ᠥᠪᠥᠷ ᠮᠣᠩᠭᠣᠯ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠰᠢᠨ᠎ᠡ ᠥᠨᠳᠥᠷᠯᠢᠭ᠎ᠢ ᠪᠦᠬᠦ ᠬᠦᠴᠦᠨ᠎ᠢᠶᠡᠷ᠎ᠢᠶᠡᠨ ᠴᠣᠭᠴᠠᠯᠠᠨᠠᠮ
2026-04-12 11:23:34
ᠵᠣᠬᠢᠶᠠᠭ᠍ᠴᠢ᠄
ᠠᠨᠠᠷ
ᠣᠩᠱᠢᠭ᠍ᠰᠠᠨ ᠣᠳᠠᠭ᠎ᠠ᠄
★★★☆☆

— ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠫᠠᠢᠰᠠ ᠰᠡᠬᠦᠬᠦ ᠶᠣᠰᠣᠯᠠᠯ ᠵᠢᠴᠢ ᠪᠦᠲᠦᠭᠡᠨ ᠪᠠᠢᠭᠤᠯᠤᠯᠲᠠ᠎ᠶᠢᠨ ᠳᠠᠢᠴᠢᠯᠠᠯᠲᠠ᠎ᠶᠢᠨ ᠶᠡᠬᠡ ᠬᠤᠷᠠᠯ᠎ᠤᠨ ᠲᠤᠬᠠᠢ ᠲᠠᠲᠠᠯᠠᠭ᠎ᠠ


ᠤᠷᠢᠬᠠᠨ ᠬᠠᠪᠤᠷ ᠦᠵᠡᠮᠵᠢ ᠪᠦᠷᠢᠳᠴᠤ᠂ ᠲᠦᠮᠡᠨ ᠪᠣᠳᠠᠰ ᠰᠢᠨᠡᠳᠦᠨ ᠠᠮᠢᠯᠠᠨ᠎ᠠ᠃

4 ᠰᠠᠷ᠎ᠠ᠎ᠶᠢᠨ 11᠎ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠫᠠᠢᠰᠠ ᠰᠡᠬᠦᠬᠦ ᠶᠣᠰᠣᠯᠠᠯ ᠵᠢᠴᠢ ᠪᠦᠲᠦᠭᠡᠨ ᠪᠠᠢᠭᠤᠯᠤᠯᠲᠠ᠎ᠶᠢᠨ ᠳᠠᠢᠴᠢᠯᠠᠯᠲᠠ᠎ᠶᠢᠨ ᠶᠡᠬᠡ ᠬᠤᠷᠠᠯ ᠬᠥᠬᠡᠬᠣᠲᠠ᠎ᠳᠤ ᠶᠠᠪᠤᠬᠳᠠᠪᠠ᠃

