ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤ᠋ᠨ ᠣᠷᠳᠣᠨ ᠤ᠋ ᠴᠣᠬᠣᠯᠠᠪᠤᠷᠢ
2026-04-11 21:34:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠲᠡᠦᠬᠡ ᠰᠣᠶᠣᠯ᠎ᠤᠨ ᠨᠠᠷᠠᠲᠤ᠌ ᠬᠣᠲᠠ᠎ᠶᠢᠨ ᠬᠠᠮᠠᠭᠠᠯᠠᠯᠲᠠ᠎ᠶᠢᠨ ᠲᠥᠯᠥᠪᠵᠢᠭᠦᠯᠭᠡ(2020 — 2035)ᠵᠢᠨ ᠳᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ

ᠣᠷᠳᠣᠨ᠎ᠤ ᠠᠯᠪᠠᠨ ᠪᠢᠴᠢᠭ [2026] 56 ᠳ᠋ᠤᠭᠠᠷ ᠲᠣᠭᠠᠲᠤ᠌

ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ᠄

ᠲᠠᠨ᠎ᠤ ᠬᠣᠲᠠ᠎ᠶᠢᠨ《ᠬᠥᠬᠡᠬᠣᠲᠠ᠎ᠶᠢᠨ ᠲᠡᠦᠬᠡ ᠰᠣᠶᠣᠯ᠎ᠤᠨ ᠨᠠᠷᠠᠲᠤ᠌ ᠬᠣᠲᠠ᠎ᠶᠢᠨ ᠬᠠᠮᠠᠭᠠᠯᠠᠯᠲᠠ᠎ᠶᠢᠨ ᠲᠥᠯᠥᠪᠵᠢᠭᠦᠯᠭᠡ (2020 —2035) ᠵᠢ ᠬᠢᠨᠠᠨ ᠵᠥᠪᠰᠢᠶᠡᠷᠡᠬᠦᠯᠬᠦ ᠲᠤᠬᠠᠶ ᠡᠰᠢᠯᠡᠯᠳᠡ》 (ᠬᠥᠬᠡᠬᠣᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠲᠠᠷᠬᠠᠭᠠᠬᠰᠠᠨ [2026]10 ᠳ᠋ᠤᠭᠠᠷ ᠲᠣᠭᠠᠲᠤ᠌) ᠵᠢ ᠣᠶ᠋ᠢᠯᠠᠭᠠᠪᠠ᠃ ᠡᠳᠦᠭᠡ ᠳᠣᠣᠷᠠᠬᠢ ᠮᠡᠲᠦ᠍ ᠴᠤᠬᠤᠯᠠᠪᠤᠷᠢᠯᠠᠶ᠎ᠠ᠄

ᠨᠢᠭᠡ᠂ 《ᠬᠥᠬᠡᠬᠣᠲᠠ᠎ᠶᠢᠨ ᠲᠡᠦᠬᠡ ᠰᠣᠶᠣᠯ᠎ᠤᠨ ᠨᠠᠷᠠᠲᠤ᠌ ᠬᠣᠲᠠ᠎ᠶᠢᠨ ᠬᠠᠮᠠᠭᠠᠯᠠᠯᠳᠠ ᠵᠢᠨ ᠲᠥᠯᠥᠪᠵᠢᠭᠦᠯᠭᠡ (2020 — 2035 ᠣᠨ)》 (ᠳᠣᠷᠣᠭᠰᠢ 《ᠬᠠᠮᠠᠭᠠᠯᠠᠯᠲᠠ ᠎ᠶᠢᠨ ᠲᠥᠯᠥᠪᠵᠢᠭᠦᠯᠭᠡ》 ᠭᠡᠵᠦ᠍ ᠲᠣᠪᠴᠢᠯᠠᠨ᠎ᠠ) ᠵᠢ ᠵᠠᠷᠴᠢᠮ ᠳᠡᠭᠡᠷ᠎ᠡ᠎ᠪᠡᠨ ᠵᠥᠪᠰᠢᠶᠡᠷᠡᠨ᠎ᠡ᠃

