ᠲᠦᠯ᠎ᠦᠨ ᠮᠠᠢᠯᠠᠭᠠᠨ᠎ᠳᠦ ᠪᠠᠶᠠᠰᠤᠬᠰᠠᠨ ᠬᠦᠳᠡᠬᠡ ᠨᠤᠳᠤᠭ᠎ᠦᠨ ᠬᠠᠪᠤᠷ
2026-04-12 12:18:32
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠬᠠᠪᠤᠷ ᠤ᠋ᠨ ᠤᠷᠢ ᠤᠷᠤᠭ᠍ᠰᠠᠨ ᠪᠣᠯᠪᠠᠴᠤ᠌ ᠬᠥᠯᠥᠨ ᠪᠤᠢ᠌ᠷ ᠨᠤᠲᠤᠭ ᠢ᠋ᠶ᠋ᠡᠷ ᠮᠦᠨ ᠵᠢᠩᠳᠡᠬᠦᠨ ᠲᠠᠢ ᠪᠠᠢᠯ᠎ᠠ᠃ ᠬᠥᠯᠥᠨ ᠪᠤᠢ᠌ᠷ ᠤ᠋ᠨ ᠠᠳᠠᠷ ᠬᠠᠭᠠᠯᠪᠤᠷᠢᠯᠠᠯᠲᠠ ᠶ᠋ᠢᠨ ᠪᠦᠯᠦᠭᠯᠡᠯ ᠤ᠋ᠨ ᠭᠤᠷᠪᠠᠨ ᠭᠤᠤᠯ ᠲᠠᠷᠢᠶᠠᠯᠠᠩ ᠮᠠᠯᠵᠢᠯ ᠤ᠋ᠨ ᠲᠠᠯᠠᠪᠠᠢ ᠶ᠋ᠢᠨ ᠲᠠᠪᠤᠳᠤᠭᠠᠷ ᠰᠤᠮᠤ (ᠲᠤᠭᠤᠢᠯᠠᠩ) ᠵᠢᠨ ᠠᠵᠢᠯᠴᠢᠨ ᠶᠠᠩ ᠬᠠᠢ ᠴᠧᠩ ᠤ᠋ᠨ ᠬᠠᠱᠢᠶᠠᠨ ᠡᠴᠨ ᠬᠤᠷᠠᠭ᠎ᠠ ᠢᠰᠢᠬᠡ ᠵᠢᠨ ᠮᠠᠢᠯᠠᠯᠳᠤᠬᠤ ᠲᠠᠭᠤᠨ ᠰᠤᠨᠤᠷᠳᠠᠨ᠎ᠠ᠃

ᠶᠠᠩ ᠬᠠᠢ ᠴᠧᠩ 500 ᠭᠠᠷᠤᠢ ᠬᠤᠨᠢ ᠮᠠᠯᠵᠢᠵᠦ᠂ ᠣᠳᠣᠬᠠᠨ ᠳ᠋ᠦ 300 ᠭᠠᠷᠤᠢ ᠲᠥᠯ ᠲᠤᠰᠴᠢᠬᠠᠴᠠᠢ ᠃ ᠲᠡᠭᠵᠢᠨ ᠴᠤᠪᠤᠭᠤᠯᠢᠭ ᠲᠦᠯ ᠤ᠋ᠳ ᠲᠠᠯ᠎ᠠ ᠨᠤᠲᠤᠭ ᠲᠦ᠍ ᠬᠢᠵᠠᠭᠠᠯᠠᠰᠢ ᠦᠭᠡᠢ ᠠᠮᠢᠵᠢᠷᠠᠯ ᠤ᠋ᠨ ᠬᠦᠴᠦᠨ ᠣᠯᠭᠣᠭ᠍ᠰᠠᠨ ᠪᠥᠭᠡᠳ ᠶᠠᠩ ᠬᠠᠢ ᠴᠧᠩ ᠳ᠋ᠦ ᠱᠢᠨᠵᠢᠯᠡᠬᠦ᠌ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶ᠋ᠢᠨ ᠠᠴᠢ ᠲᠤᠰᠠ ᠵᠢ ᠦᠨᠡᠨ ᠬᠦ᠌ ᠮᠡᠳᠡᠷᠡᠭᠦᠯᠪᠡ᠃

《ᠭᠠᠷ ᠤᠲᠠᠰᠤ ᠪᠠᠨ ᠨᠡᠭᠡᠭᠡᠮᠡᠭᠴᠡ ᠬᠤᠨᠢ ᠪᠤᠯᠭᠠᠨ ᠤ᠋ ᠪᠠᠢᠳᠠᠯ ᠢ᠋ ᠴᠠᠭ ᠲᠤᠬᠠᠶ ᠳ᠋ᠤᠨᠢ ᠪᠠᠢᠴᠠᠭᠠᠨ ᠦᠵᠡᠵᠦ᠍᠂ ᠲᠦᠯᠯᠡᠬᠦ ᠤᠢᠷᠠᠳᠤᠪᠠᠯ ᠴᠠᠭ ᠲᠤᠬᠠᠶ ᠳ᠋ᠤᠨᠢ ᠲᠡᠵᠢᠬᠡᠯ ᠨᠡᠮᠡᠵᠦ᠂ ᠴᠠᠭ ᠲᠦ᠍ ᠠᠷᠪᠢᠲᠠᠶ ᠪᠦᠬᠡᠳ ᠬᠦᠮᠦᠨ᠎ᠦ ᠬᠦᠴᠦᠨ ᠳ᠋ᠦ ᠴᠦ᠍ ᠠᠷᠪᠢᠲᠠᠶ ᠪᠠᠢᠳᠠᠭ᠃ ᠡᠨᠡ ᠰᠠᠢᠨ ᠬᠠᠪᠰᠤᠷᠤᠭ᠍ᠴᠢ ᠪᠠᠶ᠋ᠢᠭᠰᠠᠨ ᠡᠴᠡ ᠡᠨᠡ ᠵᠢᠯ ᠲᠥᠯ ᠲᠣᠰᠭᠤ ᠳ᠋ᠦ ᠦᠨᠡᠬᠡᠷ ᠰᠠᠨᠠᠭ᠎ᠠ ᠠᠮᠤᠷ ᠪᠤᠯᠵᠠᠢ》 ᠭᠡᠵᠦ᠍ ᠲᠡᠷᠡ ᠬᠠᠰᠢᠶᠠᠨ ᠳᠣᠲᠣᠷ᠎ᠠ ᠪᠠᠨ ᠤᠭ᠍ᠰᠠᠷᠠᠭ᠍ᠰᠠᠨ ᠤᠶᠤᠨᠲᠤ ᠬᠢᠨᠠᠨ ᠡᠵᠡᠮᠳᠡᠬᠦᠷ ᠢ᠋ ᠵᠢᠭᠠᠵᠤ ᠬᠡᠯᠡᠨ᠎ᠠ᠃