ᠬᠤᠷᠠᠯ᠎ᠤᠨ ᠲᠤᠬᠠᠢ᠎ᠶᠢᠨ ᠲᠠᠯᠠᠪᠠᠢ᠎ᠳᠤ᠂ ᠤᠯᠠᠭᠠᠨ ᠳᠤᠷᠳᠤᠩ ᠠᠭᠠᠵᠢᠮ᠎ᠢᠶᠠᠷ ᠰᠡᠭᠦᠭᠳᠡᠵᠤ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠠᠯᠲᠠᠨ ᠰᠢᠷᠭᠠᠯ ᠫᠠᠢᠰᠠ ᠢᠯᠡᠷᠡᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠠᠢᠭᠤᠯᠤᠭᠳᠠᠭᠰᠠᠨ ᠡᠨᠡ ᠬᠦ᠌ ᠲᠡᠦᠬᠡᠲᠦ ᠴᠠᠭ ᠮᠥᠴᠡ ᠵᠢ ᠭᠡᠷᠡᠴᠢᠯᠡᠪᠡ᠃ ᠡᠨᠡ ᠨᠢ ᠥᠪᠥᠷ ᠮᠣᠩᠭᠣᠯ᠎ᠤᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ ᠪᠠ ᠥᠭᠡᠷᠡᠴᠢᠯᠡᠯᠲᠡ ᠨᠡᠭᠡᠭᠡᠯᠲᠡ᠎ᠶᠢᠨ ᠪᠥᠬᠥ ᠲᠠᠯ᠎ᠠ᠎ᠳᠤ ᠦᠢᠯᠡᠴᠢᠯᠡᠬᠦ ᠶᠠᠪᠤᠴᠠ᠎ᠳᠤ ᠴᠢᠬᠤᠯᠠ ᠨᠢᠭᠡ ᠠᠯᠬᠤᠮ᠎ᠢ ᠠᠯᠬᠤᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠴᠣ᠌ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠣᠯ ᠳᠤᠮᠳᠠᠳᠤ ᠤᠯᠤᠰ᠎ᠤᠨ 23 ᠳ᠋ᠤᠭᠠᠷ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠣᠯᠣᠨ᠎ᠠ᠂ ᠮᠥᠨ ᠴᠦ᠍ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠳᠡᠰ ᠳᠡᠪᠰᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠦᠭᠰᠡᠨ᠎ᠦ ᠳᠠᠷᠠᠭ᠎ᠠ ᠰᠢᠨ᠎ᠡ᠎ᠪᠡᠷ ᠪᠠᠢᠭᠤᠯᠤᠭᠰᠠᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠣᠯᠣᠨ᠎ᠠ᠂ ᠡᠨᠡ ᠨᠢ ᠮᠠᠨ᠎ᠤ ᠤᠯᠤᠰ᠎ᠤᠨ ᠤᠮᠠᠷᠠᠲᠤ ᠬᠡᠰᠡᠭ᠎ᠦᠨ ᠬᠢᠯᠢ ᠳᠠᠭᠠᠤ ᠣᠷᠣᠨ᠎ᠤ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠠᠢᠷᠢᠰᠢᠭᠤᠯᠤᠯᠲᠠ᠎ᠶᠢᠨ ᠵᠠᠩᠭᠢᠯᠠᠭ᠎ᠠ᠎ᠶᠢᠨ ᠭᠣᠭᠴᠣᠭ᠎ᠠ᠎ᠶᠢ ᠨᠥᠬᠥᠪᠦᠷᠢᠯᠡᠵᠦ᠂ ᠤᠯᠤᠰ᠎ᠤᠨ ᠨᠡᠭᠡᠭᠡᠯᠲᠡ᠎ᠶᠢᠨ ᠪᠠᠢᠷᠢᠰᠢᠯ᠎ᠢ ᠴᠢᠨᠠᠭᠰᠢᠳᠠ ᠲᠡᠭᠦᠯᠳᠡᠷᠵᠢᠭᠦᠯᠵᠡᠢ᠃

4 ᠰᠠᠷ᠎ᠠ᠎ᠶᠢᠨ 9᠎ᠤ᠋ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶ᠎ᠠ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠳᠤ ᠨᠡᠩ ᠶᠡᠬᠡ ᠥᠭᠡᠷᠡᠴᠢᠯᠡᠯᠲᠡ᠎ᠶᠢᠨ ᠡᠵᠡᠨ ᠮᠡᠳᠡᠬᠦ ᠡᠷᠬᠡ᠎ᠶᠢ ᠣᠯᠭᠣᠵᠤ᠂ ᠤᠷᠢᠳ ᠵᠢᠡᠷ ᠬᠡᠷᠡᠭᠵᠢᠭᠦᠯᠵᠦ ᠤᠷᠢᠳ ᠵᠢᠡᠷ ᠲᠤᠷᠰᠢᠬᠤ᠎ᠶᠢ ᠵᠣᠷᠢᠭ᠍ᠵᠢᠭᠤᠯᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠳᠤ ᠡᠭᠦᠳᠦᠨ ᠪᠦᠲᠦᠭᠡᠬᠦ ᠴᠢᠨᠠᠷᠲᠠᠢ᠂ ᠬᠤᠷᠠᠮᠠᠯ ᠬᠡᠯᠪᠡᠷᠢ᠎ᠶᠢᠨ᠂ ᠵᠦᠷᠢᠶᠡᠴᠢᠯᠡᠭᠰᠡᠨ ᠰᠦᠪᠡᠭᠴᠢᠯᠡᠯᠲᠡ᠎ᠶᠢ ᠥᠷᠨᠢᠭᠦᠯᠪᠡ᠃

