ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯᠲᠦ ᠡᠳ᠋
ᠬᠥᠷᠥᠩᠭᠡ᠎ᠶᠢ ᠬᠢᠨᠠᠨ ᠬᠠᠮᠢᠶᠠᠷᠬᠤ ᠵᠥᠪᠯᠡᠯ ᠬᠢᠯᠢ᠎ᠶᠢᠨ ᠭᠠᠳᠠᠨᠠᠬᠢ ᠤᠯᠤᠰ᠎ᠤᠨ ᠦᠮᠴᠢᠯᠡᠯᠲᠦ ᠡᠳ᠋
ᠬᠥᠷᠥᠩᠭᠡ᠎ᠶᠢᠨ ᠠᠵᠢᠯ᠎ᠤᠨ ᠲᠣᠪᠴᠢᠶ᠎ᠠ᠎ᠶᠢ ᠪᠠᠢᠭᠤᠯᠤᠨ᠎ᠠ
ᠰᠤᠷᠪᠤᠯᠵᠢᠯᠠᠭ᠍ᠴᠢ 4 ᠰᠠᠷ᠎ᠠ᠎ᠶᠢᠨ
8᠎ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢ ᠬᠢᠨᠠᠨ ᠬᠠᠮᠢᠶᠠᠷᠬᠤ
ᠵᠥᠪᠯᠡᠯ᠎ᠡᠴᠡ ᠣᠢᠯᠠᠭᠠᠭᠰᠠᠨ ᠵᠢᠡᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯᠲᠦ ᠡᠳ᠋
ᠬᠥᠷᠥᠩᠭᠡ᠎ᠶᠢ ᠬᠢᠨᠠᠨ ᠬᠠᠮᠢᠶᠠᠷᠬᠤ ᠵᠥᠪᠯᠡᠯ ᠬᠢᠯᠢ᠎ᠶᠢᠨ ᠭᠠᠳᠠᠨᠠᠬᠢ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ
ᠠᠵᠢᠯ᠎ᠤᠨ ᠲᠣᠪᠴᠢᠶ᠎ᠠ᠎ᠶᠢ ᠪᠠᠢᠭᠤᠯᠤᠨ᠎ᠠ᠃
ᠠᠯᠪᠠᠨ᠎ᠤ ᠰᠦᠯᠵᠢᠶ᠎ᠡ ᠵᠢ
ᠦᠨᠳᠦᠰᠦᠯᠡᠪᠡᠯ᠂ ᠬᠢᠯᠢ᠎ᠶᠢᠨ ᠭᠠᠳᠠᠨᠠᠬᠢ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠠᠵᠢᠯ᠎ᠤᠨ ᠲᠣᠪᠴᠢᠶ᠎ᠠ᠎ᠶᠢᠨ
ᠭᠣᠣᠯ ᠲᠤᠰᠢᠶᠠᠯ ᠬᠠᠷᠢᠭᠤᠴᠠᠯᠭ᠎ᠠ ᠪᠣᠯ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠳᠡᠯᠡᠬᠡᠢᠴᠢᠯᠡᠭᠰᠡᠨ
ᠡᠵᠡᠩᠨᠡᠯᠲᠡ ᠪᠠ ᠬᠢᠯᠢ᠎ᠶᠢᠨ ᠭᠠᠳᠠᠨᠠᠬᠢ ᠪᠡᠯᠡ ᠬᠥᠷᠥᠩᠭᠡ᠎ᠶᠢᠨ ᠪᠠᠢᠷᠢᠰᠢᠯ᠎ᠢ ᠰᠢᠯᠢᠳᠡᠭᠵᠢᠭᠦᠯᠬᠦ᠂ ᠪᠦᠲᠦᠴᠡ᠎ᠶᠢ
ᠲᠣᠬᠢᠷᠠᠭᠤᠯᠬᠤ᠎ᠶᠢ ᠵᠢᠯᠤᠭᠣᠳᠴᠤ᠂ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠬᠢᠯᠢ᠎ᠶᠢᠨ ᠭᠠᠳᠠᠨᠠᠬᠢ
ᠡᠳ᠋ ᠬᠥᠷᠥᠩᠭᠡ᠎ᠳᠦ ᠬᠢᠨᠠᠯᠲᠠ ᠲᠠᠯᠪᠢᠬᠤ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠨ᠂ ᠬᠢᠯᠢ᠎ᠶᠢᠨ ᠭᠠᠳᠠᠨ᠎ᠠ
ᠪᠡᠯᠡ ᠣᠷᠣᠭᠤᠯᠤᠨ ᠡᠵᠡᠩᠨᠡᠬᠦ ᠵᠡᠷᠭᠡ ᠲᠠᠯ᠎ᠠ᠎ᠶᠢᠨ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ᠎ᠶᠢ ᠴᠢᠩᠭᠠᠳᠬᠠᠵᠤ᠂
ᠬᠢᠯᠢ᠎ᠶᠢᠨ ᠭᠠᠳᠠᠨᠠᠬᠢ ᠭᠡᠨᠡᠳᠲᠡ᠎ᠶᠢᠨ ᠬᠡᠷᠡᠭ ᠪᠠ ᠬᠢᠮᠤᠷᠠᠯ᠎ᠢ ᠰᠢᠢᠳᠪᠦᠷᠢᠯᠡᠬᠦ ᠬᠣᠯᠪᠣᠭᠳᠠᠯ ᠪᠦᠬᠦᠢ ᠠᠵᠢᠯ᠎ᠢ
ᠡᠭᠦᠷᠭᠡᠯᠡᠨ᠎ᠡ᠃
(ᠢᠷᠡᠯᠲᠡ᠄ ᠰᠢᠨᠬᠤᠸᠠ ᠬᠤᠷᠢᠶ᠎ᠠ)