ᠱᠢᠨᠵᠢᠯᠡᠬᠦ᠌ ᠤᠬᠠᠭᠠᠨᠴᠢ ᠪᠡᠷ ᠨᠠᠷᠢᠯᠢᠭ ᠲᠡᠵᠢᠭᠡᠨ ᠠᠷᠠᠴᠢᠯᠠᠬᠤ ᠪᠤᠯ ᠬᠤᠷᠠᠭ᠎ᠠ ᠶ᠋ᠢᠨ ᠲᠤᠷᠨᠢᠭᠤᠨ ᠪᠣᠢᠵᠢᠯᠳᠠ ᠵᠢ ᠪᠠᠲᠤᠯᠠᠬᠤ ᠵᠠᠩᠭᠢᠯᠠᠭ᠎ᠠ ᠮᠥᠨ᠃ ᠶᠠᠩ ᠬᠠᠢ ᠴᠧᠩ ᠤ᠋ᠨ ᠲᠡᠵᠢᠭᠡᠨ ᠦᠷᠡᠵᠢᠭᠦᠯᠬᠦ᠌ ᠲᠣᠭᠣᠷᠢᠭ ᠲᠦ᠍ ᠮᠥᠬᠥᠯᠢᠭ᠌ᠲᠦ ᠲᠡᠵᠢᠭᠡᠯ ᠪᠣᠷᠳᠣᠭᠠᠨ ᠤ᠋ ᠮᠠᠰᠢᠨ ᠬᠦᠷᠴᠢᠬᠢᠨᠡᠨ ᠠᠵᠢᠯᠯᠠᠵᠦ᠂ ᠱᠢᠨᠵᠢᠯᠡᠬᠦ᠌ ᠤᠬᠠᠭᠠᠨᠴᠢ ᠬᠠᠷᠢᠴᠠᠯ ᠢ᠋ᠶ᠋ᠡᠷ ᠰᠦᠯ ᠰᠠᠢᠲᠠᠢ ᠲᠡᠵᠢᠭᠡᠯ ᠡᠪᠡᠰᠦ ᠪᠠ ᠡᠰᠢ ᠰᠦᠷᠡᠯ ᠵᠡᠷᠭᠡ ᠵᠢ ᠱᠢᠮ᠎ᠡ ᠲᠡᠵᠢᠭᠡᠯ ᠲᠠᠢ ᠮᠥᠬᠥᠯᠢᠭ᠌ᠲᠦ  ᠪᠣᠷᠳᠣᠭ᠎ᠠ ᠪᠣᠯᠭᠠᠨ ᠪᠣᠯᠪᠠᠰᠤᠷᠠᠭᠤᠯᠵᠤ᠂ ᠡᠬᠡ ᠮᠠᠯ  ᠪᠣᠯᠤᠨ ᠨᠢᠯᠬ᠎ᠠ  ᠬᠤᠷᠠᠭᠠᠨ ᠳ᠋ᠦ ᠱᠢᠮ᠎ᠡ ᠨᠦᠬᠦᠨ᠎ᠠ᠃

ᠪᠠᠷᠢᠮᠵᠢᠶᠠᠵᠢᠭᠤᠯᠤᠭ᠍ᠰᠠᠨ᠂ ᠨᠠᠷᠢᠯᠢᠬ᠍ᠵᠢᠭᠤᠯᠤᠭ᠍ᠰᠠᠨ ᠲᠡᠵᠢᠭᠡᠨ ᠦᠷᠡᠵᠢᠭᠦᠯᠬᠦ᠌ ᠠᠷᠭ᠎ᠠ ᠬᠡᠯᠪᠡᠷᠢ ᠵᠢ ᠮᠠᠯᠴᠢᠳ ᠲᠦ᠍ ᠲᠦᠬᠡᠮᠡᠯᠵᠢᠬᠦᠯᠬᠦ ᠳ᠋ᠤ ᠯᠠᠪᠳᠠᠭᠤᠨ ᠪᠠᠲᠤᠲᠠᠢ ᠮᠡᠷᠭᠡᠵᠢᠯ ᠤ᠋ᠨ ᠦᠢᠯᠡᠴᠢᠯᠡᠭᠡ ᠪᠠᠢᠬᠤ ᠴᠢᠬᠤᠯᠠᠳᠠᠢ᠃ ᠡᠨᠡ ᠬᠠᠪᠤᠷ ᠭᠤᠷᠪᠠᠨ ᠭᠤᠤᠯ ᠲᠠᠷᠢᠶᠠᠯᠠᠩ ᠮᠠᠯᠵᠢᠯ ᠤ᠋ᠨ ᠲᠠᠯᠠᠪᠠᠶ ᠶ᠋ᠢᠨ ᠺᠣᠮᠫᠠᠨᠢ ᠵᠢᠱ᠌ᠢᠯᠲᠡ ᠪᠡᠷ 5.5 ᠲᠦᠮᠡᠨ ᠲᠥᠯ ᠲᠤᠰᠤᠨ᠎ᠠ᠃ ᠲᠥᠯ ᠲᠤᠰᠴᠤ᠌ ᠪᠣᠢᠵᠢᠭᠤᠯᠬᠤ ᠬᠤᠭᠤᠴᠠᠭᠠᠨ ᠳ᠋ᠦ ᠺᠣᠮᠫᠠᠨᠢ ᠡᠴᠡ ᠲᠤᠰᠭᠠᠶ ᠮᠡᠷᠭᠡᠵᠢᠯ ᠤ᠋ᠨ ᠮᠠᠯ ᠡᠮᠨᠡᠯᠭᠡ ᠶ᠋ᠢᠨ ᠠᠵᠢᠯᠴᠢᠨ ᠢ᠋ ᠵᠣᠬᠢᠶᠠᠨ ᠪᠠᠢᠭᠤᠯᠵᠤ᠂ ᠬᠡᠰᠡᠭ ᠬᠤᠪᠢᠶᠠᠨ ᠳᠠᠭᠠᠭᠠᠴᠢᠯᠠᠬᠤ᠂ ᠲᠣᠭᠣᠷᠢᠨ ᠡᠮᠴᠢᠯᠡᠬᠦ ᠵᠡᠷᠭᠡ ᠠᠷᠭ᠎ᠠ ᠪᠡᠷ ᠲᠡᠵᠢᠭᠡᠨ ᠦᠷᠡᠵᠢᠭᠦᠯᠬᠦ᠌ ᠡᠷᠦᠬᠡ ᠶ᠋ᠢᠨ ᠱᠢᠨᠵᠢᠯᠡᠬᠦ᠌ ᠤᠬᠠᠭᠠᠨᠴᠢ ᠪᠠᠷ ᠲᠡᠵᠢᠭᠡᠬᠦ᠌ ᠵᠢ ᠵᠢᠯᠣᠭᠣᠳᠴᠦ ᠪᠠᠢᠨ᠎ᠠ᠃ ᠡᠭᠦᠨ ᠤ᠋ ᠬᠠᠮᠲᠤ 《ᠰᠡᠷᠭᠡᠢᠯᠡᠬᠦ᠌᠎ᠪᠡᠷ ᠭᠤᠤᠯ ᠪᠣᠯᠭᠠᠬᠤ》 ᠵᠠᠷᠴᠢᠮ ᠢ᠋ ᠪᠠᠷᠢᠮᠲᠠᠯᠠᠨ᠂ ᠬᠡᠮ  ᠬᠢᠵᠢᠭ ᠢ᠋ ᠬᠢᠨᠠᠨ ᠬᠡᠮᠵᠢᠵᠦ᠍ ᠰᠡᠷᠡᠮᠵᠢᠯᠡᠭᠦ ᠪᠠ ᠰᠡᠷᠭᠡᠢᠯᠡᠨ ᠡᠵᠡᠮᠳᠡᠬᠦ᠌ ᠪᠠᠢᠷᠢᠯᠠᠭᠤᠯᠤᠯᠲᠠ ᠵᠢ ᠤᠷᠢᠳᠴᠢᠯᠠᠨ ᠰᠠᠢᠲᠤᠷ ᠬᠢᠵᠦ᠍᠂ ᠬᠠᠪᠤᠷ ᠤ᠋ᠨ ᠤᠯᠠᠷᠢᠯ ᠤ᠋ᠨ ᠬᠡᠮ ᠬᠢᠵᠢᠭ ᠢ᠋ ᠰᠡᠷᠭᠡᠢᠯᠡᠬᠦ ᠠᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠂ ᠬᠤᠷᠠᠭᠠᠨ ᠤ᠋ ᠲᠤᠷᠨᠢᠭᠤᠨ ᠪᠣᠢᠵᠢᠯᠳᠠ ᠵᠢ ᠪᠥᠬᠥ᠌ ᠲᠠᠯ᠎ᠠ᠎ᠪᠠᠷ ᠪᠠᠳᠤᠯᠠᠵᠤ ᠪᠠᠢᠨ᠎ᠠ᠃

 ᠡᠨᠡ ᠵᠢᠯ ᠤ᠋ᠨ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳ᠋ᠦ᠂ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠵᠢ ᠵᠡᠷᠭᠡ ᠪᠡᠷ ᠬᠥᠭ᠌ᠵᠢᠭᠦᠯᠬᠦ᠌ ᠵᠢ ᠪᠠᠷᠢᠮᠲᠠᠯᠠᠵᠤ᠂ ᠣᠯᠠᠨ ᠡᠱᠢᠵᠢᠭ᠌ᠰᠡᠨ ᠢᠳᠡᠭᠡᠨ ᠤ᠋ ᠬᠠᠩᠭᠠᠯᠭ᠎ᠠ ᠶ᠋ᠢᠨ ᠱᠢᠰᠲ᠋ᠧᠮ ᠢ᠋ ᠪᠠᠢᠭᠤᠯᠬᠤ ᠵᠢ ᠠᠬᠢᠭᠤᠯᠤᠨ᠎ᠠ ᠭᠡᠵᠤ ᠲᠤᠭᠳᠠᠵᠠᠢ᠃ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠪᠣᠯᠤᠭ᠍ᠰᠠᠨ ᠤ᠋ ᠬᠤᠪᠢ ᠳ᠋ᠦ᠂ ᠥᠪᠥᠷ ᠮᠣᠩᠭᠣᠯ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠪᠠ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠵᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ ᠵᠢ ᠡᠭᠦᠷᠭᠡᠯᠡᠵᠦ᠍ ᠪᠠᠢᠳᠠᠭ᠃ 2025 ᠣᠨ ᠳ᠋ᠦ ᠥᠪᠥᠷ ᠮᠣᠩᠭᠣᠯ ᠤ᠋ᠨ ᠦᠬᠡᠷ ᠤ᠋ᠨ ᠮᠢᠬᠠᠨ ᠤ᠋ ᠭᠠᠷᠤᠯᠲᠠ ᠠᠩᠬ᠎ᠠ ᠤᠳᠠᠭ᠎ᠠ 100 ᠲᠦᠮᠡᠨ ᠲᠣᠨ ᠢ᠋ ᠳᠠᠪᠠᠨ 101.7 ᠲᠦᠮᠡᠨ ᠲᠣᠨ ᠳ᠋ᠦ ᠬᠦᠷᠴᠦ᠍᠂ 2020 ᠣᠨ ᠡᠴᠡ ᠨᠠᠭᠠᠰᠢ 6 ᠵᠢᠯ ᠳᠠᠷᠠᠭᠠᠯᠠᠨ ᠪᠥᠬᠥ᠌ ᠤᠯᠤᠰ ᠲᠦ᠍ ᠲᠦᠷᠦᠬᠦᠯᠡᠪᠡ᠃ ᠬᠣᠨᠢᠨ ᠮᠢᠬ᠎ᠠ ᠵᠢᠨ ᠭᠠᠷᠤᠯᠲᠠ 102.9 ᠲᠦᠮᠡᠨ ᠲᠣᠨ ᠳ᠋ᠦ ᠬᠦᠷᠴᠦ᠍᠂ 9 ᠵᠢᠯ ᠳᠠᠷᠠᠭᠠᠯᠠᠨ 100 ᠲᠦᠮᠡᠨ ᠲᠣᠨ ᠢ᠋ ᠳᠠᠪᠠᠵᠤ᠂ ᠯᠠᠪᠳᠠᠭᠤᠨ ᠲᠤᠭᠳᠠᠭᠤᠨ ᠵᠢᠡᠷ ᠪᠦᠬᠦ ᠤᠯᠤᠰ ᠤ᠋ᠨ ᠲᠦᠷᠦᠬᠦᠨ ᠳ᠋ᠤ ᠤᠷᠤᠰᠢᠬᠤ ᠵᠢ ᠪᠠᠳᠤᠯᠠᠪᠠ᠃

ᠨᠢᠳᠤᠨᠤᠨ ᠡᠪᠦᠯ ᠡᠴᠡ ᠨᠠᠭᠠᠰᠢ᠂ ᠥᠪᠥᠷ ᠮᠣᠩᠭᠣᠯ ᠡᠷᠲᠡ ᠪᠠᠢᠷᠢᠯᠠᠭᠤᠯᠤᠨ᠂ ᠡᠷᠲᠡ ᠬᠥᠳᠡᠯᠦᠯᠴᠡᠵᠦ᠍᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠲᠥᠯ ᠲᠤᠰᠴᠤ᠌ ᠪᠣᠢᠵᠢᠭᠤᠯᠬᠤ ᠵᠠᠩᠭᠢᠯᠠᠭ᠎ᠠ ᠶ᠋ᠢᠨ ᠭᠣᠭ᠍ᠴᠣᠭ᠎ᠠ ᠵᠢ ᠰᠠᠢᠲᠤᠷ ᠠᠳᠭᠤᠨ᠂ ᠪᠥᠬᠥ᠌ ᠵᠢᠯ ᠤ᠋ᠨ ᠮᠠᠯ ᠠᠵᠤ ᠠᠬᠤᠶ ᠶ᠋ᠢᠨ ᠦᠶ᠋ᠯᠡᠳᠪᠦᠷᠢᠯᠡᠯ ᠤ᠋ᠨ 《ᠨᠢᠭᠡᠳᠦᠭᠡᠷ ᠪᠣᠭᠣᠮᠲᠠ》 ᠶ᠋ᠢ ᠪᠠᠲᠤ ᠰᠠᠬᠢᠪᠠ᠃ ᠪᠥᠬᠥ᠌ ᠣᠷᠣᠨ ᠤ᠋ ᠡᠯ᠎ᠡ ᠭᠠᠵᠠᠷ ᠤ᠋ᠨ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠬᠡᠮ ᠬᠢᠵᠢᠭ ᠢ᠋ ᠰᠡᠷᠭᠡᠢᠯᠡᠨ ᠡᠵᠡᠮᠳᠡᠬᠦ᠌᠂ ᠲᠡᠵᠢᠭᠡᠯ ᠡᠪᠡᠰᠦ ᠪᠣᠷᠳᠣᠭ᠎ᠠ ᠲᠣᠬᠢᠷᠠᠭᠤᠯᠬᠤ ᠵᠡᠷᠭᠡ ᠮᠡᠷᠭᠡᠵᠢᠯ ᠤ᠋ᠨ ᠵᠢᠯᠣᠭᠣᠳᠣᠯᠭ᠎ᠠ ᠪᠠ ᠦᠶ᠋ᠯᠡᠴᠢᠯᠡᠭᠡ ᠵᠢ ᠢᠳᠡᠪᠬᠢᠳᠡᠢ ᠥᠷᠨᠢᠭᠦᠯᠵᠦ᠍᠂ ᠲᠥᠯ ᠮᠠᠯ ᠤ᠋ᠨ ᠪᠤᠢᠵᠢᠯᠳᠠ ᠶ᠋ᠢᠨ ᠨᠣᠷᠮ᠎ᠠ ᠵᠢ ᠪᠥᠬᠥ᠌ ᠬᠦᠴᠦᠨ ᠵᠢᠡᠷ ᠵᠢᠡᠨ ᠳᠡᠭᠡᠭ᠌ᠰᠢᠯᠡᠭᠦᠯᠵᠦ᠍᠂ ᠮᠠᠯ ᠤ᠋ᠨ ᠲᠤᠭ᠎ᠠ ᠪᠠ ᠭᠠᠷᠭᠠᠯᠲᠠ ᠵᠢ ᠲᠣᠭ᠍ᠲᠠᠭᠤᠨ ᠢ᠋ᠶ᠋ᠠᠷ ᠨᠡᠮᠡᠭ᠌ᠳᠡᠭᠦᠯᠬᠦ᠌ ᠳ᠋ᠦ ᠬᠦᠴᠦᠲᠡᠶ ᠪᠠᠲᠤᠯᠠᠭ᠎ᠠ ᠬᠠᠩᠭᠠᠵᠠᠢ᠃ 2 ᠰᠠᠷ᠎ᠠ ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ ᠵᠢᠡᠷ ᠵᠢᠡᠨ 1887 ᠲᠦᠮᠡᠨ ᠪᠣᠳᠠ ᠪᠣᠭ ᠮᠠᠯ ᠤ᠋ᠨ ᠲᠥᠯ ᠲᠤᠰᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.8% ᠪᠠᠷ ᠨᠡᠮᠡᠭ᠌ᠳᠡᠵᠦ᠍᠂ ᠲᠥᠯ ᠮᠠᠯ ᠤ᠋ᠨ ᠪᠤᠢᠵᠢᠯᠳᠠ ᠶ᠋ᠢᠨ ᠨᠣᠷᠮ᠎ᠠ 98% ᠡᠴᠡ ᠳᠡᠭᠡᠭ᠌ᠰᠢ ᠪᠠᠢᠬᠤ ᠵᠢ ᠪᠠᠳᠤᠯᠠᠪᠠ᠃

ᠣᠢᠷ᠎ᠠ ᠶ᠋ᠢᠨ ᠵᠢᠯ ᠳ᠋ᠤ ᠮᠠᠨ ᠤ᠋ ᠤᠷᠤᠨ ᠪᠡᠯᠴᠢᠬᠡᠷ ᠤ᠋ᠨ ᠮᠠᠯ ᠠᠵᠤ ᠠᠬᠤᠶ ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠵᠢ ᠦᠷᠭᠦᠯᠵᠢᠯᠡᠨ ᠠᠬᠢᠭᠤᠯᠵᠤ᠂ ᠡᠷᠴᠢᠮᠵᠢᠭᠦᠯᠦᠨ ᠬᠠᠱᠢᠶᠠᠯᠠᠨ ᠲᠡᠵᠢᠭᠡᠬᠦ᠌ ᠲᠦᠪᠱᠢᠨ ᠢ᠋ ᠶᠡᠬᠡ ᠪᠡᠷ ᠳᠡᠭᠡᠭ᠌ᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ᠋ ᠬᠠᠰᠢᠶ᠎ᠠ ᠰᠠᠷᠠᠪᠴᠢ᠂ ᠲᠡᠵᠢᠭᠡᠯ ᠡᠪᠡᠰᠦ ᠨᠥᠭᠡᠴᠡᠯᠡᠬᠦ᠌ ᠬᠥᠮᠥᠷᠭᠡ ᠵᠢᠴᠢ ᠰᠠᠭᠤᠷᠢ ᠲᠦᠬᠦᠬᠡᠷᠦᠮᠵᠢ ᠶ᠋ᠢᠨ ᠲᠦᠪᠰᠢᠨ ᠢᠯᠡᠳᠲᠡ ᠳᠡᠭᠡᠭ᠌ᠰᠢᠯᠡᠵᠦ᠍᠂ ᠬᠠᠳᠠᠭᠤ ᠲᠤᠨᠤᠭ ᠤ᠋ᠨ ᠪᠠᠲᠤᠯᠠᠭ᠎ᠠ ᠶ᠋ᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠨ᠂ ᠤᠨᠴᠠ ᠶᠡᠬᠡ ᠴᠠᠰᠤ᠂ ᠬᠦᠶ᠋ᠲᠡᠨ ᠤᠷᠤᠰᠬᠠᠯ ᠮᠡᠳᠦ᠎ᠶᠢᠨ ᠬᠠᠴᠢᠨ ᠠᠭᠤᠷ ᠠᠮᠢᠰᠬᠤᠯ ᠢ᠋ ᠠᠷᠭᠠᠴᠠᠭᠠᠬᠤ ᠴᠢᠳᠠᠪᠤᠷᠢ ᠵᠢ ᠪᠦᠲᠦᠮᠵᠢᠲᠡᠶ ᠳᠡᠭᠡᠭ᠌ᠰᠢᠯᠡᠭᠦᠯᠪᠡ᠃