ᠬᠤᠷᠠᠯ᠎ᠤᠨ ᠠᠬᠤᠢ ᠲᠠᠯᠠᠪᠠᠢ᠎ᠳᠤ᠂ ᠴᠣᠬᠣᠯᠠᠪᠤᠷᠢᠯᠠᠭᠰᠠᠨ ᠪᠢᠴᠢᠭ ᠮᠠᠲᠧᠷᠢᠶᠠᠯ᠎ᠢ ᠲᠥᠪ ᠴᠢᠩᠭ᠎ᠠ᠎ᠪᠠᠷ ᠤᠩᠰᠢᠵᠤ᠂ ᠤᠯᠠᠨ᠎ᠢᠶᠠᠷ᠎ᠢᠶᠠᠨ ᠰᠦᠷ ᠲᠠᠯᠠᠢᠴᠠᠳᠠᠢ ᠤᠬᠠᠭᠤᠯᠭ᠎ᠠ᠎ᠶᠢᠨ ᠹᠢᠯᠢᠮ᠎ᠢ ᠬᠠᠮᠲᠤ ᠪᠠᠷ ᠰᠣᠨᠢᠷᠬᠠᠪᠠ᠃

ᠥᠪᠥᠷ ᠮᠣᠩᠭᠣᠯ᠂ ᠳᠣᠲᠣᠭᠠᠳᠤ᠎ᠳᠠᠭᠠᠨ ᠨᠠᠶ᠋ᠮᠠᠨ ᠮᠤᠵᠢ ᠤᠷᠤᠨ᠎ᠲᠠᠶ ᠵᠠᠯᠭᠠᠯᠳᠤᠵᠤ ᠨᠡᠢᠰᠯᠡᠯ ᠡᠴᠡ ᠤᠢᠷᠠᠬᠠᠨ ᠪᠠᠢᠵᠦ᠂ ᠭᠠᠳᠠᠭᠠᠳᠤ ᠳ᠋ᠠᠭᠠᠨ ᠣᠷᠣᠰ ᠮᠣᠩᠭᠣᠯ ᠤᠯᠤᠰ᠎ᠲᠠᠶ ᠬᠦᠷᠰᠢᠯᠡᠵᠦ ᠧᠦ᠋ᠷᠣᠫᠠ ᠠᠽᠢᠶ᠎ᠠ᠎ᠲᠠᠢ ᠨᠡᠪᠲᠡᠷᠡᠯᠴᠡᠵᠦ ᠪᠠᠢᠳᠠᠭ᠃ ᠲᠡᠦᠬᠡᠨ ᠳᠡᠭᠡᠷ᠎ᠡ 《ᠲᠠᠯ᠎ᠠ ᠨᠤᠲᠤᠭ᠎ᠤᠨ ᠲᠣᠷᠭᠠᠨ ᠵᠠᠮ》 ᠪᠣᠯᠣᠨ 《ᠲᠦᠮᠡᠨ ᠭᠠᠵᠠᠷ᠎ᠤᠨ ᠴᠠᠢ᠎ᠶᠢᠨ ᠵᠠᠮ》 ᠤ᠋ᠨ ᠴᠢᠬᠤᠯᠠ ᠬᠦᠢᠰᠦ ᠪᠠᠢᠵᠦ᠂ ᠤᠳᠤ ᠨᠡᠩ ᠴᠤ᠌ ᠲᠣᠷᠭᠠᠨ ᠵᠠᠮ᠎ᠤᠨ ᠠᠵᠤ ᠠᠬᠤᠢ᠎ᠶᠢᠨ ᠪᠦᠰᠡ᠎ᠶᠢᠨ ᠴᠢᠬᠤᠯᠠ ᠲᠤᠯᠭᠠᠭᠤᠷᠢᠯᠠᠬᠤ ᠴᠡᠭ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ ᠴᠢᠬᠤᠯᠠ ᠵᠠᠩᠭᠢᠯᠠᠭ᠎ᠠ᠎ᠶᠢᠨ ᠴᠡᠭ᠂ ᠤᠯᠤᠰ᠎ᠤᠨ ᠪᠠᠷᠠᠭᠤᠨ ᠬᠡᠰᠡᠭ᠎ᠦᠨ ᠡᠬᠡ ᠬᠠᠭᠤᠷᠠᠢ ᠲᠠᠯᠠᠢ᠎ᠲᠠᠩᠭᠢᠰ᠎ᠤᠨ ᠰᠢᠨ᠎ᠡ ᠨᠡᠪᠲᠡᠷᠡᠯ ᠵᠠᠮ᠎ᠤᠨ ᠴᠢᠬᠤᠯᠠ ᠭᠠᠵᠠᠷ ᠪᠣᠯᠵᠠᠢ᠃

ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠭᠠᠳᠠᠭᠠᠳᠤ ᠨᠡᠭᠡᠭᠡᠯᠲᠡ᠎ᠶ᠋ᠢᠨ 20 ᠬᠢᠯᠢ ᠵᠢᠨ ᠪᠣᠭᠣᠮᠲᠠ᠎ᠨᠢ ᠮᠠᠨ᠎ᠤ ᠤᠯᠤᠰ᠎ᠤᠨ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠠᠮᠲᠤᠷᠠᠯᠴᠠᠭᠠᠨ᠎ᠤ 《ᠱᠢᠵᠢᠷ ᠠᠯᠲᠠᠨ ᠨᠡᠪᠲᠡᠷᠡᠯ ᠵᠠᠮ》 ᠢ᠋ ᠪᠠᠢᠭᠤᠯᠪᠠ᠃

2025 ᠣᠨ᠎ᠳᠤ᠂ ᠥᠪᠥᠷ ᠮᠣᠩᠭᠣᠯ᠎ᠤᠨ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1.32 ᠳ᠋ᠦᠩᠱᠢᠭᠤᠷ ᠲᠣᠨ᠎ᠳᠤ ᠬᠦᠷᠴᠦ᠍᠂ ᠲᠡᠭᠡᠷ᠎ᠠ ᠵᠢᠯ᠎ᠤᠨ ᠬᠢ᠎ᠡᠴᠡ ᠪᠠᠨ 8.3% ᠪᠠᠷ ᠨᠡᠮᠡᠭ᠌ᠳᠡᠵᠦ᠍᠂ 3 ᠵᠢᠯ ᠳᠠᠷᠠᠭᠠᠯᠠᠨ ᠳ᠋ᠦᠩᠱᠢᠭᠤᠷ ᠲᠣᠨ᠎ᠤ ᠶᠡᠬᠡ ᠪᠣᠭᠣᠮᠲᠠ᠎ᠶ᠋ᠢ ᠳᠠᠪᠠᠪᠠ᠃ ᠥᠪᠥᠷ ᠮᠣᠩᠭᠣᠯ᠎ᠳᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠳᠤᠮᠳᠠ ᠨᠡᠪᠲᠡᠷᠡᠯ ᠵᠠᠮ ᠪᠠ ᠵᠡᠭᠦᠨ ᠨᠡᠪᠲᠡᠷᠡᠯ ᠵᠠᠮ᠎ᠤᠨ ᠴᠢᠬᠤᠯᠠ ᠵᠠᠩᠭᠢᠯᠠᠭ᠎ᠠ ᠵᠢᠨ ᠴᠡᠭ ᠪᠣᠯᠬᠤ ᠬᠢᠯᠢ ᠵᠢᠨ ᠪᠤᠭᠤᠮᠲᠠ — ᠡᠷᠢᠶᠡᠨ ᠬᠣᠲᠠ ᠬᠢᠯᠢ ᠵᠢᠨ ᠪᠣᠭᠣᠮᠲᠠ᠂ ᠮᠠᠨᠵᠤᠤᠷ ᠬᠢᠯᠢ ᠵᠢᠨ ᠪᠣᠭᠣᠮᠲᠠ ᠲᠠᠢ ᠪᠠᠢᠵᠤ᠂ 2025 ᠣᠨ᠎ᠤ ᠬᠢᠯᠢ᠎ᠪᠡᠷ ᠣᠷᠣᠵᠤ ᠭᠠᠷᠤᠭᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 9557 ᠡᠭᠡᠯᠵᠢ ᠳ᠋ᠤ ᠬᠦᠷᠴᠤ᠂ ᠳᠡᠭᠡᠷ᠎ᠠ ᠵᠢᠯ ᠎ᠤᠨ ᠬᠢ ᠡᠴᠡ ᠪᠠᠨ 16.9% ᠪᠠᠷ ᠨᠡᠮᠡᠭ᠌ᠳᠡᠵᠦ᠍᠂ ᠪᠥᠬᠥ᠌ ᠤᠯᠤᠰ᠎ᠤᠨ 50% ᠱᠢᠬᠠᠮ᠎ᠢ ᠡᠵᠡᠯᠡᠪᠡ᠃

