《ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ᠎ᠤ ᠲᠡᠷᠭᠡ》 ᠭᠠᠴᠠᠭᠠᠨ ᠳ᠋ᠤ ᠬᠦᠷᠴᠦ ᠢᠷᠡᠯ᠎ᠡ
2026-04-11 11:38:37
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

3 ᠰᠠᠷ᠎ᠠ ᠵᠢᠨ ᠳᠤᠮᠳᠠᠴᠢ ᠪᠡᠷ᠂ ᠮᠠᠨ᠎ᠤ ᠰᠤᠷᠪᠤᠯᠵᠢᠯᠠᠭᠴᠢᠳ᠎ᠤᠨ ᠪᠦᠯᠬᠦᠮ ᠤᠯᠠᠭᠠᠨᠬᠠᠳᠠ ᠬᠤᠳᠠ ᠵᠢᠨ ᠨᠢᠩᠴᠧᠩ ᠱᠢᠶᠠᠨ᠎ᠤ ᠰᠢᠽᠢ ᠪᠠᠯᠭᠠᠰᠤᠨ᠎ᠤ ᠰᠢᠽᠢ ᠭᠠᠴᠠᠭ᠎ᠠ ᠳ᠋ᠤ ᠬᠦᠷᠬᠦ ᠳ᠋ᠤ᠂  ᠭᠠᠴᠠᠭᠠᠨ ᠎ᠤ ᠠᠷᠠᠳ᠎ᠤᠨ ᠵᠦᠪᠯᠡᠯ᠎ᠤᠨ ᠠᠯᠪᠠᠨ ᠠᠰᠠᠷ᠎ᠤᠨ ᠡᠮᠦᠨ᠎ᠡ 《ᠡᠬᠡᠴᠦᠦᠯ ᠎ᠤᠨ ᠡᠷᠡᠬᠦᠯ ᠮᠡᠨᠳᠦ ᠵᠢᠨ ᠲᠦᠷᠭᠡᠨ᠎ᠤ ᠲᠡᠷᠭᠡ》 ᠵᠤᠬᠰᠤᠵᠤ᠂ ᠲᠦᠷᠪᠡᠳᠦᠭᠡᠷ ᠲᠠᠪᠬᠤᠷᠯᠢᠬ ᠲᠸ᠋ᠨᠢ ᠭᠠᠴᠠᠭᠠᠨ᠎ᠤ ᠡᠮᠡᠭᠳᠡᠢᠴᠤᠳ 《ᠬᠤᠶᠠᠷ ᠦᠮᠠᠨ》 ᠤ᠋ ᠰᠢᠭᠰᠢᠨ ᠪᠠᠢᠴᠠᠭᠠᠯᠳᠠ ᠬᠢᠯᠭᠡᠬᠦ ᠪᠡᠷ ᠡᠮᠬᠢ ᠵᠢᠷᠦᠮ ᠲᠠᠢ ᠮᠦᠷᠯᠡᠨ ᠵᠤᠬᠰᠤᠵᠠᠭᠠᠵᠤ ᠪᠠᠢᠯ᠎ᠠ᠃  ᠨᠢᠩᠴᠧᠩ ᠱᠢᠶᠠᠨ᠎ᠤ ᠡᠮᠡᠭ᠌ᠲᠡᠢᠴᠦᠳ ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠸᠠᠩ ᠵᠢᠶᠠᠨ ᠶᠢᠩ᠄《ᠡᠨᠡ ᠡᠳᠦᠷ ᠡᠮᠡᠭ᠌ᠲᠡᠢᠴᠦᠳ᠎ᠦᠨ ᠬᠣᠯᠪᠤᠭ᠎ᠠ ᠡᠴᠡ ᠰᠢᠶᠠᠨ᠎ᠤ ᠲᠦᠪ ᠡᠮᠨᠡᠯᠭᠡ ᠵᠢᠨ ᠬᠤᠷᠢᠶ᠎ᠡ ᠲᠠᠢ ᠵᠤᠬᠢᠴᠠᠭᠤᠯᠤᠨ᠂  ᠲᠤᠰ ᠭᠠᠴᠠᠭᠠᠨ᠎ᠤ  ᠡᠮᠡᠭᠳᠡᠢᠴᠤᠳ ᠲᠸ᠋ ᠦᠨ᠎ᠡ ᠲᠦᠯᠦᠪᠦᠷᠢ ᠦᠭᠡᠢ ᠪᠡᠷ 〈ᠬᠤᠶᠠᠷ ᠦᠮᠡᠨ〉 ᠎ᠤ᠋ ᠰᠢᠭᠰᠢᠨ  ᠪᠠᠢᠴᠠᠭᠠᠯᠲᠠ ᠬᠢᠵᠦ ᠦᠭᠴᠤ ᠪᠤᠢ᠃  ᠱᠢᠭ᠌ᠰᠢᠨ ᠪᠠᠢᠴᠠᠭᠠᠯᠳᠠ ᠬᠢᠯᠭᠡᠬᠦ ᠨᠢ ᠡᠪᠡᠳᠴᠢᠨ᠎ᠢ ᠤᠷᠢᠳᠴᠢᠯᠠᠨ ᠰᠡᠷᠭᠡᠢᠯᠡᠬᠦ᠌ ᠪᠠ ᠡᠷᠳᠡ ᠢᠯᠡᠷᠡᠬᠦᠯᠵᠦ ᠡᠷᠲᠡ ᠡᠮᠨᠡᠬᠦᠯᠦᠨ ᠵᠠᠰᠠᠭᠤᠯᠬᠤ ᠵᠢᠨ ᠲᠥᠯᠥᠭᠡ ᠶᠤᠮ 》 ᠬᠡᠵᠦ ᠰᠤᠷᠪᠤᠯᠵᠢᠯᠠᠬᠴᠢ ᠳ᠋ᠦ ᠬᠡᠯᠡᠯ᠎ᠡ᠃ ᠰᠢᠽᠢ ᠭᠠᠴᠠᠭᠠᠨ᠎ᠤ ᠵᠦᠪᠯᠡᠯ᠎ᠤᠨ ᠠᠯᠪᠠᠨ ᠭᠡᠷ ᠲᠸ᠋᠂ ᠡᠮᠴᠢ ᠰᠤᠪᠢᠯᠠᠬᠴᠢ ᠪᠠ ᠡᠮᠡᠭᠳᠡᠢᠴᠦᠳ᠎ᠤᠨ ᠬᠤᠯᠪᠤᠭ᠎ᠠ ᠵᠢᠨ ᠺᠠᠳ᠋ᠷ ᠭᠠᠴᠠᠭᠠᠨ᠎ᠤ ᠦᠷᠭᠡᠨ ᠤᠯᠠᠨ ᠡᠮᠡᠭᠳᠡᠢᠴᠤᠳ ᠲᠸ᠋ ᠬᠠᠮᠢᠶ᠎ᠠ ᠪᠦᠬᠦᠢ ᠮᠡᠳᠡᠯᠭᠡ ᠵᠢ ᠬᠦᠯᠢᠴᠡᠩᠬᠦᠢ ᠲᠠᠢᠯᠪᠤᠷᠢᠯᠠᠨ ᠦᠭᠴᠦ᠂ ᠡᠮᠡᠭ᠌ᠲᠡᠢᠴᠦᠳ᠎ᠦᠨ 《ᠶᠠᠷᠱᠢᠭ ᠲᠦᠪᠡᠭ᠎ᠡᠴᠡ ᠠᠶᠤᠬᠤ᠂ ᠵᠣᠭᠣᠰ ᠵᠠᠷᠤᠬᠤ᠎ᠠᠴᠠ ᠠᠶᠤᠬᠤ᠂ ᠴᠢᠬᠤᠯᠠ ᠥᠬᠡᠶ ᠬᠡᠵᠦ ᠪᠤᠳᠤᠬᠤ》 ᠡᠷᠡᠭᠡᠯᠵᠡᠭᠡ᠎ᠶ᠋ᠢ ᠠᠷᠢᠯᠭᠠᠨ᠎ᠠ᠃

ᠣᠢᠷ᠎ᠠ᠎ᠶ᠋ᠢᠨ ᠵᠢᠯ᠎ᠦᠳ᠎ᠲᠦ᠂ ᠨᠢᠩᠴᠧᠩ ᠱᠢᠶᠠᠨ᠎ᠤ ᠡᠮᠡᠭ᠌ᠲᠡᠢᠴᠦᠳ᠎ᠦᠨ ᠬᠣᠯᠪᠤᠭ᠎ᠠ ᠦᠨᠳᠦᠰᠦᠨ ᠱᠠᠲᠤᠨ᠎ᠤ ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ ᠵᠢᠡᠨ ᠲᠦᠪᠯᠡᠷᠡᠬᠦᠯᠦᠨ᠂ ᠡᠬᠢ ᠪᠠᠶᠠᠯᠢᠭ᠎ᠢ ᠢᠳᠡᠪᠬᠢᠲᠡᠶ ᠨᠡᠢᠳᠭᠡᠨ᠂ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ 《ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ᠎ᠤ ᠲᠡᠷᠭᠡ》 ᠶ᠋ᠢᠨ ᠲᠥᠷᠥᠯ ᠵᠦᠶ᠋ᠯ᠎ᠢᠶᠡᠷ ᠠᠴᠢᠶᠠᠯᠠᠪᠤᠷᠢ ᠪᠣᠯᠭᠠᠨ᠂ ᠬᠣᠲᠠ ᠬᠥᠳᠡᠭᠡ᠎ᠶ᠋ᠢᠨ ᠡᠮᠡᠭ᠌ᠲᠡᠢᠴᠦᠳ᠎ᠦᠨ 《ᠬᠣᠶᠠᠷ ᠥᠮᠡᠨ》 ᠢ᠋ ᠦᠨ᠎ᠡ ᠲᠥᠯᠥᠪᠦᠷᠢ ᠥᠬᠡᠶ ᠎ᠪᠡᠷ ᠱᠢᠭ᠌ᠰᠢᠨ ᠪᠠᠢᠴᠠᠭᠠᠬᠤ᠎ᠪᠠᠷ ᠭᠤᠤᠯᠳᠠᠯᠭ᠎ᠠ ᠪᠣᠯᠭᠠᠵᠤ᠂ ᠣᠨᠢᠨ ᠳᠡᠭᠡᠷ᠎ᠡ ᠎ᠨᠢ ᠬᠦᠴᠦᠯᠡᠵᠦ᠍ ᠥᠷᠭᠡᠨ᠎ᠢᠶᠡᠷ ᠬᠠᠮᠤᠷᠤᠭ᠍ᠰᠠᠨ᠂ ᠴᠠᠭ ᠲᠤᠬᠠᠶ᠎ᠳᠤᠨᠢ ᠴᠤᠤᠷᠢᠶᠠᠲᠤᠨ ᠲᠠᠭᠠᠭᠰᠠᠨ ᠡᠮᠡᠭ᠌ᠲᠡᠢᠴᠦᠳ ᠎ᠦᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠪᠠᠢᠭᠤᠯᠵᠤ᠂ ᠥᠷᠭᠡᠨ ᠣᠯᠠᠨ ᠡᠮᠡᠭ᠌ᠲᠡᠢᠴᠦᠳ᠎ᠦᠨ ᠠᠮᠢ ᠨᠠᠰᠤᠨ᠎ᠤ ᠡᠷᠡᠭᠦᠯ ᠮᠡᠨᠳᠦ᠍᠎ᠶ᠋ᠢ ᠦᠨᠡᠨ ᠬᠦ᠌ ᠰᠠᠬᠢᠨ ᠬᠠᠮᠠᠭᠠᠯᠠᠪᠠ᠃

ᠭᠠᠴᠠᠭᠠᠨ᠎ᠤ ᠡᠮᠡᠭᠳᠡᠢᠴᠤᠳ ᠲᠸ᠋ ᠡᠷᠡᠬᠦᠯ ᠮᠡᠨᠳᠦ ᠵᠢᠨ ᠰᠢᠭᠰᠢᠨ ᠪᠠᠢᠴᠠᠭᠠᠯᠲᠠ ᠬᠢᠵᠦ  ᠪᠠᠷᠠᠬᠰᠠᠨ᠎ᠤ  ᠲᠠᠷᠠᠭ᠎ᠠ 《ᠡᠭᠡᠴᠤᠤᠯ᠎ᠤᠨ ᠡᠷᠡᠭᠦᠯ ᠮᠡᠨᠳᠦ᠍᠎ᠶ᠋ᠢᠨ ᠲᠦᠷᠭᠡᠨ᠎ᠤ ᠲᠡᠷᠭᠡ》ᠭᠠᠴᠠᠭᠠᠨ᠎ᠤ ᠵᠢᠷᠮᠦᠰᠦᠨ ᠪᠦᠰᠡᠭᠦᠢ ᠸᠠᠩ ᠢᠤᠢ ᠵᠢᠨ ᠭᠡᠷ᠎ᠲᠸ᠋ ᠢᠷᠡᠵᠦ᠂  ᠵᠢᠷᠮᠦᠰᠦᠨ ᠬᠤᠭᠤᠴᠠᠭᠠᠨ᠎ᠤ ᠡᠷᠡᠬᠦᠯ ᠮᠡᠨᠳᠦ ᠵᠢᠨ ᠪᠠᠢᠴᠠᠭᠠᠯᠳᠠ ᠬᠢᠵᠦ ᠦᠭᠬᠦᠭᠰᠡᠨ ᠪᠠᠢᠯ᠎ᠠ᠃《〈ᠡᠭᠡᠴᠤᠤᠯ᠎ᠤᠨ ᠡᠷᠡᠭᠦᠯ ᠮᠡᠨᠳᠦ᠍᠎ᠶ᠋ᠢᠨ ᠲᠦᠷᠭᠡᠨ᠎ᠤ ᠲᠡᠷᠭᠡ〉  ᠭᠠᠴᠠᠭᠠᠨ ᠳ᠋ᠤ ᠢᠷᠡᠪᠡᠯ᠂ ᠪᠢᠳᠡ ᠬᠡᠷ᠎ᠦᠨ᠎ᠢᠶᠡᠨ ᠡᠭᠦᠳᠡᠨ᠎ᠳᠦ ᠡᠪᠡᠳᠴᠢᠨ ᠵᠢᠡᠨ ᠦᠵᠡᠭᠦᠯᠵᠦ ᠴᠢᠳᠠᠨ᠎ᠠ᠂ ᠢᠯᠠᠩᠭᠤᠶ᠎ᠠ ᠨᠠᠳᠠ ᠰᠢᠬ ᠡᠢᠮᠦ ᠬᠦᠯ ᠬᠦᠨᠳᠦ ᠵᠢᠷᠮᠦᠰᠦᠨ ᠪᠦᠰᠡᠭᠦᠢ ᠳ᠋ᠦ ᠠᠪᠴᠤ ᠬᠡᠯᠡᠪᠡᠯ ᠲᠤᠩ ᠲᠦᠬᠦᠮ ᠪᠤᠯᠵᠠᠢ᠂ ᠡᠮᠴᠢ ᠰᠤᠪᠢᠯᠠᠬᠴᠢ ᠵᠢ ᠦᠵᠡᠭᠰᠡᠭᠡᠷ ᠰᠠᠨᠠᠭ᠎ᠠ ᠠᠮᠤᠷ ᠪᠤᠯᠬᠤ ᠶᠤᠮ》 ᠬᠡᠵᠦ  ᠵᠢᠷᠮᠦᠰᠦᠨ ᠪᠦᠰᠡᠭᠦᠢ ᠸᠠᠩ ᠢᠤᠢ ᠰᠤᠷᠪᠤᠯᠵᠢᠯᠠᠬᠴᠢ ᠳ᠋ᠦ ᠪᠠᠶᠠᠷᠳᠠᠢ ᠬᠡᠯᠡᠯ᠎ᠡ᠃ ᠡᠮᠴᠢ ᠡᠴᠡ ᠪᠠᠢᠴᠠᠭᠠᠯᠲᠠ ᠵᠢᠨ ᠳ᠋ᠦᠩ᠎ᠢ ᠦᠵᠡᠭᠡᠳ᠄ 《ᠭᠡᠦᠭᠡᠢ ᠮᠠᠰᠢ ᠰᠠᠢᠨ ᠪᠠᠢᠨ᠎ᠠ᠂ ᠤᠳᠤᠬᠢ ᠪᠠᠢᠳᠠᠯ ᠵᠢᠡᠨ ᠪᠠᠲᠤᠯᠠᠵᠤ ᠪᠠᠢᠭᠠᠷᠠᠢ᠂ ᠭᠡᠷᠪᠡ ᠤᠴᠢᠷ ᠲᠠᠢ ᠪᠤᠯ ᠴᠠᠬ ᠲᠠᠷᠤᠢ ᠳ᠋ᠤᠨᠢ ᠪᠢᠳᠡᠨ ᠳ᠋ᠦ ᠤᠳᠠᠰᠤᠳᠠᠭᠠᠷᠠᠢ!》 ᠭᠡᠵᠦ ᠵᠠᠬᠢᠪᠡ᠃

