ᠎ᠲᠠᠶ》 ᠂ ᠱᠢᠯᠢᠩᠬᠣᠲᠠ᠎ᠶ᠋ᠢᠨ ᠭᠠᠯᠲᠤ ᠠᠭᠤᠯᠠ᠎ᠶ᠋ᠢᠨ ᠪᠠᠭᠤᠳᠠᠯ ᠨᠢ ᠲᠤᠰ ᠲᠤᠰ ᠨᠤᠳᠤᠭ ᠤᠰᠤᠨ ᠤ᠋ ᠬᠠᠢᠷ᠎ᠠ ᠰᠡᠳᠭᠢᠯᠭᠡ ᠪᠣᠯᠤᠨ ᠤᠳᠤᠨ ᠣᠭ᠍ᠲᠠᠷᠭᠤᠢ᠎ᠢ᠋ᠢᠨ ᠷᠤᠮᠠᠨᠲ᠋ᠢᠭ ᠤᠷᠮ᠎ᠠ ᠰᠡᠳᠭᠢᠯᠭᠡ᠎ᠪᠡᠷ ᠬᠡᠷᠡᠭᠯᠡᠬᠡ ᠢ᠋ᠢᠨ ᠬᠡᠪ ᠳᠠᠭᠤᠷᠢᠶᠠᠯ᠎ᠢ ᠴᠣᠭ᠍ᠴᠠᠯᠠᠪᠠ; ᠣᠷᠳᠣᠰ ᠬᠣᠲᠠ᠎ᠶ᠋ᠢᠨ 《ᠠᠨ ᠱᠢᠨ AI ᠤᠶᠤᠨᠲᠤ ᠬᠠᠮᠠᠭᠠᠯᠠᠯᠲᠠ》 ᠎ᠶ᠋ᠢᠨ ᠬᠡᠷ᠎ᠲᠦᠨᠢ ᠬᠦᠷᠴᠦ᠍ ᠣᠨᠢᠰᠤ ᠨᠡᠬᠡᠬᠡᠬᠦ ᠠᠷᠠᠳ᠎ᠲᠤ ᠲᠥᠬᠥᠮ ᠦᠵᠡᠭᠦᠯᠬᠦ᠌ ᠤᠢᠯᠡᠴᠢᠯᠡᠬᠡ᠂ ᠤᠯᠠᠭᠠᠨᠬᠠᠳᠠ ᠬᠣᠲᠠ᠎ᠶ᠋ᠢᠨ ᠵᠥᠩ ᠯᠢᠶᠠᠨ ᠴᠠᠭ ᠦᠶ᠎ᠡ᠎ᠶ᠋ᠢᠨ ᠬᠣᠲᠠ ᠢ᠋ᠢᠨ《ᠪᠡᠶ᠎ᠡ᠎ᠶ᠋ᠢᠨ ᠲᠠᠮᠢᠷ + ᠠᠩᠬᠠᠨ᠎ᠤ ᠳᠡᠯᠭᠡᠭᠦᠷ》 ᠎ᠤ᠋ᠨ ᠵᠢᠭ᠍ᠰᠠᠭᠠᠯ᠎ᠢᠶᠠᠷ ᠬᠤᠳᠠᠯᠳᠤᠭᠠᠨ᠎ᠤ ᠲᠣᠭᠣᠷᠢᠭ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ; ᠥᠪᠥᠷ ᠮᠣᠩᠭᠣᠯ ᠎ᠤᠨ ᠤᠷᠠᠨ ᠵᠢᠷᠤᠭ᠎ᠤᠨ ᠣᠷᠳᠣᠨ᠎ᠤ ᠤᠷᠠᠯᠢᠭ᠎ᠤᠨ ᠲᠠᠢᠪᠤᠰᠢᠷᠠᠭᠤᠯᠬᠤ ᠲᠠᠯᠠᠪᠤᠷ᠎ᠨᠢ ᠬᠡᠷᠡᠭᠯᠡᠭᠴᠢᠳ ᠤ᠋ᠨ ᠦᠪᠡᠷ ᠢ᠋ ᠪᠡᠨ ᠪᠠᠶᠠᠰᠬᠠᠬᠤ ᠤᠷᠮ᠎ᠡ ᠰᠡᠳᠬᠢᠯᠬᠡ ᠢ᠋ᠢᠨ ᠰᠢᠨ᠎ᠡ ᠬᠡᠷᠡᠭᠯᠡᠬᠡ ᠢ᠋ᠢ ᠪᠤᠢ ᠪᠤᠯᠭᠠᠪᠠ; ᠬᠥᠯᠥᠨ ᠪᠣᠢᠷ᠎ᠤᠨ ᠵᠠᠯᠠᠢᠨᠠᠭᠤᠷ᠎ᠤ᠋ᠨ ᠭᠠᠯᠲᠤ ᠲᠡᠷᠭᠡᠨ᠎ᠦ ᠭᠤᠤᠯ ᠰᠡᠳᠦᠪᠲᠦ ᠪᠠᠭᠤᠳᠠᠯ᠎ᠨᠢ ᠴᠠᠭ ᠬᠤᠭᠤᠴᠠᠭ᠎ᠠ ᠣᠷᠣᠨ ᠵᠠᠶ᠎ᠶ᠋ᠢ ᠳᠤᠭᠤᠯᠤᠭ᠍ᠰᠠᠨ ᠡᠷᠲᠡᠨ᠎ᠦ᠎ᠬᠢ᠎ᠶ᠋ᠢ ᠰᠡᠷᠭᠦᠭᠡᠭ᠌ᠰᠡᠨ ᠬᠡᠷᠡᠭᠯᠡᠬᠡ ᠢ᠋ᠢᠨ ᠪᠡᠶᠡᠴᠢ ᠣᠢᠯᠠᠭᠠᠯᠲᠠ᠎ᠶ᠋ᠢ ᠪᠦᠷᠢᠯᠳᠦᠬᠦᠯᠪᠡ᠃

ᠣᠢᠯᠠᠭᠠᠭ᠍ᠰᠠᠨ᠎ᠢᠶᠠᠷ᠂ ᠲᠦᠷᠦᠭᠦᠦ ᠪᠦᠯᠦᠭ ᠨᠡᠢᠲᠡᠯᠢᠭ ᠵᠢᠱ᠌ᠢᠶ᠎ᠡ᠎ᠳᠦ 4 ᠶᠡᠬᠡ ᠲᠤᠪᠤᠢᠮ᠎ᠡ ᠣᠨᠴᠠᠯᠢᠭ ᠢᠯᠡᠷᠡᠪᠡ᠃ ᠨᠢᠭᠡ᠎ᠳᠦ ᠭᠠᠵᠠᠷ ᠣᠷᠣᠨ᠎ᠤ ᠦᠪᠡᠷᠮᠢᠴᠡ ᠬᠡᠪ ᠨᠠᠮᠪᠠ ᠢ᠋ᠢ ᠳᠣᠪᠣᠢᠯᠭᠠᠵᠤ᠂ ᠣᠷᠣᠨ ᠨᠤᠲᠤᠭ᠎ᠤᠨ ᠣᠨᠴᠠᠯᠢᠭ ᠪᠥᠬᠥᠶ ᠡᠬᠢ ᠪᠠᠶᠠᠯᠢᠭ ᠬᠢᠭᠡᠳ ᠬᠤᠳᠠᠯᠳᠤᠭᠠᠨ᠎ᠤ ᠥᠷᠲᠡᠭ᠎ᠢ ᠣᠷᠭᠠᠨᠢᠭ᠎ᠢᠶᠠᠷ ᠤᠶᠠᠯᠳᠤᠭᠤᠯᠪᠠ; ᠬᠣᠶᠠᠷ᠎ᠲᠤ ᠡᠵᠡᠩᠨᠡᠯᠲᠡ᠎ᠶ᠋ᠢᠨ ᠬᠡᠯᠪᠡᠷᠢ᠎ᠶ᠋ᠢᠨ ᠠᠭᠤᠰᠤᠯᠴᠠᠯ ᠎ᠤᠨ ᠬᠦᠴᠦᠨ᠎ᠢ ᠴᠢᠩᠭᠠᠳᠭᠠᠪᠠ; ᠭᠤᠷᠪᠠ᠎ᠳᠤ ᠪᠡᠶᠡᠴᠢᠯᠡᠨ ᠣᠢᠯᠠᠭᠠᠬᠤ ᠲᠥᠷᠥᠭ᠌ᠳᠡᠯ ᠎ᠢ᠋ ᠳᠡᠭᠡᠭ᠌ᠰᠢᠯᠡᠭᠦᠯᠵᠦ᠍᠂ ᠬᠡᠷᠡᠭᠯᠡᠬᠡ ᠢ᠋ᠢᠨ ᠲᠥᠷᠥᠭ᠌ᠳᠡᠯ᠎ᠢ᠋ ᠳᠠᠬᠢᠨ ᠴᠣᠭ᠍ᠴᠠᠯᠡᠪᠡ; ᠳᠥᠷᠪᠡ᠎ᠳᠦ ᠤᠷᠮ᠎ᠠ ᠰᠡᠳᠭᠢᠯᠭᠡ᠎ᠶ᠋ᠢᠨ ᠬᠡᠷᠡᠭᠯᠡᠭᠡ ᠢ᠋ᠢᠨ ᠴᠡᠭ᠎ᠢ ᠴᠢᠩᠭ᠎ᠠ ᠠᠳᠭᠤᠵᠤ᠂ ᠤᠷᠮ᠎ᠠ ᠰᠡᠳᠭᠢᠯᠭᠡ᠎ᠶ᠋ᠢᠨ ᠴᠤᠤᠷᠢᠶᠠᠲᠤᠯ᠎ᠲᠠᠶ ᠥᠷᠲᠡᠭ᠎ᠦᠨ ᠣᠷᠣᠨ᠎ᠢ ᠪᠣᠶ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号