ᠲᠥᠯ ᠲᠤᠰᠴᠤ᠌ ᠪᠤᠢᠵᠢᠭᠤᠯᠬᠤ ᠵᠢ ᠡᠮᠬᠢ ᠵᠢᠷᠤᠮ ᠲᠠᠶ ᠠᠬᠢᠭᠤᠯᠤᠭ᠍ᠰᠠᠨ ᠨᠢ ᠵᠥᠪᠬᠡᠨ ᠥᠪᠥᠷ ᠮᠣᠩᠭᠣᠯ ᠤ᠋ᠨ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠨᠢᠬᠡᠨ ᠬᠤᠷᠢᠶᠠᠩᠭᠤᠶ ᠳᠦᠷᠰᠦ ᠪᠣᠯᠤᠨ᠎ᠠ᠃ ᠡᠨᠡ ᠵᠢᠯ ᠮᠠᠨ ᠤ᠋ ᠤᠷᠤᠨ ᠦᠷᠭᠦᠯᠵᠢᠯᠡᠨ 《ᠦᠶ᠋ᠯᠡᠳᠪᠦᠷᠢᠯᠡᠯ ᠤ᠋ᠨ ᠴᠢᠳᠠᠪᠤᠷᠢ ᠵᠢ ᠲᠣᠭ᠍ᠲᠠᠪᠤᠷᠢᠵᠢᠭᠤᠯᠬᠤ᠂ ᠪᠤᠳᠠᠭᠠᠯᠢ ᠪᠠᠶ᠎ᠠ ᠵᠢᠨ ᠭᠠᠷᠤᠯᠲᠠ ᠵᠢ ᠨᠡᠮᠡᠭ᠌ᠳᠡᠭᠦᠯᠬᠦ᠌᠂ ᠥᠪᠡᠷ ᠤ᠋ᠨ ᠥᠷᠲᠡᠭ ᠢ᠋ ᠪᠠᠭᠤᠷᠠᠭᠤᠯᠬᠤ᠂ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠬᠤ》 ᠪᠠᠷ ᠴᠢᠭ᠌ᠯᠡᠯ ᠪᠣᠯᠭᠠᠨ᠂ ᠮᠢᠬᠠᠨ ᠤ᠋ ᠦᠬᠡᠷ ᠮᠢᠬᠠᠨ ᠤ᠋ ᠬᠣᠨᠢ ᠵᠢᠨ ᠠᠰᠢᠭ ᠰᠢᠮ᠎ᠠ ᠵᠢᠨ ᠭᠠᠷᠤᠯᠲᠠ ᠵᠢ ᠨᠡᠮᠡᠭ᠌ᠳᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠠᠬᠢᠭᠤᠯᠵᠤ᠂ ᠮᠠᠯ ᠤ᠋ᠨ ᠠᠱᠢᠭ ᠱᠢᠮ᠎ᠡ ᠶ᠋ᠢᠨ ᠲᠣᠭ᠍ᠲᠠᠭᠤᠨ ᠪᠥᠭᠡᠳ ᠠᠮᠤᠷ ᠲᠦᠪᠱᠢᠨ ᠬᠠᠩᠭᠠᠯᠭ᠎ᠠ ᠶ᠋ᠢᠨ ᠴᠢᠳᠠᠪᠤᠷᠢ ᠵᠢ ᠦᠷᠭᠦᠯᠵᠢᠯᠡᠨ ᠳᠡᠭᠡᠭ᠌ᠰᠢᠯᠡᠭᠦᠯᠬᠦ ᠪᠤᠯᠤᠨ᠎ᠠ᠃ ᠤᠯᠤᠰ ᠤ᠋ᠨ ᠮᠢᠬᠠᠨ ᠤ᠋ ᠦᠬᠡᠷ ᠮᠢᠬᠠᠨ ᠤ᠋ ᠬᠣᠨᠢ ᠶ᠋ᠢᠨ ᠬᠡᠮᠵᠢᠶ᠎ᠡ ᠵᠢ ᠨᠡᠮᠡᠭ᠌ᠳᠡᠭᠦᠯᠦᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠪᠦᠳᠦᠬᠦᠨ ᠦᠨᠢᠶᠡᠨ ᠤ᠋ ᠲᠤᠭ᠎ᠠ ᠵᠢ ᠨᠡᠮᠡᠭᠳᠡᠬᠦᠯᠦᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠠ ᠬᠤᠴᠠ ᠤᠬᠤᠨ᠎ᠠ ᠳ᠋ᠤ ᠨᠥᠬᠥᠪᠥᠷᠢ ᠦᠭᠬᠦ ᠬᠡᠪᠴᠢᠶ᠎ᠡ ᠵᠢ ᠥᠷᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ᠋ 《ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠴᠢᠨᠠᠷ ᠰᠠᠢᠲᠠᠶ ᠪᠡᠷ ᠪᠥᠲᠥᠭᠡᠨ ᠪᠠᠢᠭᠤᠯᠬᠤ ᠲᠤᠬᠠᠶ ᠰᠠᠨᠠᠯ》 ᠢ᠋ ᠨᠠᠢᠳᠠᠪᠤᠷᠢᠵᠢᠭᠤᠯᠵᠤ᠂ ᠭᠠᠷᠭᠠᠯᠲᠠ ᠳ᠋ᠤ ᠱᠠᠡᠭᠨᠠᠯ ᠨᠦᠬᠦᠪᠦᠷᠢ ᠤᠯᠭᠤᠬᠤ ᠵᠢᠴᠢ ᠲᠦᠬᠦᠭᠡᠷᠦᠮᠵᠢᠲᠦ ᠮᠠᠯ ᠠᠵᠤ ᠠᠬᠤᠶ ᠶ᠋ᠢᠨ ᠪᠦᠬᠦ ᠰᠢᠶᠠᠨ ᠵᠢᠡᠷ ᠠᠬᠢᠭᠤᠯᠬᠤ ᠲᠦᠷᠦᠯ ᠵᠦᠢᠯ ᠢ᠋ ᠬᠡᠷᠡᠭᠵᠢᠭᠦᠯᠵᠦ᠂ ᠮᠠᠯᠴᠢᠨ ᠲᠠᠷᠢᠶᠠᠴᠢᠳ ᠤ᠋ᠨ ᠲᠡᠵᠢᠭᠡᠨ ᠦᠷᠡᠵᠢᠭᠦᠯᠬᠦ᠌ ᠢᠲᠡᠭᠡᠯ ᠵᠣᠷᠢᠭ ᠢ᠋᠎ᠴᠢᠨᠠᠭᠰᠢᠳᠠ ᠬᠥᠪᠴᠢᠯᠡᠬᠦ ᠪᠡᠷ ᠪᠤᠢ᠃

ᠠᠯᠢᠶᠠᠷᠬᠠᠨ ᠲᠤᠭᠯᠠᠬᠤ ᠨᠢᠯᠬ᠎ᠠ ᠲᠦᠯ ᠬᠠᠪᠤᠷ ᠤ᠋ᠨ ᠡᠳᠦᠷ ᠤ᠋ᠨ ᠭᠤᠢᠳᠠ ᠦᠵᠡᠮᠵᠢ ᠪᠣᠯᠵᠠᠢ᠃ ᠣᠷᠳᠣᠰ ᠬᠣᠲᠠ ᠳ᠋ᠦ ᠪᠠᠢᠭ᠎ᠠ ᠥᠪᠥᠷ ᠮᠣᠩᠭᠣᠯ ᠤ᠋ᠨ ᠢ ᠸᠧᠶ ᠨᠣᠤᠯᠣᠭᠤᠷ ᠤ᠋ᠨ ᠴᠠᠭᠠᠨ ᠢᠮᠠᠭᠠᠨ ᠤ᠋ ᠬᠢᠵᠠᠭᠠᠷᠲᠤ ᠺᠣᠮᠫᠠᠨᠢ ᠶ᠋ᠢᠨ ᠢ ᠸᠧᠶ ᠡᠬᠦᠯᠳᠡᠷ ᠤ᠋ᠨ ᠢᠮᠠᠭᠠᠨ ᠤ᠋ ᠲᠠᠯᠠᠪᠠᠶ ᠵᠢᠨ ᠴᠡᠪᠡᠷ ᠡᠭᠦᠯᠳᠡᠷ ᠤ᠋ᠨ ᠠᠷᠪᠠᠰ ᠤ᠋ᠨ ᠨᠣᠤᠯᠤᠭᠤᠷ ᠤ᠋ᠨ ᠴᠠᠭᠠᠨ ᠢᠮᠠᠭᠠᠨ ᠤ᠋ ᠢᠱᠢᠭᠡ ᠨᠢ ᠰᠢᠯᠢᠳᠡᠭ ᠡᠭᠦᠯᠳᠡᠷ ᠤ᠋ᠨ ᠢᠷᠡᠯᠲᠡ ᠵᠢ ᠥᠷᠭᠡᠳᠭᠡᠬᠦ᠌ ᠪᠠ ᠠᠵᠤ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠳ᠋ᠦ ᠬᠦᠰᠡᠯ ᠡᠷᠡᠮᠡᠯᠵᠡᠯ ᠤ᠋ᠨ 《ᠤᠴᠢ》 ᠵᠢ ᠪᠠᠳᠠᠷᠠᠭᠠᠪᠠ᠃

ᠲᠦᠯ ᠲᠤᠰᠬᠤ ᠠᠵᠢᠯ ᠢ᠋ ᠪᠠᠳᠤᠯᠠᠬᠤ ᠵᠢᠨ ᠲᠦᠯᠦᠬᠡ ᠲᠤᠰ ᠲᠠᠯᠠᠪᠠᠶ ᠵᠢᠨ ᠬᠢᠨ ᠳᠤᠯᠠᠭᠠᠨ ᠰᠠᠷᠠᠪᠴᠢ ᠵᠢ ᠪᠠᠢᠴᠠᠭᠠᠨ ᠵᠠᠰᠠᠬᠤ᠂ ᠡᠪᠡᠰᠦ  ᠪᠣᠷᠳᠣᠭ᠎ᠠ ᠨᠥᠭᠡᠴᠡᠯᠡᠬᠦ᠌ ᠪᠠ ᠡᠳ᠋ ᠪᠣᠳᠠᠰ ᠲᠣᠬᠢᠷᠠᠭᠤᠯᠬᠤ ᠠᠵᠢᠯ ᠢ᠋ ᠤᠷᠢᠳᠴᠢᠯᠠᠨ ᠰᠠᠢᠲᠤᠷ ᠬᠢᠵᠠᠢ᠃ ᠮᠡᠷᠭᠡᠵᠢᠯᠲᠡᠨ ᠨᠠᠷ ᠡᠭᠡᠯᠵᠢᠯᠡᠨ ᠵᠢᠵᠢᠭᠦᠷᠯᠡᠵᠦ᠍᠂ ᠢᠱᠢᠭᠡᠯᠡᠭ᠌ᠰᠡᠨ ᠤ᠋ ᠳᠠᠷᠠᠭ᠎ᠠ ᠤᠭᠤᠷᠠᠭ ᠢ᠋ ᠨᠢ ᠬᠦᠬᠦᠬᠦᠯᠬᠦ᠂ ᠡᠭᠡᠮᠦᠭ ᠬᠠᠳᠠᠬᠤ ᠡᠴᠡ ᠮᠡᠳᠡᠭᠡ ᠵᠠᠩᠭᠢ ᠣᠷᠣᠭᠤᠯᠬᠤ ᠬᠦᠷᠲᠡᠯ᠎ᠡ᠂ ᠭᠣᠭ᠍ᠴᠣᠭ᠎ᠠ ᠨᠢᠭᠡᠪᠦᠷᠢ ᠳ᠋ᠦ ᠴᠥᠮ ᠴᠢᠩᠭ᠎ᠠ ᠮᠡᠷᠭᠡᠵᠢᠯ ᠤ᠋ᠨ ᠲᠦᠷᠢᠮ ᠢ᠋ ᠵᠢᠷᠤᠮᠯᠠᠵᠤ᠂ ᠢᠰᠢᠬᠡ ᠶ᠋ᠢᠨ ᠪᠤᠢᠵᠢᠯᠳᠠ ᠶ᠋ᠢᠨ ᠨᠣᠷᠮ᠎ᠠ ᠵᠢ ᠦᠨᠡᠨ ᠬᠦ᠌ ᠪᠠᠲᠤᠯᠠᠨ᠎ᠠ᠃

ᠤᠯᠤᠰ ᠤ᠋ᠨ ᠲᠠᠰ ᠤ᠋ᠨ ᠡᠭᠦᠯᠳᠡᠷ ᠬᠠᠮᠠᠭᠠᠯᠠᠬᠤ ᠲᠠᠯᠠᠪᠠᠶ ᠪᠣᠯᠤᠭ᠍ᠰᠠᠨ ᠤ᠋ ᠬᠤᠪᠢ ᠳ᠋ᠦ᠂ ᠢ ᠸᠧᠶ ᠦᠷ᠎ᠡ ᠶ᠋ᠢᠨ ᠮᠠᠯ ᠤ᠋ᠨ ᠲᠠᠯᠠᠪᠠᠶ ᠨᠢ ᠢᠮᠠᠭ᠍ᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠡᠷ ᠭᠤᠤᠯ ᠪᠣᠯᠭᠠᠨ᠂ ᠬᠡᠬᠡᠯᠳᠦᠬᠦᠯᠬᠡ ᠬᠢᠬᠦ ᠵᠡᠷᠭᠡ ᠣᠲᠣ ᠦᠶ᠎ᠡ ᠶ᠋ᠢᠨ ᠦᠷᠡᠵᠢᠭᠦᠯᠦᠨ ᠪᠣᠢᠵᠢᠭᠤᠯᠬᠤ ᠮᠡᠷᠭᠡᠵᠢᠯ ᠢ᠋ ᠶᠡᠬᠡ ᠪᠡᠷ ᠳᠡᠯᠭᠡᠷᠡᠭᠦᠯᠵᠦ᠍᠂ ᠲᠥᠯᠯᠡᠬᠦ᠌ ᠴᠠᠭ ᠢ᠋ ᠣᠨᠣᠪᠴᠢᠲᠠᠶ ᠲᠣᠬᠢᠷᠠᠭᠤᠯᠤᠨ ᠡᠵᠡᠮᠳᠡᠵᠦ᠍ ᠪᠠᠢᠭᠠᠳ ᠬᠠᠪᠤᠷ ᠤ᠋ᠨ ᠲᠦᠯ ᠲᠤᠰᠬᠤ ᠪᠡᠷ ᠲᠤᠬᠢᠷᠠᠭᠤᠯᠵᠦ᠂ ᠢᠰᠢᠬᠡ ᠶ᠋ᠢᠨ ᠪᠤᠢᠵᠢᠯᠳᠠ ᠶ᠋ᠢᠨ ᠨᠣᠷᠮ᠎ᠠ ᠪᠠ ᠡᠬᠡ ᠮᠠᠯ ᠤ᠋ᠨ ᠦᠷᠡᠵᠢᠯ ᠤ᠋ᠨ ᠨᠣᠷᠮ᠎ᠠ ᠵᠢ ᠶᠡᠬᠡ ᠪᠡᠷ ᠳᠡᠭᠡᠭ᠌ᠰᠢᠯᠡᠭᠦᠯᠵᠦ᠍᠂ ᠢᠰᠢᠬᠡ ᠶ᠋ᠢᠨ ᠶᠠᠰᠤ ᠴᠢᠨᠠᠷ ᠢ᠋ ᠪᠠᠲᠤᠯᠠᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠬᠦᠢᠴᠡᠳ ᠠᠰᠢᠭᠯᠠᠨ ᠰᠠᠢ᠌ᠨ ᠡᠭᠦᠯᠳᠡᠷ ᠢ᠋ᠶ᠋ᠡᠷ ᠦᠷ᠎ᠡ ᠠᠱᠢᠭ ᠢ᠋ ᠨᠡᠮᠡᠭ᠌ᠳᠡᠭᠦᠯᠦᠨ᠎ᠠ᠃ ᠡᠨᠡ ᠵᠢᠯ ᠮᠠᠨ ᠤ᠋ ᠤᠷᠤᠨ ᠡᠭᠦᠯᠳᠡᠷ ᠢ᠋ ᠰᠠᠢᠵᠢᠷᠠᠭᠤᠯᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠪᠥᠬᠥ᠌ ᠬᠦᠴᠦᠨ ᠢ᠋ᠶ᠋ᠡᠷ ᠠᠬᠢᠭᠤᠯᠵᠤ᠂ ᠮᠢᠬᠠᠨ ᠤ᠋ ᠦᠬᠡᠷ ᠤ᠋ᠨ ᠰᠠᠢᠨ ᠡᠭᠦᠯᠳᠡᠷ ᠤ᠋ᠨ ᠢᠴᠡᠭᠡᠯ ᠦᠷ᠎ᠡ ᠶ᠋ᠢᠨ ᠬᠡᠭᠡᠯᠲᠦᠭᠦᠯᠭᠡ ᠶ᠋ᠢᠨ ᠬᠡᠷᠡᠭ᠌ᠯᠡᠯᠲᠡ ᠵᠢ ᠳᠡᠯᠭᠡᠷᠡᠭᠦᠯᠵᠦ᠍᠂ ᠢᠴᠡᠭᠡᠯ ᠦᠷ᠎ᠡ ᠶ᠋ᠢᠨ ᠬᠡᠭᠡᠯᠲᠦᠭᠦᠯᠭᠡ ᠶ᠋ᠢᠨ ᠦᠶ᠋ᠯᠡᠴᠢᠯᠡᠭᠡᠨ ᠤ᠋ ᠥᠷᠲᠡᠭᠡ ᠴᠡᠭ ᠢ᠋ ᠱᠢᠨ᠎ᠡ ᠪᠡᠷ ᠪᠠᠢᠭᠤᠯᠬᠤ ᠵᠢ ᠳᠡᠮᠵᠢᠵᠦ᠍᠂ ᠢᠴᠡᠭᠡᠯ ᠦᠷ᠎ᠡ ᠶ᠋ᠢᠨ ᠬᠡᠭᠡᠯᠲᠦᠭᠦᠯᠭᠡ ᠶ᠋ᠢᠨ ᠬᠠᠮᠤᠷᠬᠤ ᠬᠡᠪᠴᠢᠶ᠎ᠡ ᠵᠢ ᠥᠷᠭᠡᠳᠭᠡᠨ᠎ᠡ; ᠮᠠᠯᠵᠢᠬᠤ ᠣᠷᠣᠨ ᠳ᠋ᠦ ᠣᠬᠣᠷ ᠰᠡᠭᠦᠯᠲᠦ ᠣᠯᠠᠨ ᠬᠤᠷᠠᠭᠠᠯᠠᠬᠤ ᠮᠢᠬᠠᠨ ᠤ᠋ ᠬᠣᠨᠢ ᠵᠢᠨ ᠡᠭᠦᠯᠳᠡᠷ ᠢ᠋ ᠰᠣᠩᠭᠣᠨ ᠪᠣᠢᠵᠢᠭᠤᠯᠵᠤ ᠳᠡᠯᠭᠡᠷᠡᠭᠦᠯᠬᠦ᠌ ᠡᠷᠴᠢᠮ ᠢ᠋ ᠴᠢᠩᠭᠠᠷᠠᠭᠤᠯᠵᠤ᠂ ᠲᠠᠷᠢᠶᠠᠯᠠᠬᠤ ᠣᠷᠣᠨ ᠳ᠋ᠦ ᠮᠢᠬᠠᠨ ᠤ᠋ ᠬᠣᠨᠢ ᠵᠢᠨ ᠭᠤᠷᠪᠠᠨ ᠡᠬᠦᠯᠳᠡᠷ ᠢ᠋ ᠡᠷᠯᠢᠰᠵᠢᠭᠦᠯᠦᠨ ᠪᠤᠢᠵᠢᠭᠤᠯᠬᠤ ᠮᠡᠷᠭᠡᠵᠢᠯ ᠢ᠋ ᠲᠦᠭᠡᠮᠡᠯᠵᠢᠭᠦᠯᠦᠨ᠎ᠡ᠃ ᠪᠥᠬᠥ᠌ ᠵᠢᠯ ᠳ᠋ᠦ ᠮᠢᠬᠠᠨ ᠤ᠋ ᠦᠬᠡᠷ ᠤ᠋ᠨ ᠢᠴᠡᠭᠡᠯ ᠦᠷ᠎ᠡ ᠵᠢ 500 ᠲᠦᠮᠡᠨ ᠰᠢᠷᠬᠡᠭ᠂ ᠰᠠᠢᠨ ᠡᠬᠦᠯᠳᠡᠷ ᠤ᠋ᠨ ᠬᠤᠴᠠ ᠵᠢ 8 ᠲᠦᠮᠡ ᠭᠠᠷᠤᠢ ᠳᠡᠯᠭᠡᠷᠡᠭᠦᠯᠦᠨ ᠬᠡᠷᠡᠭᠯᠡᠵᠤ᠂ ᠮᠢᠬᠠᠨ ᠤ᠋ ᠦᠬᠡᠷ ᠮᠢᠬᠠᠨ ᠤ᠋ ᠬᠤᠨᠢ ᠶ᠋ᠢᠨ ᠪᠤᠳᠠᠭᠠᠯᠢ ᠪᠠᠶ᠎ᠠ ᠵᠢᠨ ᠠᠰᠢᠭ ᠰᠢᠮ᠎ᠡ ᠶ᠋ᠢᠨ ᠭᠠᠷᠤᠯᠲᠠ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠪᠡᠷ ᠪᠣᠶ᠃

