ᠦᠪᠦᠷ ᠮᠤᠨᠭᠭᠤᠯ ᠤ᠋ᠨ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠵᠢᠯ ᠤ᠋ᠨ ᠦᠶ᠋ᠯᠡᠳᠪᠦᠷᠢᠯᠡᠯ ᠤ᠋ᠨ ᠴᠢᠳᠠᠪᠤᠷᠢ 8 ᠲᠦᠮᠡᠨ ᠲᠣᠨ ᠬᠦᠷᠴᠦ ᠪᠠᠢᠨ᠎ᠠ
2026-04-11 11:48:04
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠨ᠋ᠸᠷᠬᠢ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠤᠳᠤ ᠪᠤᠯᠲᠠᠯ᠎ᠠ ᠦᠪᠦᠷ ᠮᠤᠨᠭᠭᠤᠯ ᠪᠣᠬᠢᠷᠲᠤᠯ ᠥᠬᠡᠶ ᠤᠰᠤᠲᠥ᠋ᠷᠥᠭ᠌ᠴᠢ ᠶ᠋ᠢᠨ ᠲᠥᠷᠥᠯ ᠵᠦᠶ᠋ᠯ ᠢ᠋ ᠨᠡᠢᠲᠡ 8 ᠪᠠᠢᠭᠤᠯᠵᠤ᠂ ᠵᠢᠯ ᠤ᠋ᠨ ᠦᠶ᠋ᠯᠡᠳᠪᠦᠷᠢᠯᠡᠯ ᠤ᠋ᠨ ᠴᠢᠳᠠᠪᠤᠷᠢ ᠨᠢ 8 ᠲᠦᠮᠡᠨ ᠲᠣᠨ ᠬᠦᠷᠴᠦ᠂ ᠬᠡᠪᠴᠢᠶ᠎ᠡ ᠨᠢ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠵᠢᠬᠰᠠᠵᠤ ᠪᠠᠢᠨ᠎ᠠ᠃

《ᠠᠷᠪᠠᠨ ᠳᠦᠷᠪᠡᠳᠦᠭᠡᠷ ᠲᠠᠪᠤᠨ ᠵᠢᠯ》ᠡᠴᠡ ᠨᠠᠭᠠᠰᠢ᠂ ᠦᠪᠦᠷ ᠮᠤᠨᠭᠭᠤᠯ ᠥᠪᠡᠷᠮᠢᠴᠡ ᠣᠨᠴᠠᠯᠢᠭᠳᠤ ᠱᠢᠨ᠎ᠡ ᠡᠨᠧᠷᠭᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠱᠢᠭ᠌ᠯᠡᠨ᠂ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠠᠵᠤ ᠦᠢᠯᠡᠰ ᠢ᠋ ᠬᠦᠴᠦᠯᠡᠨ ᠬᠦᠭᠵᠢᠭᠦᠯᠵᠦ᠂ ᠠᠵᠤ ᠦᠢᠯᠡᠰ ᠤ᠋ᠨ ᠬᠡᠪᠴᠢᠶ᠎ᠡ᠂ ᠰᠠᠭᠤᠷᠢ ᠲᠦᠬᠦᠭᠡᠷᠦᠮᠵᠢ ᠵᠡᠷᠭᠡ ᠲᠠᠯ᠎ᠠ ᠪᠠᠷ ᠴᠦᠮ ᠱᠢᠪᠲᠤᠯᠤᠯᠲᠠ ᠶ᠋ᠢᠨ ᠴᠢᠨᠠᠷᠲᠠᠶ ᠠᠬᠢᠴᠠ ᠲᠠᠢ ᠪᠣᠯᠪᠠ᠃

ᠦᠪᠦᠷ ᠮᠤᠨᠭᠭᠤᠯ ᠤᠷᠢᠳ ᠬᠣᠵᠢᠳ 19 ᠲᠥᠷᠥᠯ ᠤ᠋ᠨ ᠪᠣᠬᠢᠷᠲᠤᠯ ᠥᠬᠡᠶ ᠤᠰᠤᠲᠥ᠋ᠷᠥᠭ᠌ᠴᠢ ᠶ᠋ᠢᠨ ᠠᠵᠤ ᠦᠶ᠋ᠯᠡᠰ ᠤ᠋ᠨ ᠬᠠᠮᠢᠶ᠎ᠠ ᠪᠥᠬᠥᠶ ᠲᠥᠷᠥ ᠶ᠋ᠢᠨ ᠪᠣᠳᠣᠯᠭ᠎ᠠ ᠵᠢ ᠨᠡᠢᠲᠡᠯᠡᠵᠦ᠍᠂ ᠪᠣᠬᠢᠷᠲᠤᠯ ᠥᠬᠡᠶ ᠤᠰᠤᠲᠥ᠋ᠷᠥᠭ᠌ᠴᠢ ᠶ᠋ᠢᠨ 《ᠦᠶ᠋ᠯᠡᠳᠬᠦ᠌᠂ ᠬᠠᠳᠠᠭᠠᠯᠠᠬᠤ᠂ ᠳᠠᠮᠵᠢᠭᠤᠯᠬᠤ᠂ ᠬᠡᠷᠡᠭ᠌ᠯᠡᠬᠦ᠌》 ᠪᠥᠬᠥ᠌ ᠭᠣᠭ᠍ᠴᠣᠭ᠎ᠠ ᠵᠢᠴᠢ ᠢᠵᠢ ᠪᠥᠷᠢᠳᠦᠭᠦᠯᠬᠦ ᠲᠣᠨᠣᠭ᠍ᠯᠠᠯ ᠦᠶ᠋ᠯᠡᠳᠬᠦ᠌ ᠬᠦᠷᠢᠶ᠎ᠡ ᠵᠢ ᠬᠠᠮᠤᠷᠴᠤ᠌᠂ ᠣᠳᠣᠬᠠᠨ ᠳ᠋ᠤ ᠨᠢᠭᠡᠨᠲᠡ ᠪᠣᠬᠢᠷᠲᠤᠯ ᠥᠬᠡᠶ ᠤᠰᠤᠲᠥ᠋ᠷᠥᠭ᠌ᠴᠢ ᠶ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠲᠤᠯᠭᠠᠭᠤᠷᠢᠯᠠᠬᠤ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠲᠥᠷᠥ ᠶ᠋ᠢᠨ ᠪᠣᠳᠣᠯᠭ᠎ᠠ ᠶ᠋ᠢᠨ ᠪᠠᠲᠤᠯᠠᠭ᠎ᠠ ᠶ᠋ᠢᠨ ᠱᠢᠰᠲ᠋ᠧᠮ ᠢ᠋ ᠦᠨᠳᠦᠰᠦᠨ ᠳ᠋ᠡᠭᠡᠨ ᠪᠠᠢᠭᠤᠯᠪᠠ᠃ ᠲᠣᠣᠷ ᠲᠦ᠍ ᠵᠠᠯᠭᠠᠬᠤ ᠴᠠᠬᠢᠯᠭᠠᠨ ᠤ᠋ ᠬᠡᠮᠵᠢᠶ᠎ᠡ ᠵᠢ ᠪᠠᠲᠤᠯᠠᠬᠤ ᠵᠢ ᠱᠢᠯᠢᠳᠡᠭ᠌ᠵᠢᠭᠦᠯᠬᠦ᠌᠂ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠵᠢ ᠭᠦᠨᠵᠡᠭᠡᠢᠷᠡᠭᠦᠯᠬᠦ᠌᠂ ᠤᠷᠢᠳ ᠢ᠋ᠶ᠋ᠠᠷ  ᠬᠡᠷᠡᠭ᠌ᠵᠢᠭᠦᠯᠵᠦ᠍ ᠤᠷᠢᠳ ᠢ᠋ᠶ᠋ᠠᠷ ᠲᠤᠷᠱᠢᠬᠤ ᠵᠢ ᠥᠷᠨᠢᠭᠦᠯᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ᠂ ᠲᠥᠷᠥᠯ ᠵᠦᠢᠯ ᠢ᠋ ᠲᠦᠷᠭᠡᠨ ᠨᠠᠢᠳᠠᠪᠤᠷᠢᠵᠢᠭᠤᠯᠬᠤ ᠵᠢ ᠠᠬᠢᠭᠤᠯᠵᠤ᠂ ᠣᠳᠣᠬᠠᠨ ᠳ᠋ᠤ 7 ᠲᠤᠷᠱᠢᠯᠲᠠ ᠶ᠋ᠢᠨ ᠴᠡᠭ ᠤ᠋ᠨ ᠲᠥᠷᠥᠯ ᠵᠦᠶ᠋ᠯ ᠢ᠋ ᠤᠯᠤᠰ ᠤ᠋ᠨ ᠵᠢᠱ᠌ᠢᠶ᠎ᠡ ᠦᠵᠡᠭᠦᠯᠬᠦ᠌ ᠬᠡᠪᠴᠢᠶᠡᠨ ᠳ᠋ᠤ ᠣᠷᠣᠭᠤᠯᠪᠠ᠃ 2025 ᠣᠨ ᠳ᠋ᠤ᠂ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠭᠠᠷᠤᠯᠲᠠ12694 ᠲᠣᠨ ᠳ᠋ᠤ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 3.6 ᠳᠠᠬᠢᠨ ᠨᠡᠮᠡᠭ᠌ᠳᠡᠪᠡ᠃ ᠡᠨᠡ ᠵᠢᠯ ᠤ᠋ᠨ 1—2 ᠰᠠᠷ᠎ᠠ ᠳ᠋ᠤ᠂ ᠪᠣᠬᠢᠷᠲᠤᠯ ᠥᠬᠡᠶ ᠤᠰᠤᠲᠥ᠋ᠷᠥᠭ᠌ᠴᠢ ᠵᠢ ᠨᠡᠢᠲᠡ 2653.6 ᠲᠣᠨ ᠦᠶ᠋ᠯᠡᠳᠪᠦᠷᠢᠯᠡᠵᠦ᠍᠂ ᠦᠶ᠋ᠯᠡᠳᠪᠦᠷᠢᠯᠡᠯ ᠤ᠋ᠨ ᠪᠠᠢᠳᠠᠯ ᠲᠣᠭ᠍ᠲᠠᠭᠤᠨ ᠪᠠᠢᠨ᠎ᠠ᠃ ᠪᠤᠬᠢᠷᠲᠤᠯ ᠦᠭᠡᠢ ᠤᠰᠤᠲᠥ᠋ᠷᠥᠭ᠌ᠴᠢ ᠶ᠋ᠢᠨ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠦᠷᠭᠦᠯᠵᠢᠯᠡᠨ ᠪᠠᠭᠤᠷᠠᠭᠤᠯᠵᠤ᠂ ᠺᠢᠯᠣᠭ᠌ᠷᠠᠮ ᠪᠦᠷᠢ 17 ᠡᠴᠡ 20 ᠲᠥᠭᠥᠷᠢᠭ ᠢ᠋ᠶ᠋ᠡᠷ ᠬᠢᠵᠠᠭᠠᠷᠯᠠᠵᠤ᠂ ᠵᠥᠪᠬᠡᠨ ᠪᠥᠬᠥ᠌ ᠤᠯᠤᠰ ᠤ᠋ᠨ ᠳᠤᠮᠳᠠᠴᠢ ᠲᠦᠪᠱᠢᠨ ᠤ᠋ 60% ᠪᠠᠢᠵᠤ᠂ ᠥᠪᠡᠷ ᠤ᠋ᠨ ᠥᠷᠲᠡᠭ ᠤ᠋ᠨ ᠳᠠᠪᠠᠭᠤᠯᠢᠭ ᠢᠯᠡᠳᠲᠡ ᠪᠠᠢᠨ᠎ᠠ᠃ ᠪᠥᠬᠥ᠌ ᠤᠯᠤᠰ ᠤ᠋ᠨ ᠠᠩᠬᠠᠳᠠᠭ᠍ᠴᠢ ᠮᠤᠵᠢ ᠶ᠋ᠢᠨ ᠱᠠᠲᠤᠨ ᠤ᠋ ᠪᠣᠬᠢᠷᠲᠤᠯ ᠥᠬᠡᠶ ᠤᠰᠤᠲᠥ᠋ᠷᠥᠭ᠌ᠴᠢ ᠳᠠᠮᠵᠢᠭᠤᠯᠬᠤ ᠬᠣᠭᠣᠯᠠᠶ ᠶ᠋ᠢᠨ ᠲᠤᠰᠭᠠᠶ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭᠠᠵᠤ᠂ ᠣᠳᠣᠬᠠᠨ ᠳ᠋ᠤ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠡᠴᠡ ᠪᠤᠭᠤᠲᠤ ᠬᠣᠲᠠ ᠬᠦᠷᠲᠡᠯᠡᠬᠢ ᠪᠤᠬᠢᠷᠲᠤᠯ ᠦᠭᠡᠢ ᠤᠰᠤᠲᠥ᠋ᠷᠥᠭ᠌ᠴᠢ ᠳᠠᠮᠵᠢᠭᠤᠯᠬᠤ ᠬᠣᠭᠣᠯᠠᠶ ᠨᠢᠭᠡᠨᠲᠡ ᠪᠥᠬᠥ᠌ ᠱᠤᠭᠤᠮ ᠢ᠋ᠶ᠋ᠡᠷ ᠢ᠋ᠶ᠋ᠡᠨ ᠨᠡᠪᠲᠡᠷᠡᠵᠦ᠍᠂ ᠰᠠᠭᠤᠷᠢ ᠲᠦᠬᠦᠭᠡᠷᠦᠮᠵᠢ ᠶ᠋ᠢᠨ ᠪᠥᠲᠥᠭᠡᠨ ᠪᠠᠢᠭᠤᠯᠤᠯᠲᠠ ᠵᠠᠩᠭᠢᠯᠠᠭ᠎ᠠ ᠶ᠋ᠢᠨ ᠨᠢᠭᠡ ᠠᠯᠬᠤᠮ ᠢ᠋ ᠠᠯᠬᠤᠪᠠ᠃ ᠲᠥᠷᠥ ᠶ᠋ᠢᠨ ᠪᠣᠳᠣᠯᠭ᠎ᠠ + ᠵᠠᠬ᠎ᠠ ᠳᠡᠯᠭᠡᠭᠦᠷ ᠬᠠᠮᠲᠤ ᠪᠠᠷ ᠪᠣᠢᠵᠢᠭᠤᠯᠬᠤ ᠪᠡᠷ ᠳᠠᠮᠵᠢᠭᠤᠯᠤᠨ᠂ ᠤᠳᠤᠬᠠᠨ ᠳ᠋ᠤ ᠦᠪᠦᠷ ᠮᠤᠨᠭᠭᠤᠯ ᠨᠢᠭᠡᠨᠲᠡ ᠵᠠᠮ ᠬᠠᠷᠢᠯᠴᠠᠭ᠎ᠠ᠂ ᠬᠢᠮᠢ ᠶ᠋ᠢᠨ ᠠᠵᠤ ᠦᠶ᠋ᠯᠡᠳᠪᠦᠷᠢ᠂ ᠴᠠᠬᠢᠯᠭᠠᠨ ᠬᠦᠴᠦᠨ ᠵᠡᠷᠭᠡ ᠬᠦᠷᠢᠶᠡᠨ ᠳ᠋ᠤ ᠡᠯᠪᠡᠭ ᠪᠠᠶᠠᠯᠢᠭ ᠬᠡᠷᠡᠭ᠌ᠯᠡᠭᠡᠨ ᠤ᠋ ᠠᠬᠤᠢ ᠪᠠᠢᠳᠠᠯ ᠢ᠋ ᠪᠦᠷᠢᠯᠳᠦᠭᠦᠯᠵᠦ᠍᠂ ᠲᠣᠭ᠍ᠲᠠᠭᠤᠨ ᠪᠥᠭᠡᠳ ᠪᠣᠯᠪᠠᠰᠤᠷᠠᠩᠭᠤᠶ ᠪᠣᠬᠢᠷᠲᠤᠯ ᠥᠬᠡᠶ ᠤᠰᠤᠲᠥ᠋ᠷᠥᠭ᠌ᠴᠢ ᠶ᠋ᠢᠨ ᠬᠡᠷᠡᠭ᠌ᠯᠡᠭᠡᠨ ᠤ᠋ ᠵᠠᠬ᠎ᠠ ᠳᠡᠯᠭᠡᠭᠦᠷ ᠢ᠋ ᠲᠦᠷᠭᠡᠳᠭᠡᠨ ᠪᠣᠢᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号