ᠡᠭᠡᠴᠦᠦᠯ᠎ᠤᠨ ᠡᠷᠡᠬᠦᠯ ᠮᠡᠨᠳᠦ ᠵᠢᠨ ᠲᠦᠷᠭᠡᠨ᠎ᠤ ᠲᠡᠷᠭᠡ ᠨᠢ ᠦᠨᠳᠦᠰᠦᠨ ᠱᠠᠳᠤᠨ᠎ᠤ ᠦᠷᠭᠡᠨ ᠤᠯᠠᠨ ᠡᠮᠡᠭᠳᠡᠢᠴᠦᠳ ᠲᠸ᠋ ᠡᠷᠡᠬᠦᠯ ᠮᠡᠨᠳᠦ ᠵᠢᠨ ᠤᠬᠠᠭᠤᠯᠭ᠎ᠠ ᠬᠦᠮᠦᠵᠢᠯ᠂ ᠰᠢᠭᠰᠢᠨ ᠪᠠᠢᠴᠠᠭᠠᠯᠳᠠ᠂ ᠮᠦᠷᠳᠡᠨ ᠪᠠᠢᠴᠠᠭᠠᠯᠳᠠ ᠬᠢᠵᠦ ᠦᠭᠳᠡᠭ ᠲᠡᠳᠦᠢ ᠦᠭᠡᠢ᠂ ᠡᠮᠡᠭᠳᠡᠢᠴᠦᠳ᠎ᠤᠨ ᠬᠡᠷᠡᠭᠴᠡᠭᠡ ᠱᠠᠭᠠᠷᠳᠠᠯᠭ᠎ᠠ ᠪᠡᠷ ᠪᠠᠰᠠ ᠬᠡᠷ᠎ᠲᠦᠨᠢ ᠡᠮ ᠡᠮᠨᠡᠯᠭᠡ ᠬᠦᠷᠭᠡᠬᠦ ᠦᠢᠯᠡᠴᠢᠯᠡᠭᠡ ᠵᠢ ᠪᠦᠲᠦᠮᠵᠢᠲᠡᠢ ᠲᠤᠬᠢᠷᠠᠭᠤᠯᠵᠤ᠂ ᠬᠦᠳᠡᠭᠡ ᠲᠤᠰᠬᠤᠨ᠎ᠤ ᠡᠮᠡᠭᠳᠡᠢᠴᠤᠳ ᠲᠸ᠋ ᠦᠨᠡᠨ  ᠪᠤᠳᠠᠳᠠᠢ ᠠᠰᠢᠬ ᠬᠦᠷᠳᠡᠭᠡᠵᠦ ᠪᠤᠢ᠃

ᠨᠢᠩᠴᠧᠩ ᠱᠢᠶᠠᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠸᠠᠩ ᠵᠢᠶᠠᠨ ᠶᠢᠩ᠄ 《ᠣᠳᠣᠬᠠᠨ᠎ᠳᠤ ᠪᠥᠬᠥ᠌ ᠱᠢᠶᠠᠨ᠎ᠳᠤ ᠨᠡᠢᠲᠡ ᠬᠣᠶᠠᠷ 〈ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ᠎ᠤ ᠲᠡᠷᠭᠡ〉 ᠲᠠᠢ ᠪᠠᠢᠵᠤ᠂ ᠬᠤᠶᠠᠷ ᠲᠡᠷᠭᠡ ᠨᠢ ᠠᠵᠢᠯ ᠵᠢᠡᠨ ᠬᠤᠪᠢᠶᠠᠷᠢᠯᠠᠨ ᠬᠠᠮᠵᠢᠯᠴᠠᠵᠤ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ ᠪᠠᠢᠨ᠎ᠠ》 ᠭᠡᠪᠡ᠃ ᠲᠡᠬᠦᠨ᠎ᠤ ᠲᠠᠨᠢᠯᠴᠠᠭᠤᠯᠤᠭᠰᠠᠨ ᠵᠢᠡᠷ᠂ ᠱᠢᠶᠠᠨ᠎ᠤ ᠡᠬᠡ ᠨᠢᠯᠬᠠᠰ᠎ᠤᠨ ᠡᠷᠡᠭᠦᠯᠵᠢᠯ ᠲᠥᠯᠥᠪᠯᠡᠭᠡᠲᠦ ᠦᠷᠡᠵᠢᠯ᠎ᠦᠨ ᠦᠶ᠋ᠯᠡᠴᠢᠯᠡᠭᠡᠨ᠎ᠦ ᠲᠥᠪ᠎ᠦᠨ ᠲᠡᠷᠭᠡ᠎ᠶ᠋ᠢ 2012 ᠣᠨ᠎ᠠᠴᠠ ᠠᠱᠢᠭ᠍ᠯᠠᠯᠲᠠ᠎ᠳᠤ ᠣᠷᠣᠭᠤᠯᠵᠤ᠂  ᠣᠷᠳᠣ ᠬᠤᠭᠤᠴᠠᠭ᠎ᠠ᠎ᠪᠠᠷ ᠪᠣᠢᠳᠠ ᠪᠦᠭ᠌ᠯᠡᠭᠦᠦ ᠬᠥᠳᠡᠭᠡ ᠲᠣᠰᠭᠣᠨ᠎ᠳᠤ  ᠡᠷᠡᠭᠦᠯ ᠮᠡᠨᠳᠦ᠍᠎ᠶ᠋ᠢᠨ ᠤᠬᠠᠭᠤᠯᠭ᠎ᠠ ᠬᠥᠮᠦᠵᠢᠯ ᠬᠢᠵᠦ᠍᠂ ᠠᠩᠬ᠎ᠠ ᠠᠯᠬᠤᠮ᠎ᠤᠨ ᠱᠢᠭ᠌ᠰᠢᠨ ᠪᠠᠢᠴᠠᠭᠠᠬᠤ ᠪᠠ ᠲᠠᠩᠰᠠ ᠡᠪᠬᠡᠮᠡᠯ ᠪᠠᠢᠭᠤᠯᠬᠤ ᠠᠵᠢᠯ ᠦᠷᠨᠢᠬᠦᠯᠵᠦ᠂   ᠭᠦᠨ ᠵᠤᠵᠠᠭᠠᠨ ᠲᠤᠷᠱᠢᠯᠭ᠎ᠠ᠎ᠶ᠋ᠢ ᠬᠤᠷᠠᠮᠳᠤᠭᠤᠯᠪᠠ᠃ ᠡᠬᠦᠨ᠎ᠤ ᠰᠠᠭᠤᠷᠢᠨ ᠲᠡᠭᠡᠷ᠎ᠡ   2025 ᠣᠨ᠎ᠤ ᠡᠬᠢ᠎ᠪᠡᠷ ᠱᠢᠶᠠᠨ᠎ᠤ ᠲᠥᠪ ᠡᠮᠨᠡᠯᠭᠡ᠎ᠶ᠋ᠢᠨ ᠬᠣᠷᠢᠶ᠎ᠠ ᠳ᠋ᠤ ᠰᠢᠨ᠎ᠡ ᠲᠤᠨᠤᠭ ᠲᠥᠬᠥᠭᠡᠷᠦᠮᠵᠢ ᠲᠠᠢ ᠦᠢᠯᠡᠴᠢᠯᠡᠭᠡᠨ᠎ᠤ ᠲᠡᠷᠭᠡ ᠲᠤᠬᠢᠷᠠᠭᠤᠯᠵᠤ  ᠨᠠᠩ ᠪᠤᠳᠤᠯᠢᠶᠠᠨᠲᠠᠶ ᠡᠪᠡᠳᠴᠢᠨ ᠡᠮᠭᠡᠭ᠎ᠢ ᠲᠣᠭᠣᠷᠢᠨ ᠣᠨᠣᠱᠢᠯᠠᠨ ᠡᠮᠨᠡᠬᠦ᠌᠂ 《ᠬᠣᠶᠠᠷ ᠥᠮᠡᠨ》 ᠢ᠋ ᠱᠢᠭ᠌ᠰᠢᠨ ᠪᠠᠢᠴᠠᠭᠠᠬᠤ᠂ ᠬᠦᠨᠳᠦ ᠲᠦᠭ᠌ᠰᠢᠭᠦᠷᠢᠲᠡᠶ ᠵᠢᠷᠮᠦᠰᠦᠨ ᠡᠮᠡᠭ᠌ᠲᠡᠶ᠎ᠶ᠋ᠢ ᠱᠢᠯᠵᠢᠭᠦᠯᠦᠨ ᠵᠥᠭᠡᠭᠡᠪᠦᠷᠢᠯᠡᠬᠦ᠌ ᠵᠢᠴᠢ  ᠮᠥᠷᠳᠡᠨ ᠪᠠᠢᠴᠠᠭᠠᠬᠤ ᠡᠭᠦᠷᠭᠡ᠎ᠶ᠋ᠢ ᠡᠭᠦᠷᠭᠡᠯᠡᠵᠦ ᠪᠤᠢ᠃

