ᠥᠪᠥᠷ ᠮᠣᠩᠭᠣᠯ᠎ᠡᠴᠡ ᠭᠤᠷᠪᠠᠨ ᠭᠠᠵᠠᠷ ᠰᠣᠩᠭᠣᠭᠳᠠᠪᠠ
2026-04-11 21:45:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠯᠠᠨ ᠲᠦᠮᠡᠨ᠎ᠦ ᠡᠪᠡᠳᠴᠢᠨ ᠦᠵᠡᠭᠦᠯᠵᠦ ᠰᠦᠢᠳᠬᠡᠯ ᠲᠤᠰᠢᠶᠠᠬᠤ᠎ᠳᠤ 《ᠣᠯᠠᠨ ᠤᠳᠠᠭ᠎ᠠ ᠮᠥᠷᠯᠡᠬᠦ》᠂ 《ᠤᠳᠠᠭᠠᠨ ᠮᠥᠷᠯᠡᠬᠦ》 ᠵᠡᠷᠭᠡ ᠪᠡᠷᠬᠡ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠰᠦ᠎ᠪᠡᠨ ᠲᠠᠨᠢᠭᠤᠯᠤᠨ ᠰᠦᠢᠳᠬᠡᠯ ᠲᠤᠰᠢᠶᠠᠬᠤ᠂ ᠨᠢᠭᠡ ᠨᠣᠮᠧᠷ᠎ᠢᠶᠡᠷ ᠰᠦᠢᠳᠬᠡᠯ ᠲᠤᠰᠢᠶᠠᠬᠤ᠂ ᠰᠢᠯᠵᠢᠮᠡᠯ ᠲᠣᠭᠠᠴᠠᠭ᠎ᠠ ᠬᠢᠬᠦ᠂ ᠢᠲᠡᠭᠡᠮᠵᠢᠲᠦ ᠲᠣᠭᠠᠴᠠᠭ᠎ᠠ ᠬᠢᠬᠦ ᠵᠡᠷᠭᠡ ᠳᠥᠭᠥᠮ ᠳᠥᠲᠡ ᠲᠣᠭᠠᠴᠠᠭ᠎ᠠ ᠬᠢᠬᠦ ᠠᠵᠢᠯ᠎ᠢ ᠪᠠᠢᠷᠢᠯᠠᠭᠤᠯᠤᠨ ᠠᠬᠢᠭᠤᠯᠵᠤ᠂ 119 ᠭᠠᠵᠠᠷ ᠣᠷᠣᠨ᠎ᠢ ᠰᠣᠩᠭᠣᠨ ᠲᠦᠷᠦᠭᠦᠦ ᠪᠦᠯᠦᠭ᠎ᠦᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠭᠠᠵᠠᠷ ᠣᠷᠣᠨ ᠪᠣᠯᠭᠠᠵᠤ᠂ ᠡᠮ ᠡᠮᠨᠡᠯᠬᠡ ᠵᠢᠨ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠦ ᠰᠦᠢᠳᠬᠡᠯ ᠲᠤᠰᠢᠶᠠᠬᠤ ᠴᠠᠭ᠎ᠢ ᠪᠤᠭᠤᠨᠢᠰᠬᠠᠬᠤ ᠪᠡᠷ ᠵᠤᠷᠢᠵᠠᠢ᠃ ᠡᠭᠦᠨ ᠳ᠋ᠤ ᠮᠠᠨ᠎ᠤ ᠤᠷᠤᠨ᠎ᠡᠴᠡ ᠬᠦᠬᠡᠬᠤᠲᠠ᠂ ᠪᠤᠭᠤᠲᠤ᠂ ᠰᠢᠯᠢ ᠵᠢᠨ ᠭᠤᠤᠯ ᠠᠢᠮᠠᠬ ᠰᠤᠩᠭᠤᠬᠳᠠᠬᠰᠠᠨ ᠪᠠᠢᠨ᠎ᠠ᠃

ᠣᠢᠷ᠎ᠠ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠡᠯ᠎ᠡ ᠮᠤᠵᠢ᠎ᠶᠢ ᠵᠣᠬᠢᠶᠠᠨ ᠪᠠᠢᠭᠤᠯᠵᠤ ᠰᠣᠯᠢᠯᠴᠠᠭᠠᠨ᠎ᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠬᠣᠲᠠ᠂ ᠡᠮᠨᠡᠯᠭᠡ᠎ᠶᠢᠨ ᠬᠣᠷᠢᠶ᠎ᠠ ᠎ᠪᠠᠷ ᠭᠣᠣᠯᠳᠠᠭᠤᠯᠤᠨ ᠲᠤᠷᠰᠢᠯᠭ᠎ᠠ  ᠪᠤᠯᠤᠨ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠂ ᠬᠤᠱᠢᠭᠤᠴᠢ ᠪᠠ ᠨᠡᠢᠲᠡᠯᠢᠭ ᠵᠢᠱ᠌ᠢᠶ᠎ᠡ ᠵᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠲᠤᠷᠰᠢᠯᠭ᠎ᠠ᠎ᠪᠠᠨ ᠬᠠᠮᠲᠤ᠎ᠪᠠᠷ ᠡᠳ᠋ᠯᠡᠬᠦ᠂ ᠠᠰᠠᠭᠤᠳᠠᠯ ᠵᠢᠡᠨ ᠬᠠᠮᠲᠤ᠎ᠪᠠᠷ ᠰᠢᠢᠳᠪᠦᠷᠢᠯᠡᠬᠦ᠂ ᠴᠢᠳᠠᠪᠤᠷᠢ ᠪᠡᠨ ᠬᠠᠮᠲᠤ᠎ᠪᠠᠷ ᠳᠡᠭᠡᠭᠰᠢᠯᠡᠬᠦᠯᠬᠦ ᠎ᠶᠢ ᠪᠡᠶᠡᠯᠡᠭᠦᠯᠵᠦ᠂ ᠥᠭᠡᠷᠡᠴᠢᠯᠡᠯᠲᠡ᠎ᠶᠢ ᠠᠬᠢᠭᠤᠯᠬᠤ ᠠᠯᠬᠤᠴᠠ᠎ᠶᠢ ᠲᠦᠷᠭᠡᠳᠬᠡᠪᠡ᠃

 ᠢᠷᠡᠯᠲᠡ᠄ ᠰᠣᠨᠢᠨ ᠮᠡᠳᠡᠭᠡᠨ᠎ᠦ ᠨᠡᠪᠲᠡᠷᠡᠭᠦᠯᠭᠡ ᠵᠢᠨ ᠵᠢᠷᠬᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号