ᠭᠡᠲᠡᠯ᠎ᠡ᠂ ᠥᠪᠥᠷ ᠮᠣᠩᠭᠣᠯ ᠵᠣᠬᠢᠬᠤ ᠬᠡᠮᠵᠢᠶᠡᠨ ᠳᠡᠭᠡᠷ᠎ᠡ ᠪᠠᠰᠠ ᠨᠡᠪᠲᠡᠷᠡᠯ ᠵᠠᠮ᠎ᠤᠨ ᠳᠠᠪᠠᠭᠤᠯᠢᠭ ᠲᠣᠪᠣᠢᠮ᠎ᠠ ᠪᠤᠯᠪᠠᠴᠤ᠂ ᠲᠠᠪᠴᠠᠩ᠎ᠤᠨ ᠲᠤᠯᠭᠠᠭᠤᠷᠢᠯᠠᠯ ᠭᠦᠶ᠋ᠴᠡᠳ ᠥᠬᠡᠶ ᠵᠡᠷᠭᠡ 《ᠨᠡᠪᠲᠡᠷᠡᠯᠴᠠᠪᠡᠴᠦ ᠲᠦᠪᠯᠡᠷᠡᠩᠭᠦᠢ ᠪᠤᠰᠤ》 ᠪᠠᠢᠬᠤ ᠬᠥᠭ᠌ᠵᠢᠯᠲᠡ᠎ᠶ᠋ᠢᠨ ᠪᠣᠭᠣᠮᠢ᠎ᠳᠤ ᠲᠤᠯᠭᠠᠷᠠᠵᠤ ᠪᠠᠢᠨ᠎ᠠ᠃ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ》 ᠭᠡᠬᠦ᠌ ᠡᠨᠡ ᠬᠦ᠌ ᠴᠣ ᠱᠢᠨ᠎ᠡ ᠫᠠᠢᠰᠠ ᠢᠯᠡᠷᠬᠡᠢᠯᠡᠯ ᠨᠢ ᠶᠠᠭ 《ᠨᠡᠪᠲᠡᠷᠡᠯᠴᠠᠪᠡᠴᠦ ᠲᠦᠪᠯᠡᠷᠡᠩᠭᠦᠢ ᠪᠤᠰᠤ》 ᠪᠠᠢᠬᠤ ᠬᠦᠴᠢᠷᠳᠡᠯᠳᠦ ᠪᠠᠢᠳᠠᠯ᠎ᠢ ᠱᠢᠢᠳᠪᠦᠷᠢᠯᠡᠬᠦ᠌ 《ᠲᠦᠷᠢᠮ᠎ᠦᠨ ᠲᠦᠯᠬᠢᠭᠦᠷ》 ᠪᠠᠢᠵᠤ᠂ ᠪᠤᠲᠠᠲᠠᠢ 《ᠨᠡᠪᠲᠡᠷᠡᠯ ᠵᠠᠮ》 ᠢ᠋ ᠠᠵᠤ ᠠᠬᠤᠢ᠎ᠶ᠋ᠢᠨ 《ᠬᠦᠢᠰᠦ》 ᠪᠣᠯᠭᠠᠨ ᠲᠡᠰ ᠳᠡᠪᠱᠢᠭᠦᠯᠬᠦ᠌᠎ᠶ᠋ᠢ ᠲᠦᠷᠭᠡᠳᠭᠡᠵᠦ᠍ ᠪᠣᠯᠤᠨ᠎ᠠ᠃