ᠤᠢᠯᠠᠭᠠᠬᠰᠠᠨ ᠵᠢᠡᠷ᠂ ᠬᠣᠶᠠᠷ ᠲᠡᠷᠭᠡ ᠨᠢ 《ᠡᠩ᠎ᠦᠨ ᠦᠶ᠋ᠯᠡᠴᠢᠯᠡᠭᠡ +  ᠮᠡᠷᠭᠡᠵᠢᠯ᠎ᠤᠨ ᠲᠤᠯᠭᠠᠭᠤᠷᠢᠯᠠᠯ》 ᠎ᠢ᠋ ᠪᠦᠲᠦᠮᠵᠢᠲᠡᠶ ᠵᠤᠯᠭᠠᠭᠤᠯᠵᠤ᠂ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠬᠠᠮᠤᠭ ᠎ᠤᠨ ᠬᠡᠷᠡᠭ᠌ᠴᠡᠭᠡ᠎ᠲᠡᠶ ᠭᠠᠵᠠᠷ᠎ᠲᠤ ᠬᠦᠷᠲᠡᠯ᠎ᠡ ᠤᠷᠲᠤᠳᠭᠠᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃ ᠨᠢᠳᠤᠨᠤᠨ ᠨᠢᠭᠡ ᠯᠡ ᠵᠢᠯ᠎ᠳᠦ  ᠪᠥᠬᠥ᠌ ᠱᠢᠶᠠᠨ᠎ᠤ  ᠳᠤᠤᠷ᠎ᠠ ᠣᠷᠣᠯᠭ᠎ᠠ᠎ᠲᠠᠶ ᠬᠥᠩᠭᠡᠵᠢᠬᠦ᠌ ᠨᠠᠰᠤᠨ ᠎ᠤ  ᠭᠤᠤᠯᠳᠠᠯᠭ᠎ᠠ ᠲᠠᠢ ᠡᠮᠡᠭ᠌ᠲᠡᠢᠴᠦᠳ ᠲᠸ᠋  4200 ᠬᠥᠮᠦᠨ ᠤᠳᠠᠭ᠎ᠠ ᠰᠦᠶ᠋ᠳᠭᠡᠯ ᠬᠤᠷᠢᠶᠠᠬᠤ ᠥᠬᠡᠶ ᠪᠡᠷ ᠱᠢᠭ᠌ᠰᠢᠨ ᠪᠠᠢᠴᠠᠭᠠᠯᠳᠠ ᠬᠢᠵᠦ᠂ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ᠎ᠶ᠋ᠢ ᠴᠥᠮ ᠴᠠᠭ ᠲᠤᠬᠠᠶ᠎ᠳᠤᠨᠢ ᠤᠯᠠᠮ ᠨᠢᠭᠡ ᠠᠯᠬᠤᠮ ᠣᠨᠣᠱᠢᠯᠠᠬᠤ ᠪᠠ  ᠮᠥᠷᠳᠡᠨ ᠪᠠᠢᠴᠠᠭᠠᠬᠤ ᠵᠢ ᠬᠦᠢᠴᠡᠳᠭᠡᠵᠦ᠂ ᠱᠢᠭ᠌ᠰᠢᠨ ᠪᠠᠢᠴᠠᠭᠠᠬᠤ᠂ ᠱᠢᠯᠵᠢᠭᠦᠯᠦᠨ ᠣᠨᠣᠱᠢᠯᠠᠬᠤ᠂ ᠮᠥᠷᠳᠡᠨ ᠪᠠᠢᠴᠠᠭᠠᠬᠤ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠥᠷᠭᠡᠨ ᠣᠯᠠᠨ ᠡᠮᠡᠭ᠌ᠲᠡᠢᠴᠦᠳ᠎ᠦᠨ ᠠᠮᠢ ᠨᠠᠰᠤ ᠡᠷᠡᠭᠦᠯ ᠮᠡᠨᠳᠦ᠍᠎ᠶ᠋ᠢᠨ ᠰᠡᠷᠭᠡᠢᠯᠡᠯᠲᠡ᠎ᠶ᠋ᠢᠨ ᠱᠤᠭᠤᠮ ᠎ᠢ ᠪᠦᠲᠦᠮᠵᠢᠲᠡᠶ ᠰᠠᠬᠢᠨ ᠬᠠᠮᠠᠭᠠᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠎ᠳᠤ᠂ ᠨᠢᠩᠴᠧᠩ ᠱᠢᠶᠠᠨ᠎ᠤ ᠡᠮᠡᠭ᠌ᠲᠡᠢᠴᠦᠳ᠎ᠦᠨ ᠬᠣᠯᠪᠤᠭ᠎ᠠ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ  《ᠬᠣᠶᠠᠷ ᠥᠮᠡᠨ》 ᠢ᠋ ᠠᠪᠤᠷᠠᠨ ᠲᠤᠰᠠᠯᠠᠬᠤ ᠲᠥᠷᠥᠯ ᠵᠦᠶ᠋ᠯ ᠎ᠢᠶᠡᠷ ᠴᠢᠬᠤᠯᠠ ᠭᠠᠷᠳᠠᠴᠠ ᠪᠣᠯᠭᠠᠵᠤ᠂ ᠠᠪᠤᠷᠠᠨ ᠲᠤᠰᠠᠯᠠᠬᠤ ᠨᠥᠬᠥᠴᠡᠯ᠎ᠳᠦ ᠨᠡᠢᠴᠡᠬᠦ᠌ 450 《ᠬᠣᠶᠠᠷ ᠥᠮᠡᠨ》 ᠎ᠳᠦ ᠨᠡᠷᠪᠡᠭᠳᠡᠭᠰᠡᠨ ᠡᠪᠡᠳᠴᠢᠳᠡᠨ᠎ᠳᠦ  ᠲᠤᠰᠭᠠᠶ ᠲᠥᠷᠥᠯ᠎ᠦᠨ ᠠᠪᠤᠷᠠᠨ ᠲᠤᠰᠠᠯᠠᠬᠤ ᠮᠥᠩᠭᠥ᠎ᠶ᠋ᠢ 450 ᠲᠦᠮᠡᠨ ᠲᠥᠭᠥᠷᠢᠭ ᠭᠤᠶᠤᠴᠢᠯᠠᠨ ᠣᠯᠵᠤ ᠦᠭᠪᠡ᠃

《ᠪᠢᠳᠡᠨ᠎ᠦ ᠬᠠᠷᠠᠯᠲᠠ ᠮᠠᠰᠢ ᠲᠣᠳᠣᠷᠬᠠᠶ᠂ ᠳᠠᠷᠤᠶ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠢᠯᠡᠭᠦᠬᠡᠨ ᠭᠦᠶᠦᠯᠭᠡᠵᠦ᠍᠂ ᠡᠮᠡᠭ᠌ᠲᠡᠢᠴᠦᠳ ᠣᠯᠠᠨ ᠲᠦᠮᠡᠨ ᠎ᠢ ᠳᠤᠲᠠᠭᠤ ᠭᠦᠶᠦᠯᠭᠡᠨ᠎ᠡ᠂ ᠪᠢᠳᠡ ᠬᠡᠵᠢᠶᠡᠳᠡ ᠤᠷᠢᠳᠴᠢᠯᠠᠨ ᠰᠡᠷᠭᠡᠢᠯᠡᠬᠦ   ᠶ᠋ᠢ  ᠠᠪᠤᠷᠠᠨ ᠲᠤᠰᠠᠯᠠᠬᠤ ᠡᠴᠡ ᠤᠷᠢᠳ ᠵᠢᠡᠷ ᠪᠤᠳᠤᠯᠬᠢᠯᠠᠨ᠎ᠠ》 ᠭᠡᠵᠦ᠍ ᠸᠠᠩ ᠵᠢᠶᠠᠨ ᠶᠢᠩ  ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号