ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠵᠢᠯᠣᠭᠣᠳᠭᠤ ᠭᠠᠵᠠᠷ ᠤ᠋ᠨ ᠠᠯᠪᠠᠨ ᠬᠡᠷ ᠡᠴᠡ ᠣᠢᠯᠠᠭᠠᠭ᠍ᠰᠠᠨ ᠵᠢᠡᠷ᠂ ᠬᠠᠪᠤᠷ ᠤ᠋ᠨ ᠤᠯᠠᠷᠢᠯ ᠤ᠋ᠨ ᠲᠦᠶ᠋ᠮᠡᠷᠰᠡᠷᠭᠡᠢᠯᠡᠬᠦ᠌ ᠬᠤᠭᠤᠴᠠᠭᠠᠨ ᠳ᠋ᠤ ᠤᠷᠤᠭ᠍ᠰᠠᠨ ᠡᠴᠡ ᠨᠠᠭᠠᠰᠢ᠂ ᠦᠪᠦᠷ ᠮᠤᠩᠭᠤᠯᠤᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠬᠠᠮᠢᠶᠠ ᠪᠥᠬᠥᠶ ᠰᠠᠯᠠᠭᠠ ᠮᠥᠴᠢᠷ ᠤᠷᠢᠳᠴᠢᠯᠠᠨ ᠪᠠᠢᠷᠢᠯᠠᠭᠤᠯᠵᠤ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍᠂ ᠴᠢᠬᠤᠯᠠ ᠴᠠᠭ ᠭᠤᠤᠯᠳᠠᠯᠭᠠᠲᠠᠶ ᠬᠥᠮᠦᠰ᠂ ᠴᠢᠬᠤᠯᠠ ᠶᠡᠬᠡ ᠢᠨᠵᠧᠨᠧᠷᠢᠩ ᠢ᠋ ᠴᠢᠩᠭᠠ ᠠᠩᠬᠠᠷᠴᠤ᠌᠂ ᠨᠠᠩ ᠣᠯᠠᠨ ᠬᠦᠴᠦᠨ ᠢ᠋ ᠵᠣᠬᠢᠶᠠᠨ ᠪᠠᠢᠭᠤᠯᠵᠤ ᠨᠢᠭᠡᠳᠦᠭᠡᠷ ᠹᠷᠣᠨᠲ ᠲᠤ᠌ ᠭᠦᠨᠵᠡᠭᠡᠢᠷᠡᠨ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠤ᠋ᠨ ᠠᠶᠤᠯ ᠲᠦᠭ᠌ᠰᠢᠭᠦᠷᠢ ᠶ᠋ᠢ ᠪᠥᠬᠥ᠌ ᠬᠦᠴᠦᠨ ᠵᠢᠡᠷ ᠵᠢᠡᠨ ᠰᠡᠷᠭᠡᠢᠯᠡᠨ ᠠᠷᠢᠯᠭᠠᠪᠠ᠃
ᠣᠳᠣᠬᠠᠨ ᠳ᠋ᠤ ᠥᠪᠥᠷ ᠮᠣᠩᠭᠣᠯ ᠤ᠋ᠨ ᠲᠦᠢᠮᠡᠷ ᠰᠡᠷᠭᠡᠢᠯᠡᠵᠦ᠍ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠭᠡᠯ ᠶᠡᠷᠦᠩᠬᠡᠶ ᠠᠩᠭᠢ ᠵᠢᠨ 3900 ᠭᠠᠷᠤᠶ ᠲᠦᠢᠮᠡᠷ ᠰᠡᠷᠭᠡᠢᠯᠡᠵᠦ᠍ ᠤᠨᠲᠠᠷᠠᠭᠠᠬᠤ ᠲᠠᠷᠤᠭᠠ ᠪᠠᠢᠯᠳᠤᠭ᠍ᠴᠢ ᠨᠢᠭᠡᠨᠲᠡ ᠲᠡᠢᠨ ᠤ᠋ ᠪᠡᠯᠡᠳᠭᠡᠯ ᠤ᠋ᠨ ᠪᠠᠢᠳᠠᠯ ᠳ᠋ᠤ ᠣᠷᠣᠵᠤ᠂ 7800 ᠭᠠᠷᠤᠶ ᠢᠵᠢ (ᠲᠡᠷᠭᠡ) ᠲᠡᠷᠭᠡ ᠬᠥᠰᠭᠡ ᠪᠣᠯᠤᠨ ᠲᠣᠨᠣᠭ ᠲᠥᠬᠥᠭᠡᠷᠦᠮᠵᠢ ᠵᠢ ᠪᠡᠯᠡᠭᠡᠨ ᠪᠤᠯᠭᠠᠵᠦ᠂ ᠪᠥᠬᠥ᠌ ᠣᠷᠣᠨ ᠤ᠋ 20 ᠭᠠᠷᠤᠶ ᠭᠤᠤᠯᠳᠠᠯᠭᠠᠲᠠᠶ ᠦᠵᠡᠮᠵᠢ ᠵᠢᠨ ᠣᠷᠣᠨ᠂ ᠱᠢᠭᠤᠢᠲᠤ ᠣᠷᠣᠨ ᠳ᠋ᠤ ᠪᠡᠯᠡᠳᠭᠡᠯ ᠠᠵᠢᠯ ᠬᠢᠵᠦ᠍᠂ ᠲᠦᠢᠮᠡᠷ ᠰᠡᠷᠭᠡᠢᠯᠡᠵᠦ᠍ ᠲᠣᠭᠣᠷᠢᠨ ᠪᠠᠢᠴᠠᠭᠠᠬᠤ ᠶ᠋ᠢ ᠪᠠᠢᠩᠭᠤᠵᠢᠭᠤᠯᠬᠤ᠂ ᠲᠦᠢᠮᠡᠷ ᠰᠡᠷᠭᠡᠢᠯᠡᠵᠦ᠍ ᠤᠨᠲᠠᠷᠠᠭᠠᠬᠤ ᠠᠮᠤᠷ ᠲᠦᠪᠱᠢᠨ ᠤ᠋ ᠤᠬᠠᠭᠤᠯᠭᠠ ᠶ᠋ᠢ ᠪᠦᠷᠢᠨ ᠪᠥᠷᠬᠥᠭᠦᠯᠬᠦ᠌ ᠪᠡᠷ ᠳᠠᠮᠵᠢᠭᠤᠯᠤᠨ᠂ ᠲᠦᠢᠮᠡᠷ ᠤ᠋ᠨ ᠲᠦᠭ᠌ᠰᠢᠭᠦᠷᠢ ᠶ᠋ᠢ ᠴᠢᠩᠭᠠ ᠰᠡᠷᠭᠡᠢᠯᠡᠵᠦ᠍ ᠪᠣᠶ᠃ ᠡᠭᠦᠨ ᠤ᠋ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠵᠢᠯᠣᠭᠣᠳᠭᠤ ᠭᠠᠵᠠᠷ ᠡᠯᠡ ᠭᠠᠵᠠᠷ ᠢ᠋ ᠵᠣᠬᠢᠶᠠᠨ ᠪᠠᠢᠭᠤᠯᠤᠨ ᠲᠦᠶ᠋ᠮᠡᠷ ᠢ᠋ ᠰᠡᠷᠭᠡᠢᠯᠡᠬᠦ᠌ ᠬᠠᠷᠢᠭᠤᠴᠠᠯᠭᠠ ᠶ᠋ᠢ ᠦᠷᠭᠦᠯᠵᠢᠯᠡᠨ ᠴᠢᠩᠭᠠᠳᠭᠠᠬᠤ ᠵᠢᠨ ᠬᠠᠮᠲᠤ ᠤᠬᠠᠭᠤᠯᠭᠠ ᠬᠥᠮᠦᠵᠢᠯ ᠢ᠋ ᠴᠢᠩᠭᠠᠳᠭᠠᠬᠤ᠂ ᠬᠡᠭᠡᠷᠡ ᠭᠠᠳᠠᠨᠠᠬᠢ ᠲᠦᠶ᠋ᠮᠡᠷ ᠤ᠋ᠨ ᠡᠬᠢ ᠰᠤᠷᠪᠤᠯᠵᠢ ᠶ᠋ᠢ ᠬᠠᠮᠢᠶᠠᠷᠤᠨ ᠡᠵᠡᠮᠳᠡᠬᠦ᠌ ᠶ᠋ᠢ ᠴᠢᠩᠭᠠ ᠠᠳᠭᠤᠬᠤ᠂ ᠱᠢᠨᠵᠢᠯᠡᠬᠦ᠌ ᠤᠬᠠᠭᠠᠨᠴᠢᠪᠠᠷ ᠱᠢᠶ᠋ᠳᠪᠦᠷᠢᠯᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌᠂ ᠲᠦᠶ᠋ᠮᠡᠷ ᠢ᠋ ᠳᠠᠷᠤᠢ ᠤᠨᠲᠠᠷᠠᠭᠠᠬᠤ ᠪᠠ ᠬᠢᠯᠢ ᠵᠢᠨ ᠭᠠᠳᠠᠨᠠᠬᠢ ᠲᠦᠶ᠋ᠮᠡᠷ ᠢ᠋ ᠬᠠᠱᠢᠵᠤ ᠬᠣᠷᠢᠭ᠍ᠯᠠᠬᠤ ᠵᠡᠷᠭᠡ ᠲᠠᠯᠠᠪᠠᠷ ᠦᠷᠭᠦᠯᠵᠢᠯᠡᠨ ᠬᠦᠴᠦᠯᠡᠵᠤ ᠪᠤᠢ᠃ ᠢᠯᠠᠩᠭᠤᠶᠠ ᠭᠠᠯ ᠤ᠋ᠨ ᠡᠬᠢ ᠰᠤᠷᠪᠤᠯᠵᠢ ᠶ᠋ᠢ ᠬᠠᠮᠢᠶᠠᠷᠤᠨ ᠡᠵᠡᠮᠳᠡᠬᠦ᠌ ᠲᠠᠯᠠᠪᠠᠷ᠂ ᠡᠯᠡ ᠭᠠᠵᠠᠷ ᠤ᠋ᠨᠬᠢᠨ 《ᠬᠣᠷᠢᠭᠠ ᠪᠣᠭᠣᠮᠲᠠ》 ᠶ᠋ᠢ ᠦᠨᠡᠨ ᠬᠦ᠌ ᠴᠢᠩᠭᠠ ᠰᠠᠬᠢᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠤ᠋ᠨ ᠭᠠᠮᠱᠢᠭ ᠤ᠋ᠨ ᠬᠦᠨᠳᠦ ᠶᠡᠬᠡ ᠳᠠᠯᠳᠠ ᠬᠡᠮ ᠢ᠋ ᠬᠥᠳᠡᠯᠦᠩᠭᠦᠶ ᠪᠡᠷ ᠠᠷᠢᠯᠭᠠᠬᠤ ᠪᠠ ᠲᠣᠭ᠍ᠲᠠᠭᠠᠯ ᠡᠴᠡ ᠵᠥᠷᠢᠴᠡᠨ ᠭᠠᠯ ᠬᠡᠷᠡᠭ᠌ᠯᠡᠭ᠌ᠰᠡᠨ ᠦᠶ᠋ᠯᠡ ᠠᠵᠢᠯᠯᠠᠭᠠ ᠶ᠋ᠢ ᠪᠠᠢᠴᠠᠭᠠᠨ ᠱᠢᠶ᠋ᠳᠪᠦᠷᠢᠯᠡᠬᠦ᠌ ᠲᠤᠰᠭᠠᠶ ᠠᠵᠢᠯᠯᠠᠭᠠ ᠶ᠋ᠢ ᠪᠠᠢᠩᠭᠤᠵᠢᠭᠤᠯᠤᠨ ᠠᠬᠢᠭᠤᠯᠵᠤ᠂ ᠬᠡᠭᠡᠷᠡ ᠭᠠᠳᠠᠨᠠ ᠭᠠᠯ ᠬᠡᠷᠡᠭ᠌ᠯᠡᠬᠦ᠌ ᠶ᠋ᠢ ᠬᠢᠨᠠᠨ ᠵᠥᠪᠱᠢᠶᠡᠷᠡᠬᠦ᠌ ᠶ᠋ᠢ ᠴᠢᠩᠳᠠᠯᠡᠪᠠ᠃ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶᠠ ᠡᠴᠡ ᠪᠠᠰᠠ ᠡᠯᠡ ᠭᠠᠵᠠᠷ ᠤ᠋ᠨᠬᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠪᠠᠭᠤᠷᠠᠶ ᠭᠣᠭ᠍ᠴᠣᠭᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠳᠤᠲᠠᠭᠤᠳᠠᠯ ᠵᠢᠡᠨ ᠨᠥᠬᠥᠪᠥᠷᠢᠯᠡᠨ᠂ ᠪᠠᠭᠤᠷᠠᠶ ᠲᠠᠯᠠᠪᠠᠨ ᠬᠦᠴᠦᠷᠬᠡᠭ᠌ᠵᠢᠭᠦᠯᠵᠦ᠍᠂ 《ᠬᠦᠮᠦᠨ ᠤ᠋ ᠬᠦᠴᠦᠨ ᠤ᠋ ᠰᠡᠷᠭᠡᠢᠯᠡᠯᠲᠡ + ᠪᠣᠳᠠᠰ ᠤ᠋ᠨ ᠰᠡᠷᠭᠡᠢᠯᠡᠯᠲᠡ + ᠮᠡᠷᠭᠡᠵᠢᠯ ᠤ᠋ᠨ ᠰᠡᠷᠭᠡᠢᠯᠡᠯᠲᠡ》 ᠪᠦᠬᠦᠢ ᠭᠤᠷᠮᠤᠰᠤᠨ ᠴᠣᠭ᠍ᠴᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠱᠢᠰᠲ᠋ᠧᠮ ᠢ᠋ ᠪᠠᠢᠭᠤᠯᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠤ᠋ᠨ ᠭᠠᠮᠱᠢᠭ ᠢ᠋ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠴᠢᠳᠠᠪᠤᠷᠢ ᠶ᠋ᠢ ᠪᠥᠬᠥ᠌ ᠲᠠᠯᠠᠪᠠᠷ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号