ᠲᠦᠷᠪᠠᠨ ᠵᠠᠩᠬᠢᠯᠠᠭ᠎ᠠ ᠵᠢᠨ ᠦᠬᠡ ᠪᠡᠷ ᠲᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠢ᠋ ᠤᠢᠯᠠᠭᠠᠬᠤᠢ
2026-04-12 11:19:03
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

4 ᠰᠠᠷ᠎ᠡ ᠢ᠋ᠢᠨ 11 ᠤ᠋ ᠦᠳᠡ ᠢ᠋ᠢᠨ ᠬᠤᠢᠨ᠎ᠡ᠂ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠬᠡᠨ ᠤ᠋ ᠠᠯᠪᠠᠨ ᠬᠡᠷ ᠲᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠤ᠋ ᠲᠤᠬᠠᠢ ᠰᠤᠨᠢᠨ ᠮᠡᠳᠡᠬᠡ ᠨᠡᠢᠳᠡᠯᠡᠬᠦ ᠬᠤᠷᠡᠯ ᠬᠢᠵᠤ᠂ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠦᠬᠦᠯᠡᠭᠴᠢ ᠡᠴᠡ ᠲᠦᠷᠪᠡᠨ ᠵᠠᠩᠬᠢᠯᠠᠭ᠎ᠠ ᠵᠢᠨ ᠦᠬᠡ ᠵᠢᠨ ᠲᠤᠭᠤᠷᠢᠨ ᠳ᠋ᠤ ᠲᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠤ᠋ ᠬᠥᠭ᠌ᠵᠢᠯᠲᠡ ᠵᠢᠨ ᠪᠠᠢᠷᠢ ᠲᠣᠭ᠍ᠲᠠᠭᠠᠯᠲᠠ᠂ ᠲᠡᠮᠡᠴᠡᠬᠦ ᠬᠠᠷᠡᠯᠳᠡ᠂ ᠦᠬᠡᠷᠡᠴᠢᠯᠡᠯᠳᠡ ᠢ᠋ᠢᠨ ᠡᠬᠦᠷᠬᠡ ᠪᠤᠯᠤᠨ ᠭᠤᠤᠯᠳᠠᠯᠭ᠎ᠠ ᠲᠠᠶ ᠠᠷᠭ᠎ᠠ ᠬᠡᠮᠵᠢᠶ᠎ᠡ ᠵᠡᠷᠭᠡ ᠶ᠋ᠢ ᠲᠠᠨᠢᠯᠴᠠᠭᠤᠯᠪᠠ᠃

ᠨᠢᠬᠡᠳᠤᠬᠡᠷ ᠵᠠᠩᠬᠢᠯᠠᠭ᠎ᠠ ᠵᠢᠨ ᠦᠬᠡ᠄ 《8 ᠲᠠᠯ᠎ᠠ》 ᠵᠢᠨ ᠬᠦᠭᠵᠢᠯᠳᠡ ᠵᠢᠨ ᠪᠠᠢᠷᠢ ᠲᠤᠭᠳᠠᠭᠠᠯᠳᠠ᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠨᠢ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠤᠷᠢᠶ᠎ᠡ ᠡᠴᠡ ᠥᠪᠥᠷ ᠮᠣᠩᠭᠣᠯ ᠳ᠋ᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠭᠦᠨᠵᠡᠭᠡᠶ ᠤᠷᠤᠯᠴᠠᠨ᠂ ᠳᠦᠷᠢᠮ ᠤ᠋ᠨ ᠱᠢᠨ᠎ᠡ ᠡᠭᠦᠳᠦᠯᠲᠡ ᠪᠡᠷ ᠭᠣᠣᠯ ᠪᠤᠯᠭᠠᠵᠤ᠂ 《5 ᠲᠥᠪ᠂ 1 ᠪᠠᠢᠯᠳᠤᠬᠤ ᠪᠣᠳᠣᠯᠭ᠎ᠠ ᠵᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠣᠷᠣᠨ ᠪᠦᠰᠡ᠂ 1 ᠪᠠᠢᠯᠳᠤᠬᠤ ᠪᠤᠳᠤᠯᠭ᠎ᠠ ᠵᠢᠨ ᠲᠤᠯᠭᠠᠭᠤᠷᠢᠯᠠᠬᠤ ᠴᠡᠭ》 ᠵᠡᠷᠬᠡ 8 ᠲᠠᠯ᠎ᠠ ᠵᠢᠨ ᠬᠥᠭ᠌ᠵᠢᠯᠲᠡ ᠵᠢᠨ ᠪᠠᠢᠷᠢ ᠲᠣᠭ᠍ᠲᠠᠭᠠᠯᠲᠠ ᠢ᠋ᠢ ᠲᠤᠭᠳᠠᠭᠠᠪᠠ᠃ ᠲᠠᠷᠤᠢ ᠳᠣᠲᠣᠭᠠᠳᠤ ᠭᠠᠳᠠᠭᠠᠳᠤ ᠶ᠋ᠢ ᠨᠡᠪᠳᠡᠷᠡᠯᠴᠡᠬᠦᠯᠦᠭᠰᠡᠨ᠂ ᠬᠦᠷᠰᠢ ᠵᠡᠷᠭᠡᠯᠡᠳᠡᠭᠡ ᠵᠢ ᠨᠦᠯᠦᠬᠡᠯᠡᠭᠰᠡᠨ ᠮᠡᠳᠡᠭᠡ ᠵᠠᠩᠭᠢ ᠵᠢᠨ ᠰᠣᠯᠢᠯᠴᠠᠭᠠᠨ ᠤ᠋ ᠲᠥᠪ᠂ ᠵᠠᠮ ᠬᠠᠷᠢᠯᠴᠠᠭ᠎ᠠ ᠡᠳ᠋ ᠪᠠᠷᠠᠭᠠᠨ ᠤ᠋ ᠭᠦᠶ᠋ᠯᠭᠡᠭᠡ ᠵᠢᠨ ᠲᠥᠪ᠂ ᠡᠯᠸᠮᠸᠨ᠋ᠲ ᠤ᠋ᠨ ᠡᠬᠢ ᠪᠠᠶᠠᠯᠢᠭ᠎ᠦᠨ ᠲᠤᠬᠢᠷᠠᠭᠤᠯᠤᠯᠲᠠ ᠵᠢᠨ ᠲᠥᠪ᠂ ᠭᠤᠤᠯᠳᠠᠯᠭ᠎ᠠ ᠲᠠᠶ ᠬᠦᠷᠢᠶᠡᠨ ᠎ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠪᠤᠯᠤᠨ ᠠᠵᠤ ᠦᠶ᠋ᠯᠡᠰ ᠤ᠋ᠨ ᠬᠠᠮᠲᠤᠷᠠᠯᠴᠠᠭᠠᠨ ᠤ᠋ ᠲᠥᠪ ᠢ᠋ ᠬᠦᠴᠦᠯᠡᠨ ᠪᠠᠢᠭᠤᠯᠵᠤ ᠂ ᠬᠢᠯᠢ ᠳᠠᠭᠠᠤ ᠳᠣᠲᠣᠭᠠᠳᠤ ᠬᠠᠭᠤᠷᠠᠶ ᠵᠢᠨ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ ᠵᠢᠨ ᠥᠨᠳᠥᠷᠯᠢᠭ ᠪᠤᠯᠤᠨ ᠪᠥᠬᠥ᠌ ᠤᠯᠤᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠦᠢᠯᠡᠴᠢᠯᠡᠵᠤ ᠪᠠᠳᠤᠯᠠᠭ᠎ᠠ ᠬᠠᠩᠭᠠᠬᠤ ᠵᠢᠱ᠌ᠢᠶ᠎ᠡ ᠦᠵᠡᠭᠦᠯᠬᠦ᠌ ᠣᠷᠣᠨ ᠪᠦᠰᠡ ᠶ᠋ᠢ ᠪᠦᠳᠦᠬᠡᠨ ᠪᠠᠢᠭᠤᠯᠵᠤ᠂ ᠬᠢᠯᠢ ᠬᠢᠵᠠᠭᠠᠷ ᠢ᠋ ᠲᠤᠭᠳᠠᠪᠤᠷᠢᠵᠢᠭᠤᠯᠵᠤ ᠬᠢᠯᠢ ᠬᠢᠵᠠᠭᠠᠷ ᠢ᠋ ᠪᠡᠬᠢᠵᠢᠬᠦᠯᠬᠦ᠂ ᠬᠦᠷᠰᠢ ᠵᠡᠷᠬᠡᠯᠡᠳᠡᠬᠡ ᠯᠤᠬᠡ ᠡᠪᠯᠡᠵᠤ ᠲᠦᠰᠦᠪᠯᠡᠬᠦ᠂ ᠪᠦᠬᠦ᠌ ᠤᠯᠤᠰ ᠲᠦ᠍ ᠦᠶ᠋ᠯᠡᠴᠢᠯᠡᠬᠦ᠌ ᠪᠠᠢᠯᠳᠤᠬᠤ ᠪᠣᠳᠣᠯᠭ᠎ᠠ ᠵᠢᠨ ᠲᠤᠯᠭᠠᠭᠤᠷᠢᠯᠠᠬᠤ ᠴᠡᠭ ᠢ᠋ ᠪᠠᠢᠭᠤᠯᠬᠤ ᠪᠤᠯᠤᠨ᠎ᠠ᠃

ᠬᠤᠶᠠᠳᠤᠭᠠᠷ ᠵᠠᠩᠬᠢᠯᠠᠭ᠎ᠠ ᠵᠢᠨ ᠦᠬᠡ᠄ 《3 ᠬᠡᠰᠡᠭ》᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠤ᠋ ᠶᠡᠷᠦᠨᠭᠬᠡᠢ ᠲᠠᠯᠠᠪᠠᠢ 119.74 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠬᠥᠬᠡᠬᠣᠲᠠ᠂ ᠮᠠᠨᠵᠤᠤᠷ᠂ ᠡᠷᠢᠶᠡᠨ ᠬᠣᠲᠠ ᠵᠡᠷᠭᠡ ᠲᠤᠰ ᠲᠤᠰ ᠤ᠋ᠨ ᠤᠨᠴᠠᠯᠢᠭ ᠪᠦᠬᠦᠢ 3 ᠴᠢᠳᠠᠮᠵᠢᠳᠤ ᠬᠡᠰᠡᠭ  ᠢ᠋ ᠬᠠᠮᠤᠷᠴᠠᠢ᠃

ᠭᠤᠷᠪᠠᠳᠤᠭᠠᠷ ᠵᠠᠩᠬᠢᠯᠠᠭ᠎ᠠ ᠵᠢᠨ ᠦᠬᠡ᠄ 《81 ᠵᠤᠢᠯ ᠤ᠋ᠨ ᠦᠬᠡᠷᠡᠴᠢᠯᠡᠯᠳᠡ ᠵᠢᠨ ᠡᠬᠦᠷᠬᠡ》᠃ ᠳᠣᠲᠣᠭᠠᠳᠤ ᠭᠠᠳᠠᠭᠠᠳᠤ ᠶ᠋ᠢ ᠬᠣᠯᠪᠣᠭ᠍ᠰᠠᠨ ᠴᠢᠬᠤᠯᠠ ᠠᠷᠠᠯᠵᠢᠶᠠᠨ ᠤ᠋ ᠵᠠᠩᠭᠢᠯᠠᠭ᠎ᠠ ᠵᠢᠨ ᠴᠡᠭ ᠢ᠋ ᠴᠣᠭ᠍ᠴᠠᠯᠠᠬᠤ᠂ ᠬᠣᠣᠰ ᠴᠢᠭ᠌ᠯᠡᠯ ᠤ᠋ᠨ ᠪᠡᠯᠡ ᠣᠷᠣᠭᠤᠯᠤᠯᠲᠠ ᠵᠢᠨ ᠬᠠᠮᠲᠤᠷᠠᠯᠴᠠᠭᠠᠨ ᠤ᠋ ᠶᠠᠰᠤ ᠴᠢᠨᠠᠷ ᠦᠷ᠎ᠡ ᠠᠱᠢᠭ ᠢ᠋ ᠳᠡᠭᠡᠭ᠌ᠰᠢᠯᠡᠭᠦᠯᠬᠦ᠂ ᠤᠮᠠᠷᠠᠰᠢ ᠨᠡᠬᠡᠬᠡᠯᠳᠡ ᠬᠢᠬᠦ᠌ ᠤᠯᠠᠨ ᠤᠯᠤᠰ ᠤ᠋ᠨ ᠶᠡᠬᠡ ᠨᠡᠪᠳᠡᠷᠡᠯ ᠵᠠᠮ ᠢ᠋ ᠰᠢᠯᠤᠭᠤᠳᠬᠠᠬᠤ᠂ ᠣᠨᠴᠠᠯᠢᠭ ᠲᠠᠢ ᠲᠠᠪᠠᠭᠤᠯᠢᠭ ᠲᠠᠢ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠪᠠᠢᠭᠤᠯᠬᠤ᠂ ᠲᠡᠷᠢᠭᠦᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠠᠮᠢ ᠠᠬᠤᠢ ᠶ᠋ᠢ ᠪᠤᠢ ᠪᠤᠯᠭᠠᠬᠤ᠂ ᠳᠣᠲᠣᠭᠠᠳᠤ ᠭᠠᠳᠠᠭᠠᠳᠤ ᠵᠢᠨ ᠪᠦᠬᠦ᠌ ᠲᠠᠯ᠎ᠠ ᠵᠢᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠬᠦ᠌᠂ ᠡᠯᠧᠮᠧᠨ᠋ᠲ ᠤ᠋ᠨ ᠠᠭᠤᠰᠤᠯᠴᠠᠨ ᠨᠡᠪᠲᠡᠷᠡᠯᠴᠡᠬᠦ᠌ ᠨᠡᠬᠡᠬᠡᠯᠳᠡᠳᠤ ᠲᠠᠪᠴᠠᠩ ᠢ᠋ ᠪᠠᠢᠭᠤᠯᠬᠤ ᠵᠡᠷᠭᠡ 7 ᠬᠦᠷᠢᠶ᠎ᠠ ᠴᠠᠷᠠᠭ᠎ᠠ ᠵᠢᠨ ᠲᠤᠭᠤᠷᠢᠨ ᠳ᠋ᠤ᠌ 81 ᠵᠦᠢᠯ ᠤ᠋ᠨ ᠥᠭᠡᠷᠡᠴᠢᠯᠡᠯᠲᠡ ᠵᠢᠨ ᠡᠭᠦᠷᠭᠡ ᠪᠠ ᠠᠷᠭ᠎ᠠ ᠬᠡᠮᠵᠢᠶ᠎ᠡ ᠶ᠋ᠢ ᠳᠤᠷᠠᠳᠴᠠᠢ᠃ ᠡᠭᠦᠨ ᠤ᠋ ᠬᠠᠮᠲᠤ᠂ ᠠᠬ᠎ᠠ ᠲᠡᠬᠦᠤ ᠮᠤᠵᠢ ᠬᠤᠳᠠ ᠵᠢᠨ ᠴᠢᠯᠦᠬᠡᠳᠤ ᠠᠷᠠᠯᠵᠢᠶᠡᠨ ᠤ᠋ ᠲᠤᠷᠰᠢᠯᠳᠠ ᠵᠢᠨ ᠤᠷᠤᠨ ᠤ᠋ ᠤᠯᠤᠭᠰᠠᠨ ᠲᠡᠷᠢᠭᠦᠨ ᠤ᠋ ᠲᠤᠷᠱᠢᠯᠭ᠎ᠠ ᠪᠠ ᠲᠦᠷᠢᠮ ᠤ᠋ᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ ᠢ᠋ ᠰᠤᠷᠤᠯᠴᠠᠨ ᠲᠣᠯᠢᠯᠠᠵᠤ᠂ ᠨᠢᠭᠡᠨᠲᠡ 280 ᠵᠦᠶ᠋ᠯ ᠢ᠋ ᠬᠠᠭᠤᠯᠪᠤᠷᠢᠯᠠᠨ ᠳᠡᠯᠭᠡᠷᠡᠭᠦᠯᠪᠡ᠃

ᠲᠦᠷᠪᠡᠳᠤᠬᠡᠷ ᠵᠠᠩᠬᠢᠯᠠᠭ᠎ᠠ ᠵᠢᠨ ᠦᠬᠡ᠄ 《ᠨᠠᠢᠳᠠᠪᠤᠷᠢᠵᠢᠭᠤᠯᠤᠯᠳᠠ ᠵᠢ ᠪᠦᠬᠦ ᠬᠦᠴᠦᠨ ᠵᠢᠡᠷ ᠵᠢᠡᠨ ᠠᠬᠢᠭᠤᠯᠬᠤ》᠃ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠵᠠᠰᠠᠭ ᠤ᠋ᠨ ᠭᠤᠤᠯ ᠤᠳᠤᠷᠢᠳᠤᠯᠭ᠎ᠠ ᠪᠡᠶ᠎ᠡ ᠪᠡᠷ ᠵᠢᠡᠨ ᠮᠠᠩᠯᠠᠢᠯᠠᠭ᠍ᠰᠠᠨ᠂ ᠬᠠᠮᠢᠶ᠎ᠠ ᠪᠥᠬᠥᠶ ᠬᠤᠪᠢᠳᠠᠨ ᠬᠠᠮᠢᠶᠠᠷᠴᠤ᠌ ᠪᠥᠬᠥᠶ ᠤᠳᠤᠷᠢᠳᠤᠯᠭ᠎ᠠ ᠲᠦᠷᠦᠭᠦᠯᠡᠨ ᠬᠠᠷᠢᠭᠤᠴᠠᠭ᠍ᠰᠠᠨ᠂ 3 ᠬᠡᠰᠡᠭ ᠲᠤᠭᠤᠷᠢᠭ ᠤ᠋ᠨ ᠨᠠᠮ ᠵᠠᠰᠠᠭ ᠤ᠋ᠨ ᠭᠤᠤᠯ ᠬᠠᠷᠢᠭᠤᠴᠠᠯᠭᠠᠲᠠᠨ ᠪᠣᠳᠠᠲᠠᠶ ᠬᠠᠷᠢᠭᠤᠴᠠᠭ᠍ᠰᠠᠨ᠂ ᠠᠢᠮᠠᠭ ᠬᠣᠲᠠ ᠪᠣᠯᠤᠨ ᠰᠠᠯᠠᠭ᠎ᠠ ᠮᠥᠴᠢᠷ ᠥᠨᠳᠥᠷ ᠪᠦᠲᠦᠮᠵᠢᠲᠡᠶ ᠬᠣᠯᠪᠣᠭᠠᠯᠠᠨ ᠬᠥᠳᠡᠯᠦᠯᠴᠡᠭ᠌ᠰᠡᠨ ᠵᠣᠬᠢᠶᠠᠨ ᠪᠠᠢᠭᠤᠯᠤᠯᠲᠠ ᠵᠢᠨ ᠪᠠᠢᠭᠤᠯᠤᠮᠵᠢ ᠶ᠋ᠢ ᠨᠢᠭᠡᠨᠲᠡ ᠪᠠᠢᠭᠤᠯᠪᠠ᠃ 3 — 5 ᠵᠢᠯ ᠤ᠋ᠨ ᠥᠭᠡᠷᠡᠴᠢᠯᠡᠯᠲᠡ ᠰᠥᠪᠡᠭ᠌ᠴᠢᠯᠡᠯᠲᠡ ᠪᠡᠷ ᠳᠡᠮᠵᠢᠨ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠢ᠋ ᠪᠠᠯᠠ ᠣᠷᠣᠭᠤᠯᠤᠯᠲᠠ  ᠠᠷᠠᠯᠵᠢᠶ᠎ᠠ  ᠲᠥᠬᠥᠮ ᠲᠦᠳᠡ᠂ ᠱᠢᠨ᠎ᠡ ᠶ᠋ᠢ ᠡᠭᠦᠳᠬᠦ᠌ ᠠᠮᠢ ᠠᠬᠤᠶ ᠰᠢᠯᠢᠳᠡᠭ ᠰᠠᠢᠨ᠂ ᠳᠠᠪᠠᠭᠤᠯᠢᠭᠳᠤ ᠠᠵᠤ ᠦᠶ᠋ᠯᠡᠰ ᠲᠥᠪᠯᠡᠷᠡᠭ᠌ᠰᠡᠨ᠂ ᠣᠯᠠᠨ ᠤᠯᠤᠰ ᠤ᠋ᠨ ᠶᠠᠪᠤᠯᠴᠠᠭ᠎ᠠ ᠬᠥᠭ᠌ᠵᠢᠶᠡᠨ ᠲᠡᠶ ᠥᠨᠳᠥᠷ ᠲᠦᠪᠱᠢᠨ ᠪᠥᠬᠥᠶ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠪᠣᠯᠭᠠᠨ ᠪᠦᠳᠦᠬᠡᠨ ᠪᠠᠢᠭᠤᠯᠬᠤ ᠪᠡᠷ ᠬᠦᠴᠦᠯᠡᠨ ᠴᠢᠷᠮᠠᠢᠵᠤ᠂ ᠡᠬᠦᠨ ᠤ᠋ ᠤᠯᠠᠮ ᠵᠢᠡᠷ ᠪᠦᠬᠦ ᠤᠷᠤᠨ ᠤ᠋ ᠦᠨᠳᠤᠷ ᠲᠦᠪᠰᠢᠨ ᠪᠦᠬᠦᠢ ᠨᠡᠬᠡᠬᠡᠯᠳᠡ ᠪᠤᠯᠤᠨ ᠴᠢᠨᠠᠷ ᠰᠠᠢᠳᠠᠢ ᠬᠦᠭᠵᠢᠯᠳᠡ ᠵᠢ ᠲᠠᠢᠴᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号