ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ ᠬᠣᠯᠪᠣᠭ᠍ᠳᠠᠯ ᠪᠦᠬᠦᠢ ᠠᠵᠢᠯ᠎ᠢ ᠰᠤᠳᠤᠯᠪᠠ
2026-04-12 11:08:39
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠵᠦ    ᠪᠤᠤ ᠭᠠᠩ  ᠱᠢ ᠭᠤᠸᠠᠩ ᠬᠤᠢ ᠤᠷᠤᠯᠴᠠᠵᠠᠢ


4 ᠰᠠᠷ᠎ᠠ᠎ᠶ᠋ᠢᠨ 11 ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠤᠳᠤᠷᠢᠳᠭᠤ ᠳᠤᠭᠤᠢᠯᠠᠩ ᠠᠩᠬᠠᠳᠤᠭᠠᠷ ᠤᠳᠠᠭ᠎ᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠭᠠᠳᠠᠭᠠᠳᠤ ᠨᠡᠭᠡᠭᠡᠯᠳᠠ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠵᠤ᠂ ᠬᠣᠯᠪᠣᠭ᠍ᠳᠠᠯ ᠪᠦᠬᠦᠢ ᠪᠢᠴᠢᠭ ᠮᠠᠲ᠋ᠧᠷᠢᠶᠠᠯ᠎ᠢ ᠶᠠᠷᠢᠯᠴᠠᠨ ᠬᠢᠨᠠᠨ ᠵᠥᠪᠯᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠸᠠᠩ ᠸᠧᠢ ᠵᠦᠩ ᠬᠤᠷᠠᠯ᠎ᠢ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠪᠦᠦ ᠭᠠᠩ ᠣᠷᠣᠯᠴᠠᠵᠠᠢ᠃

ᠬᠤᠷᠠᠯ᠎ᠡᠴᠡ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯ ᠤᠯᠤᠰ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠰ ᠳᠡᠪᠰᠢᠭᠦᠯᠬᠦ  ᠪᠠᠢᠯᠳᠤᠬᠤ ᠪᠣᠳᠣᠯᠭ᠎ᠠ᠎ᠶ᠋ᠢ ᠬᠡᠷᠡᠭᠵᠢᠭᠦᠯᠦᠭᠰᠡᠨ᠎ᠦ ᠳᠠᠷᠠᠭ᠎ᠠ ᠴᠣᠬᠣᠯᠠᠪᠤᠷᠢᠯᠠᠭ᠍ᠰᠠᠨ ᠠᠩᠬᠠᠳᠠᠭ᠍ᠴᠢ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯᠤᠨ᠎ᠠ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠭᠡᠷᠡᠯᠲᠡᠶ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠭᠠᠳᠠᠭᠠᠳᠤ ᠨᠡᠭᠡᠭᠡᠯᠳᠠ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠭᠣᠣᠯ ᠡᠭᠦᠷᠭᠡ᠎ᠶ᠋ᠢ ᠵᠦᠪ ᠣᠨᠣᠪᠴᠢᠲᠠᠢ ᠡᠵᠡᠮᠳᠡᠵᠦ᠍᠂ ᠴᠢᠩᠭ᠎ᠠ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠤᠳᠤᠯ᠎ᠢᠶᠡᠷ ᠡᠯ᠎ᠡ ᠵᠦᠢᠯ᠎ᠦᠨ ᠠᠵᠢᠯ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠡᠨᠡ ᠬᠦ᠌ 《ᠲᠤᠷᠱᠢᠯᠲᠠ᠎ᠶ᠋ᠢᠨ ᠲᠠᠷᠢᠶ᠎ᠠ》 ᠳᠡᠭᠡᠷ᠎ᠡ ᠨᠡᠩ ᠤᠯᠠᠨ ᠲᠦᠷᠢᠮ᠎ᠦᠨ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ᠎ᠢ ᠰᠦᠪᠡᠭ᠌ᠴᠢᠯᠡᠨ ᠭᠠᠷᠭᠠᠬᠤ ᠪᠡᠷ ᠴᠢᠷᠮᠠᠢᠵᠤ᠂ ᠤᠯᠤᠰ᠎ᠤᠨ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠨᠡᠭᠡᠭᠡᠯᠳᠠ᠎ᠶ᠋ᠢᠨ ᠶᠡᠬᠡ ᠲᠠᠯ᠎ᠠ᠎ᠳᠤ ᠥᠪᠥᠷ ᠮᠣᠩᠭᠣᠯ᠎ᠤᠨ ᠬᠤᠪᠢ ᠨᠡᠮᠡᠷᠢ ᠵᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠡᠴᠡ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠬᠠᠷᠠᠯᠲᠠ ᠡᠭᠦᠷᠭᠡ ᠮᠠᠰᠢ ᠲᠣᠳᠣᠷᠬᠠᠢ ᠪᠠᠢᠨ᠎ᠠ᠂ ᠡᠯ᠎ᠡ ᠱᠠᠳᠤ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠠᠵᠢᠯ᠎ᠤᠨ ᠭᠣᠣᠯᠳᠠᠯᠭ᠎ᠠ᠎ᠪᠠᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠳᠡᠭᠡᠷ᠎ᠡ ᠲᠠᠯᠪᠢᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃ ᠨᠢᠭᠡ᠎ᠳᠦ᠂ ᠲᠡᠷᠡ ᠶᠣᠰᠣᠭᠠᠷ ᠨᠢ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠶᠣᠰᠣᠭᠠᠷ ᠡᠯ᠎ᠡ ᠵᠦᠶ᠋ᠯ᠎ᠦᠨ ᠠᠵᠢᠯ᠎ᠢ ᠡᠷᠡᠰ ᠤᠬᠠᠭᠠᠯᠠᠨ ᠲᠦᠯᠦᠪᠯᠡᠵᠦ ᠠᠬᠢᠭᠤᠯᠤᠨ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠴᠢᠭ᠌ᠯᠡᠯ᠂ ᠠᠷᠭ᠎ᠠ ᠵᠠᠮ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ᠎ᠶ᠋ᠢ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ᠎ᠶ᠋ᠢᠨ ᠵᠣᠷᠢᠯᠲᠠ᠎ᠳᠤ ᠨᠡᠢᠴᠡᠭᠦᠯᠬᠦ᠌ ᠵᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠣᠶᠠᠷ᠎ᠲᠤ᠂ ᠬᠤᠷᠳᠤᠨ ᠮᠤᠷᠢᠨ᠎ᠳᠤ ᠲᠠᠱᠢᠭᠤᠷ ᠨᠡᠮᠡᠵᠦ ᠨᠠᠢᠳᠠᠪᠤᠷᠢᠵᠢᠭᠤᠯᠤᠯᠲᠠ᠎ᠶ᠋ᠢ ᠠᠳᠭᠤᠨ᠂ ᠶᠡᠷᠦᠩᠬᠡᠢ ᠲᠥᠰᠦᠯ ᠪᠣᠯᠤᠨ ᠣᠨ᠎ᠤ ᠡᠭᠦᠷᠭᠡ᠎ᠶ᠋ᠢᠨ ᠨᠠᠷᠢᠨ ᠲᠠᠩᠰᠠ᠎ᠲᠠᠶ ᠨᠠᠷᠢᠨ ᠬᠢᠨᠠᠮᠠᠭᠠᠢ ᠬᠠᠷᠭᠤᠭᠤᠯᠵᠤ᠂ ᠬᠠᠷᠠᠯᠲᠠ᠎ᠪᠠᠨ ᠪᠠᠲᠤ ᠡᠵᠡᠮᠳᠡᠵᠦ ᠡᠳᠦᠷ᠎ᠢᠶᠡᠷ ᠲᠥᠯᠥᠪᠯᠡᠵᠦ ᠪᠠᠢᠭᠠᠳ ᠤᠷᠤᠭ᠍ᠰᠢ ᠠᠬᠢᠭᠤᠯᠤᠨ᠂《ᠡᠬᠢᠯᠡᠮᠡᠭᠴᠡ ᠱᠢᠪᠲᠤᠯᠤᠯᠲᠠ᠎ᠬᠢᠬᠦ》 ᠣᠪᠣᠷ᠎ᠢᠶᠠᠷ ᠱᠠᠯᠠᠪᠳᠠᠨ ᠠᠳᠬᠤᠵᠤ ᠲᠦᠷᠭᠡᠨ ᠠᠵᠢᠯᠯᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠳᠤ ᠡᠷᠲᠡᠬᠡᠨ ᠦᠷ᠎ᠡ ᠪᠦᠲᠦᠭᠡᠯ ᠣᠯᠵᠤ᠂ ᠪᠤᠲᠠᠲᠠᠢ ᠦᠷ᠎ᠡ ᠪᠦᠲᠦᠮᠵᠢ ᠢᠯᠡᠭᠦᠬᠡᠨ ᠤᠯᠬᠤ᠎ᠪᠠᠷ ᠴᠢᠷᠮᠠᠢᠬᠤ ᠬᠡᠷᠡᠭ᠌ᠲᠡᠢ᠃ ᠭᠤᠷᠪᠠ᠎ᠳᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ 《ᠱᠢᠪᠲᠤᠯᠬᠤ》 ᠵᠣᠷᠢᠭ ᠰᠠᠨᠠᠭ᠎ᠠ᠂ 《ᠡᠭᠦᠳᠬᠦ᠌》 ᠡᠷᠴᠢ ᠵᠣᠷᠢᠭ᠂ 《ᠠᠵᠢᠯᠯᠠᠬᠤ》 ᠤᠪᠤᠷ ᠰᠤᠷᠲᠠᠯ᠎ᠢ ᠡᠭᠦᠷᠢᠳᠡ ᠪᠠᠲᠤᠯᠠᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠵᠤ᠂ ᠨᠡᠩ ᠤᠯᠠᠨ ᠠᠩᠬ᠎ᠠ ᠡᠭᠦᠳᠦᠯᠲᠡ ᠵᠢᠨ ᠮᠠᠶᠢᠭ᠎ᠤᠨ ᠦᠷ᠎ᠡ ᠪᠦᠲᠦᠭᠡᠯ᠎ᠢ ᠢᠳᠡᠪᠬᠢᠲᠡᠢ ᠰᠦᠪᠡᠭ᠌ᠴᠢᠯᠡᠨ ᠭᠠᠷᠭᠠᠬᠤ ᠬᠡᠷᠡᠭ᠌ᠲᠡᠢ᠃ ᠳᠥᠷᠪᠡ᠎ᠳᠦ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠤ᠋ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠲᠦᠷᠦᠭᠦᠯᠡᠨ ᠰᠤᠷᠤᠯᠴᠠᠯᠭ᠎ᠠ ᠵᠢ ᠶᠡᠬᠡ᠎ᠪᠡᠷ ᠡᠷᠬᠢᠮᠯᠡᠵᠦ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠣᠨᠣᠯ ᠲᠥᠷᠥ᠎ᠶ᠋ᠢᠨ ᠪᠣᠳᠣᠯᠭ᠎ᠠ ᠪᠣᠯᠤᠨ ᠲᠦᠷᠢᠮ ᠬᠠᠤᠯᠢ ᠲᠣᠭ᠍ᠲᠠᠭᠠᠯ᠎ᠢ ᠭᠦᠨᠵᠡᠭᠡᠶ ᠰᠤᠳᠤᠯᠵᠤ᠂ ᠴᠢᠷᠮᠠᠢᠨ ᠡᠵᠡᠮᠱᠢᠵᠦ᠍᠂ ᠲᠦᠷᠦᠭᠦᠯᠡᠨ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠪᠡᠶ᠎ᠡ ᠪᠡᠷ᠎ᠢᠶᠡᠨ ᠬᠢᠵᠦ ᠪᠠᠢᠭᠠᠳ ᠭᠤᠤᠯᠳᠠᠯᠭ᠎ᠠ᠎ᠲᠠᠶ ᠬᠦᠴᠢᠷᠳᠡᠯ ᠲᠠᠢ ᠠᠰᠠᠭᠤᠳᠠᠯ᠎ᠢ ᠱᠢᠶ᠋ᠳᠪᠦᠷᠢᠯᠡᠵᠦ᠍᠂ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号