ᠬᠣᠶᠠᠷ᠂ ᠲᠠᠨ᠎ᠤ ᠬᠣᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠲᠡᠦᠬᠡ ᠰᠣᠶᠣᠯ᠎ᠤᠨ ᠨᠠᠷᠠᠲᠤ᠌ ᠬᠣᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ 《ᠬᠠᠮᠠᠭᠠᠯᠠᠯᠲᠠ᠎ᠶᠢᠨ ᠲᠥᠯᠥᠪᠵᠢᠭᠦᠯᠭᠡ》ᠵᠢᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ᠎ᠶᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠬᠠᠮᠠᠭᠠᠯᠠᠬᠤ ᠬᠡᠪᠴᠢᠶᠡᠨ ᠳᠣᠲᠣᠷ᠎ᠠ᠂ ᠲᠡᠦᠬᠡ ᠰᠣᠶᠣᠯ᠎ᠤᠨ ᠥᠪ ᠬᠥᠷᠥᠩᠭᠡ᠎ᠶᠢᠨ ᠬᠠᠮᠠᠭᠠᠯᠠᠯᠲᠠ᠎ᠳᠤ ᠬᠣᠯᠪᠣᠭᠳᠠᠬᠤ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠥᠷᠥᠯ ᠵᠦᠢᠯ ᠪᠦᠬᠦᠨ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠬᠠᠮᠠᠭᠠᠯᠠᠯᠲᠠ᠎ᠶᠢᠨ ᠬᠠᠤᠯᠢ》᠂ 《ᠲᠡᠦᠬᠡ ᠰᠣᠶᠣᠯ᠎ᠤᠨ ᠨᠡᠷᠡᠲᠦ᠍ ᠬᠣᠲᠠ ᠨᠡᠷᠡᠲᠦ᠍ ᠪᠠᠯᠭᠠᠰᠤ ᠨᠡᠷᠡᠲᠦ᠍ ᠲᠣᠰᠬᠣᠨ᠎ᠤ ᠬᠠᠮᠠᠭᠠᠯᠠᠯᠲᠠ᠎ᠶᠢᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠵᠦ᠍᠂ ᠲᠡᠦᠬᠡ ᠰᠣᠶᠣᠯ᠎ᠤᠨ ᠨᠡᠷᠡᠲᠦ᠍ ᠬᠣᠲᠠ᠎ᠶᠢᠨ ᠬᠠᠮᠠᠭᠠᠯᠠᠯᠲᠠ᠎ᠶᠢ ᠡᠪᠳᠡᠬᠦ᠌ ᠪᠠ ᠨᠥᠯᠥᠭᠡᠯᠡᠬᠦ᠌ ᠪᠦᠲᠦᠭᠡᠨ ᠪᠠᠶ᠋ᠢᠭᠤᠯᠤᠯᠳᠠ ᠵᠢᠨ ᠦᠢᠯᠡ ᠠᠵᠢᠯᠯᠠᠭ᠎ᠠ ᠭᠠᠷᠬᠤ᠎ᠠᠴᠠ ᠵᠠᠶ᠋ᠢᠯᠠᠰᠬᠢᠬᠦ᠌ ᠬᠡᠷᠡᠭᠲᠡᠶ᠃

ᠭᠤᠷᠪᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠶ᠋ᠢᠭᠤᠯᠤᠯᠲᠠ᠎ᠶᠢᠨ ᠲᠢᠩᠬᠢᠮ᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠲᠣᠪᠴᠢᠶ᠎ᠠ 《ᠬᠠᠮᠠᠭᠠᠯᠠᠯᠲᠠ᠎ᠶᠢᠨ ᠲᠥᠯᠥᠪᠵᠢᠭᠦᠯᠭᠡ》 ᠵᠢ ᠬᠡᠷᠡᠭᠵᠢᠭᠦᠯᠬᠦ ᠵᠢ ᠵᠢᠯᠣᠭᠣᠳᠬᠤ ᠪᠠ ᠬᠢᠨᠠᠯᠲᠠ ᠲᠠᠯᠪᠢᠬᠤ᠎ᠪᠠᠨ ᠴᠢᠩᠭᠠᠳᠬᠠᠬᠤ ᠬᠡᠷᠡᠭᠲᠡᠶ᠃

2026 ᠣᠨ᠎ᠤ 4 ᠰᠠᠷ᠎ᠠ᠎ᠶᠢᠨ 1 ᠎ᠦ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠶ᠋ᠢᠲᠡᠯᠡᠯ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号