ᠡᠭᠦᠨ ᠤ᠋ ᠬᠠᠮᠲᠤ ᠪᠠᠰᠠ ᠮᠢᠬᠠᠨ ᠤ᠋ ᠦᠬᠡᠷ  ᠮᠢᠬᠠᠨ ᠤ᠋ ᠬᠤᠨᠢ  ᠵᠢ  ᠪᠣᠷᠳᠣᠨ ᠲᠠᠷᠭᠤᠯᠠᠭᠤᠯᠬᠤ ᠠᠵᠢᠯᠯᠠᠭ᠎ᠠ ᠵᠢ ᠬᠦᠨᠵᠡᠬᠡᠢ ᠠᠬᠢᠭᠤᠯᠵᠤ᠂ 《ᠨᠠᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ》᠂ 《ᠡᠷᠦᠬᠡ ᠳ᠋ᠤ ᠪᠤᠢᠵᠢᠭᠤᠯᠵᠤ ᠠᠵᠤ ᠠᠬᠤᠢᠯᠠᠯ ᠳ᠋ᠦ ᠲᠠᠷᠭᠤᠯᠠᠭᠤᠯᠬᠤ》 ᠵᠡᠷᠭᠡ ᠬᠠᠮᠳᠤᠷᠠᠨ ᠠᠵᠢᠯᠯᠠᠬᠤ ᠵᠠᠭ᠍ᠪᠤᠷ ᠵᠢᠡᠷ ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠦᠬᠡᠷ ᠬᠣᠨᠢ ᠵᠢ ᠪᠣᠷᠳᠣᠨ ᠲᠠᠷᠭᠤᠯᠠᠭᠤᠯᠬᠤ ᠦᠢᠯᠡᠰ ᠢ᠋ ᠬᠥᠭ᠌ᠵᠢᠭᠦᠯᠵᠦ᠍᠂ ᠪᠣᠷᠳᠣᠨ ᠲᠠᠷᠭᠤᠯᠠᠭᠤᠯᠬᠤ ᠬᠡᠪᠴᠢᠶ᠎ᠡ ᠵᠢ ᠥᠷᠭᠡᠳᠭᠡᠨ᠎ᠡ᠃ ᠲᠦᠬᠦᠭᠡᠷᠦᠮᠵᠢᠲᠦ ᠮᠠᠯ ᠠᠵᠤ ᠠᠬᠤᠶ ᠵᠢ ᠳᠡᠰ ᠳᠡᠪᠰᠢᠭᠦᠯᠬᠦ ᠠᠵᠢᠯᠯᠠᠭ᠎ᠠ ᠵᠢ ᠬᠡᠷᠡᠭᠵᠢᠬᠦᠯᠦᠨ᠂ ᠣᠷᠣᠨ ᠪᠦᠰᠡ ᠶ᠋ᠢᠨ ᠪᠠᠢᠷᠢᠱᠢᠭᠤᠯᠤᠯᠲᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠮᠠᠯ ᠤ᠋ᠨ ᠲᠤᠭ᠎ᠠ ᠵᠢᠨ ᠨᠡᠮᠡᠭ᠌ᠳᠡᠯ ᠢ᠋ ᠲᠠᠷᠢᠶᠠᠯᠠᠬᠤ ᠣᠷᠣᠨ ᠪᠠ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠳ᠋ᠤ ᠲᠠᠯᠪᠢᠵᠤ᠂ ᠦᠬᠡᠷ ᠬᠣᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠲᠦᠪᠱᠢᠨ ᠢ᠋ ᠳᠡᠭᠡᠭ᠌ᠰᠢᠯᠡᠭᠦᠯᠦᠨ᠎ᠡ᠃ ᠲᠡᠵᠢᠭᠡᠨ ᠦᠷᠡᠵᠢᠭᠦᠯᠬᠦ᠌ ᠲᠠᠯᠠᠪᠠᠢ ᠡᠷᠦᠬᠡ ᠶ᠋ᠢᠨ ᠣᠶᠤᠨᠴᠢ ᠮᠠᠯᠵᠢᠯ ᠤ᠋ᠨ ᠲᠠᠯᠠᠪᠠᠢ ᠪᠠᠨ ᠥᠭᠡᠷᠡᠴᠢᠯᠡᠨ ᠰᠠᠢᠵᠢᠷᠠᠭᠤᠯᠬᠤ ᠪᠠ ᠰᠢᠨ᠎ᠠ ᠪᠡᠷ ᠪᠠᠢᠭᠤᠯᠬᠤ ᠵᠢ ᠳᠠᠮᠵᠢᠵᠤ᠂ 500 ᠲᠦᠮᠡᠨ ᠲᠡᠭ᠌ᠰᠢ ᠳᠥᠷᠪᠡᠯᠵᠢᠨ ᠮᠧᠲᠷ ᠪᠦᠬᠦᠢ ᠬᠠᠰᠢᠶ᠎ᠠ ᠰᠠᠷᠠᠪᠴᠢ ᠵᠢ ᠱᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠵᠦ᠍ ᠥᠷᠭᠡᠳᠭᠡᠨ ᠪᠠᠢᠭᠤᠯᠬᠤ ᠵᠢ ᠳᠠᠢᠴᠢᠯᠠᠨ᠂ ᠦᠬᠡᠷ ᠬᠣᠨᠢ ᠵᠢ ᠬᠠᠰᠢᠶᠠᠯᠠᠨ ᠮᠠᠯᠵᠢᠬᠤ ᠲᠦᠪᠱᠢᠨ ᠢ᠋ ᠳᠡᠭᠡᠭ᠌ᠰᠢᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号