ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠫᠠᠢᠰᠠ ᠰᠡᠬᠦᠬᠦ ᠶᠣᠰᠣᠯᠠᠯ ᠵᠢᠴᠢ ᠪᠦᠲᠦᠭᠡᠨ ᠪᠠᠢᠭᠤᠯᠤᠯᠲᠠ᠎ᠶᠢᠨ ᠳᠠᠢᠴᠢᠯᠠᠯᠲᠠ᠎ᠶᠢᠨ ᠶᠡᠬᠡ ᠬᠤᠷᠠᠯ ᠶᠠᠪᠤᠭᠳᠠᠪᠠ
2026-04-12 10:58:56
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠫᠠᠢᠰᠠ ᠵᠢ ᠰᠡᠬᠦᠭᠰᠡᠨ ᠪᠥᠭᠡᠳ ᠶᠠᠷᠢᠶ᠎ᠠ ᠲᠠᠯᠪᠢᠪᠠ    

ᠪᠤᠤ ᠭᠠᠩ ᠫᠠᠢᠰᠠ ᠣᠯᠭᠣᠵᠤ   ᠵᠠᠩ ᠶᠠᠨ ᠺᠦᠨ ᠣᠷᠣᠯᠴᠠᠵᠦ  ᠱᠢ ᠭᠤᠸᠠᠩ ᠬᠤᠢ ᠬᠤᠷᠠᠯ᠎ᠢ ᠡᠷᠬᠢᠯᠡᠵᠡᠢ


4 ᠰᠠᠷ᠎ᠠ᠎ᠶᠢᠨ 11᠎ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠫᠠᠢᠰᠠ ᠰᠡᠬᠦᠬᠦ ᠶᠣᠰᠣᠯᠠᠯ ᠵᠢᠴᠢ ᠪᠦᠲᠦᠭᠡᠨ ᠪᠠᠢᠭᠤᠯᠤᠯᠲᠠ᠎ᠶᠢᠨ ᠳᠠᠢᠴᠢᠯᠠᠯᠲᠠ᠎ᠶᠢᠨ ᠶᠡᠬᠡ ᠬᠤᠷᠠᠯ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠫᠠᠢᠰᠠ᠎ᠶᠢ ᠰᠡᠬᠦᠭᠰᠡᠨ ᠪᠥᠭᠡᠳ ᠳᠠᠢᠴᠢᠯᠠᠯᠲᠠ᠎ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠬᠤᠷᠠᠯ᠎ᠳᠤ ᠣᠷᠣᠯᠴᠠᠭᠰᠠᠨ ᠪᠥᠭᠡᠳ ᠬᠥᠬᠡᠬᠣᠲᠠ᠎ᠶᠢᠨ ᠬᠡᠰᠡᠭ᠂ ᠮᠠᠨᠵᠤᠤᠷ᠎ᠤᠨ ᠬᠡᠰᠡᠭ᠂ ᠡᠷᠢᠶᠡᠨ ᠬᠤᠳᠠ᠎ᠶᠢᠨ ᠬᠡᠰᠡᠭ ᠲᠦ᠍ ᠫᠠᠢᠰᠠ ᠣᠯᠭᠣᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠣᠶ ᠬᠤᠷᠠᠯ᠎ᠢ ᠡᠷᠬᠢᠯᠡᠵᠡᠢ᠃


QQ截图20260409104157.png


4 ᠰᠠᠷ᠎ᠠ᠎ᠶᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠫᠠᠢᠰᠠ᠎ᠶᠢ ᠰᠡᠬᠦᠪᠡ᠃

ᠰᠤᠷᠪᠤᠯᠵᠢᠯᠠᠭ᠍ᠴᠢ  ᠮᠠ ᠵᠢᠶᠠᠨ ᠪᠢᠩ  ᠰᠡᠬᠦᠳᠡᠷᠯᠡᠪᠡ


ᠸᠠᠩ ᠸᠧᠢ ᠵᠥᠩ ᠶᠠᠷᠢᠶ᠎ᠠ ᠲᠠᠯᠪᠢᠬᠤ᠎ᠳᠠᠭᠠᠨ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠠᠢᠭᠤᠯᠤᠭᠰᠠᠨ ᠨᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠡᠴᠡ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠮᠥᠨ᠂ ᠥᠪᠥᠷ ᠮᠣᠩᠭᠣᠯ᠎ᠤᠨ ᠥᠭᠡᠷᠡᠴᠢᠯᠡᠯᠲᠡ ᠨᠡᠭᠡᠭᠡᠯᠲᠡ ᠪᠠ ᠴᠢᠨᠠᠷ ᠰᠠᠢᠲᠠᠢ ᠬᠥᠭᠵᠢᠯᠲᠡ᠎ᠶᠢᠨ ᠠᠬᠢᠴᠠ᠎ᠳᠠᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠲᠤᠮᠤ ᠶᠠᠪᠤᠳᠠᠯ ᠪᠠᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠴᠢᠩ ᠰᠡᠳᠬᠢᠯ᠎ᠦᠨ ᠬᠦᠰᠡᠯ ᠨᠠᠢᠳᠠᠯᠭ᠎ᠠ ᠵᠢ ᠭᠦᠢᠴᠡᠳ ᠬᠠᠷᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠠᠬᠢᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠢᠲᠡᠭᠡᠯ ᠵᠣᠷᠢᠭ᠋᠎ᠢ ᠢᠯᠡᠷᠡᠭᠦᠯᠪᠡ᠃ ᠪᠢᠳᠡ ᠬᠦᠨᠳᠦ ᠨᠠᠶ᠋ᠢᠳᠠᠯᠭ᠎ᠠ᠎ᠶᠢ ᠪᠠᠲᠤ ᠴᠡᠭᠡᠵᠢᠯᠡᠨ᠂ ᠠᠴᠢ ᠡᠨᠡᠷᠢᠯ᠎ᠳᠦ ᠲᠠᠯᠠᠷᠬᠠᠨ ᠡᠷᠡᠮᠡᠭᠡᠢᠯᠡᠨ ᠤᠷᠤᠭᠰᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠭᠠᠳᠠᠭᠠᠳᠤ ᠨᠡᠭᠡᠭᠡᠯᠲᠡ᠎ᠶᠢᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠳᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ᠎ᠪᠡᠷ ᠭᠣᠣᠯ ᠰᠢᠵᠢᠮ ᠪᠣᠯᠭᠠᠵᠤ᠂ ᠪᠦᠬᠦ ᠣᠷᠣᠨ᠎ᠤ ᠬᠦᠴᠦᠨ᠎ᠢ ᠨᠢᠭ᠍ᠲᠠᠷᠠᠭᠤᠯᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠤᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠲᠦᠷᠭᠡᠳᠬᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠳᠤ ᠭᠦᠨᠵᠡᠭᠡᠢ ᠠᠭᠤᠰᠤᠯᠴᠠᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠰᠢᠨ᠎ᠡ ᠴᠠᠭ ᠦᠶ᠎ᠡ᠎ᠶᠢᠨ ᠥᠭᠡᠷᠡᠴᠢᠯᠡᠯᠲᠡ ᠨᠡᠭᠡᠭᠡᠯᠲᠡ᠎ᠶᠢᠨ ᠰᠢᠨ᠎ᠡ ᠥᠨᠳᠥᠷᠯᠢᠭ ᠪᠣᠯᠭᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢᠵᠤ᠂ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ ᠪᠠ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠦ ᠨᠠᠩ ᠣᠯᠠᠨ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ᠎ᠪᠡᠷ᠎ᠢᠶᠡᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠸᠠᠩ ᠸᠧᠢ ᠵᠥᠩ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠡᠴᠡ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠳ᠋ᠦ ᠣᠯᠭᠣᠭᠰᠠᠨ 《ᠳᠣᠲᠣᠭᠠᠳᠤ ᠭᠠᠳᠠᠭᠠᠳᠤ᠎ᠶᠢ ᠨᠡᠪᠳᠡᠷᠡᠯᠴᠡᠭᠦᠯᠦᠭᠰᠡᠨ᠂ ᠬᠦᠷᠰᠢ ᠵᠡᠷᠭᠡᠯᠡᠳᠡᠭᠡ ᠵᠢ ᠨᠥᠯᠥᠭᠡᠯᠡᠭᠰᠡᠨ ᠮᠡᠳᠡᠭᠡ ᠵᠠᠩᠭᠢ᠎ᠶᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠡᠳ᠋ ᠪᠠᠷᠠᠭᠠᠨ᠎ᠤ ᠭᠦᠢᠯᠭᠡᠭᠡ ᠵᠢᠨ  ᠲᠥᠪ᠂ ᠡᠯᠸᠮᠸᠨ᠋ᠲ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠲᠥᠪ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ᠎ᠢ ᠬᠦᠴᠦᠯᠡᠨ ᠪᠠᠢᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠢ᠎ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠥᠨᠳᠥᠷᠯᠢᠭ  ᠪᠠ ᠪᠦᠬᠦ ᠤᠯᠤᠰ᠎ᠤᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠵᠦ ᠪᠠᠳᠤᠯᠠᠭ᠎ᠠ ᠬᠠᠨᠭᠭᠠᠬᠤ ᠵᠢᠱ᠌ᠢᠶ᠎ᠡ ᠦᠵᠡᠭᠦᠯᠬᠦ ᠣᠷᠣᠨ ᠪᠦᠰᠡ᠎ᠶᠢ ᠪᠦᠲᠦᠭᠡᠨ ᠪᠠᠢᠭᠤᠯᠵᠤ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠂ ᠬᠦᠷᠰᠢ ᠵᠡᠷᠭᠡᠯᠡᠳᠡᠭᠡ ᠯᠤᠭᠡ ᠡᠪᠯᠡᠵᠦ ᠲᠦᠰᠦᠪᠯᠡᠬᠦ᠂ ᠪᠦᠬᠦ ᠤᠯᠤᠰ᠎ᠲᠤ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠬᠤ ᠴᠡᠭ᠎ᠢ ᠪᠠᠢᠭᠤᠯᠬᠤ》 ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ  ᠶᠣᠰᠣᠭᠠᠷ᠂ ᠡᠯ᠎ᠡ ᠵᠦᠢᠯ᠎ᠦᠨ ᠲᠤᠷᠰᠢᠯᠲᠠ᠎ᠶᠢᠨ ᠡᠭᠦᠷᠭᠡ ᠪᠠ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠤᠷᠪᠠ᠎ᠡᠴᠡ ᠲᠠᠪᠤᠨ ᠵᠢᠯ᠎ᠦᠨ ᠥᠭᠡᠷᠡᠴᠢᠯᠡᠯᠲᠡ ᠰᠦᠪᠡᠭᠴᠢᠯᠡᠯᠲᠡ᠎ᠪᠡᠷ ᠳᠠᠮᠵᠢᠨ ᠪᠡᠯᠡ ᠣᠷᠣᠭᠤᠯᠤᠯᠲᠠ ᠠᠷᠠᠯᠵᠢᠶ᠎ᠠ ᠲᠦᠬᠦᠮ ᠳᠥᠲᠡ᠂ ᠰᠢᠨ᠎ᠡ᠎ᠶᠢ ᠡᠭᠦᠳᠬᠦ ᠠᠮᠢ ᠠᠬᠤᠢ ᠰᠢᠯᠢᠳᠡᠭ ᠰᠠᠢᠨ᠂ ᠳᠠᠪᠠᠭᠤᠯᠢᠭᠳᠦ ᠠᠵᠤ ᠦᠢᠯᠡᠰ ᠲᠥᠪᠯᠡᠷᠡᠭᠰᠡᠨ᠂ ᠤᠯᠠᠨ ᠤᠯᠤᠰ᠎ᠤᠨ ᠶᠠᠪᠤᠯᠴᠠᠭ᠎ᠠ ᠬᠥᠭᠵᠢᠶᠡᠨ᠎ᠲᠠᠢ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ᠎ᠤ ᠬᠦᠷᠢᠶᠡᠯᠡᠩ ᠲᠣᠭᠣᠷᠢᠭ᠋᠎ᠢ ᠴᠢᠷᠮᠠᠢᠨ ᠪᠦᠲᠦᠭᠡᠨ ᠪᠠᠢᠭᠤᠯᠬᠤ ᠬᠡᠷᠡᠭᠳᠡᠢ᠃ ᠲᠦᠷᠢᠮ᠎ᠦᠨ ᠱᠢᠨ᠎ᠡ ᠵᠢ ᠡᠭᠦᠳᠬᠦ ᠭᠡᠬᠦ᠌ ᠡᠨᠡ ᠬᠦ᠌ ᠭᠣᠣᠯ ᠡᠭᠦᠷᠭᠡ᠎ᠶ᠋ᠢ ᠪᠠᠳᠤ ᠡᠵᠡᠮᠳᠡᠵᠦ᠂ ᠵᠣᠷᠢᠭ᠍ᠲᠠᠢ᠎ᠪᠠᠷ ᠥᠭᠡᠷᠡᠴᠢᠯᠡᠯᠲᠡ ᠬᠢᠵᠦ᠍᠂ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠳᠤ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ᠂ ᠬᠤᠷᠠᠮᠠᠯ ᠮᠠᠶᠢᠭ᠎ᠤᠨ᠂ ᠵᠦᠷᠢᠶᠡᠴᠢᠯᠡᠭ᠌ᠰᠡᠨ ᠰᠦᠪᠡᠭ᠌ᠴᠢᠯᠡᠯᠳᠡ᠎ᠶ᠋ᠢ ᠥᠷᠨᠢᠭᠦᠯᠵᠦ᠍᠂ ᠨᠢᠭᠡ ᠪᠦᠯᠦᠭ ᠬᠠᠭᠤᠯᠪᠤᠷᠢᠯᠠᠵᠤ ᠳᠡᠯᠭᠡᠷᠡᠭᠦᠯᠵᠦ᠍ ᠪᠣᠯᠬᠤ ᠲᠦᠷᠢᠮ᠎ᠦᠨ ᠱᠢᠨ᠎ᠡ ᠵᠢ ᠡᠭᠦᠳᠦᠭᠰᠡᠨ ᠦᠷ᠎ᠡ ᠪᠦᠲᠦᠭᠡᠯ ᠭᠠᠷᠭᠠᠬᠤ ᠵᠢ ᠴᠢᠷᠮᠠᠢᠨ ᠠᠬᠢᠭᠤᠯᠬᠤ ᠬᠡᠷᠡᠭ᠌ᠲᠡᠢ᠃ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠲᠦᠷᠢᠮ᠎ᠲᠡᠶ ᠢᠳᠡᠪᠬᠢᠲᠡᠢ ᠵᠣᠯᠭᠠᠭᠤᠯᠵᠤ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ᠎ᠶ᠋ᠢᠨ ᠵᠠᠬ᠎ᠠ ᠳᠡᠯᠭᠡᠭᠦᠷ᠎ᠲᠦ ᠣᠷᠣᠬᠤ ᠵᠥᠪᠱᠢᠶᠡᠷᠡᠯ᠎ᠢ ᠥᠷᠭᠡᠳᠭᠡᠵᠦ᠍᠂ ᠭᠠᠳᠠᠭᠠᠳᠤ ᠳ᠋ᠡᠬᠢ ᠪᠡᠯᠡ ᠣᠷᠣᠭᠤᠯᠤᠯᠲᠠ᠎ᠶ᠋ᠢᠨ ᠬᠠᠮᠢᠶᠠᠷᠤᠯᠲᠠ ᠪᠠ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠵᠤ᠂ ᠨᠡᠩ ᠶᠡᠬᠡ ᠡᠷᠴᠢᠮ᠎ᠢᠶᠡᠷ ᠭᠠᠳᠠᠭᠠᠳᠤ ᠪᠡᠯᠡ᠎ᠶ᠋ᠢ ᠲᠠᠲᠠᠬᠤ ᠪᠠ ᠠᠱᠢᠭ᠍ᠯᠠᠬᠤ ᠬᠡᠷᠡᠭ᠌ᠲᠡᠢ᠃ ᠪᠡᠯᠡ ᠣᠷᠣᠭᠤᠯᠵᠤ ᠪᠡᠯᠡ ᠬᠤᠷᠠᠮᠳᠤᠭᠤᠯᠬᠤ᠂ ᠳ᠋ᠦᠩᠨᠡᠨ ᠪᠤᠳᠤᠬᠤ᠂ ᠠᠷᠠᠯᠵᠢᠶ᠎ᠠ ᠵᠡᠷᠭᠡ ᠬᠦᠷᠢᠶᠡᠨ᠎ᠦ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠲᠡᠷᠢᠭᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠶᠡᠬᠡ᠎ᠪᠡᠷ ᠪᠤᠢ ᠪᠣᠯᠭᠠᠵᠤ᠂ ᠤᠶᠠᠨ ᠬᠠᠳᠠᠨ ᠴᠢᠨᠠᠷᠲᠠᠢ᠎ᠪᠠᠷ ᠴᠢᠳᠠᠪᠤᠷᠢᠲᠠᠨ᠎ᠢ ᠲᠠᠲᠠᠬᠤ᠂ ᠴᠢᠳᠠᠪᠤᠷᠢᠲᠠᠨ᠎ᠢᠶᠠᠷ ᠴᠢᠳᠠᠪᠤᠷᠢᠲᠠᠨ᠎ᠢ ᠲᠠᠲᠠᠬᠤ ᠵᠡᠷᠭᠡ ᠲᠦᠷᠦ᠍᠎ᠶ᠋ᠢᠨ ᠪᠤᠳᠤᠯᠭ᠎ᠠ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠯ᠎ᠡ ᠲᠦᠷᠦᠯ᠎ᠦᠨ ᠡᠯᠧᠮᠧᠨ᠋ᠲ᠎ᠦᠨ ᠴᠢᠯᠥᠭᠡᠲᠡᠢ ᠱᠢᠯᠵᠢᠬᠦ᠌᠂ ᠠᠭᠤᠰᠤᠯᠴᠠᠨ ᠨᠡᠪᠲᠡᠷᠡᠯᠴᠡᠬᠦ᠌᠎ᠶ᠋ᠢ ᠠᠬᠢᠭᠤᠯᠬᠤ ᠬᠡᠷᠡᠭ᠌ᠲᠡᠢ᠃ ᠮᠠᠯ ᠠᠵᠤ ᠠᠬᠤᠶ ᠲᠠᠷᠢᠶᠠᠯᠠᠩ᠂ ᠡᠨᠧᠷᠭᠢ ᠵᠡᠷᠭᠡ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰ ᠪᠣᠯᠤᠨ ᠪᠣᠳᠣᠯᠳᠠ ᠵᠢᠨ ᠬᠦᠴᠦᠨ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠬᠡᠯᠬᠢᠶ᠎ᠡ᠎ᠳᠦ ᠭᠦᠨᠵᠡᠭᠡᠶ ᠠᠭᠤᠰᠤᠯᠴᠠᠬᠤ᠎ᠶ᠋ᠢ ᠳᠡᠮᠵᠢᠵᠦ᠍᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠤ ᠲᠡᠷᠢᠭᠦᠨ᠎ᠦ ᠠᠵᠤ ᠦᠶ᠋ᠯᠡᠰ᠎ᠦᠨ ᠱᠢᠯᠵᠢᠯᠲᠡ᠎ᠶ᠋ᠢ ᠢᠳᠡᠪᠬᠢᠲᠡᠶ ᠵᠣᠯᠭᠠᠭᠤᠯᠵᠤ᠂ ᠨᠡᠭᠡᠭᠡᠯᠲᠡᠲᠦ ᠮᠠᠶᠢᠭ᠎ᠤᠨ ᠤᠨᠴᠠᠯᠢᠬ᠍ᠳᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠶ᠃ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠴᠢᠬᠤᠯᠠ ᠶᠡᠬᠡ ᠵᠦᠢᠯᠡᠰ᠎ᠢ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠢ᠎ᠪᠡᠷ ᠭᠦᠢᠴᠡᠳᠬᠡᠬᠦ᠌》 ᠵᠡᠷᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂ ᠵᠠᠰᠠᠭ ᠵᠠᠬᠢᠷᠭ᠎ᠠ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠦᠳᠦᠭᠡᠨ ᠪᠠᠢᠭᠤᠯᠬᠤ ᠪᠣᠯ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠂ ᠪᠦᠬᠦ᠌ ᠣᠷᠣᠨ᠎ᠤ ᠡᠯ᠎ᠡ ᠱᠠᠲᠤᠨ᠎ᠤ ᠬᠢᠨ 《ᠨᠢᠭᠡ ᠬᠥᠯᠭᠡ ᠱᠢᠳᠠᠷ᠎ᠠ》 ᠵᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠪᠣᠭᠣᠮᠲᠠ ᠱᠢᠪᠲᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠡᠯ᠎ᠡ ᠵᠦᠢᠯ᠎ᠦᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠡᠯ᠎ᠡ ᠬᠡᠰᠡᠭ᠎ᠨᠢ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠲᠣᠰ ᠲᠣᠰ᠎ᠤᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠨ᠂ ᠬᠠᠮᠢᠶ᠎ᠠ ᠪᠥᠬᠥᠶ ᠲᠤᠷᠱᠢᠯᠲᠠ᠎ᠶ᠋ᠢᠨ ᠴᠡᠭ᠎ᠦᠨ ᠡᠭᠦᠷᠭᠡ ᠪᠣᠯᠤᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠱᠠᠯᠠᠪᠳᠠᠨ ᠡᠬᠢᠯᠡᠭᠦᠯᠵᠦ᠍᠂ ᠲᠦᠷᠭᠡᠳᠭᠡᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠣᠯᠵᠤ᠂ ᠢᠯᠡᠭᠦᠬᠡᠨ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦ᠍᠎ᠪᠡᠷ᠎ᠢᠶᠡᠨ ᠳᠡᠮᠵᠢᠬᠦ᠌ ᠪᠠ ᠦᠢᠯᠡᠴᠢᠯᠡᠵᠦ᠍᠂ ᠰᠠᠨᠠᠭᠠᠴᠢᠯᠠᠭ᠎ᠠ᠎ᠡᠴᠡ᠎ᠪᠠᠨ ᠡᠭᠦᠨ᠎ᠤ ᠳᠤᠮᠳᠠ᠎ᠡᠴᠡ ᠠᠵᠠ ᠲᠣᠬᠢᠶᠠᠯ ᠡᠷᠢᠵᠦ᠂ ᠬᠠᠮᠲᠤᠷᠠᠯᠴᠠᠭ᠎ᠠ ᠬᠢᠵᠦ᠍᠂ ᠭᠠᠳᠠᠭᠠᠳᠤ ᠨᠡᠭᠡᠭᠡᠯᠳᠠ᠎ᠶ᠋ᠢᠨ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠣᠯᠪᠣᠭ᠍ᠳᠠᠯ ᠪᠦᠬᠦᠢ ᠪᠢᠴᠢᠭ ᠮᠠᠲᠧᠷᠢᠶᠠᠯ᠎ᠢ ᠤᠩᠱᠢᠨ ᠨᠡᠢᠲᠡᠯᠡᠵᠦ᠍᠂ ᠬᠤᠷᠠᠯ᠎ᠳᠤ ᠣᠷᠣᠯᠴᠠᠭ᠍ᠰᠠᠳ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠤᠬᠠᠭᠤᠯᠭ᠎ᠠ᠎ᠶ᠋ᠢᠨ ᠹᠢᠯᠢᠮ᠎ᠢ ᠰᠣᠨᠢᠷᠬᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号