《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠢ ᠲᠥᠰᠦᠯ》 ᠨᠢ ᠥᠪᠥᠷ ᠮᠣᠩᠭᠣᠯ᠎ᠳᠤ 7 ᠬᠦᠷᠢᠶᠡᠨ᠎ᠦ 19 ᠲᠠᠯ᠎ᠠ᠎ᠶ᠋ᠢᠨ ᠥᠭᠡᠷᠡᠴᠢᠯᠡᠯᠲᠡ᠎ᠶ᠋ᠢᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠲᠤᠰᠬᠠᠢᠯᠠᠨ ᠲᠣᠭ᠍ᠲᠠᠭᠠᠨ ᠦᠭᠴᠡᠢ᠃ ᠥᠪᠥᠷ ᠮᠣᠩᠭᠣᠯ᠎ᠤᠨ ᠬᠢᠨ ᠤᠯᠤᠰ᠎ᠡᠴᠡ ᠣᠯᠭᠣᠭ᠍ᠰᠠᠨ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠬᠦᠷᠲᠡᠵᠦ᠂ ᠥᠪᠥᠷ ᠮᠣᠩᠭᠣᠯ᠎ᠤᠨ ᠳᠣᠲᠣᠭᠠᠳᠤ ᠭᠠᠳᠠᠭᠠᠳᠤ᠎ᠶ᠋ᠢ ᠬᠣᠯᠪᠣᠯᠳᠤᠭᠤᠯᠤᠨ ᠨᠡᠪᠲᠡᠷᠡᠯᠴᠡᠭᠦᠯᠦᠭᠰᠡᠨ᠂ ᠬᠦᠷᠰᠢ ᠵᠡᠷᠭᠡᠯᠠᠳᠡᠭᠡ ᠵᠢ ᠨᠥᠯᠥᠭᠡᠯᠡᠭ᠌ᠰᠡᠨ ᠮᠡᠳᠡᠭᠡ ᠵᠠᠩᠭᠢ᠎ᠶ᠋ᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠡᠳ᠋  ᠪᠠᠷᠠᠭᠠᠨ᠎ᠤ ᠭᠦᠶ᠋ᠯᠭᠡᠭᠡᠨ᠎ᠦ ᠲᠥᠪ᠂ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠲᠥᠪ᠂ ᠭᠤᠤᠯᠳᠠᠯᠭ᠎ᠠ᠎ᠲᠠᠶ ᠬᠦᠷᠢᠶᠡᠨ ᠳ᠋ᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠠᠵᠤ ᠦᠶ᠋ᠯᠡᠰ᠎ᠦᠨ ᠬᠠᠮᠲᠤᠷᠠᠯᠴᠠᠭᠠᠨ᠎ᠤ ᠲᠥᠪ᠎ᠢ ᠪᠥᠲᠥᠭᠡᠨ ᠪᠠᠢᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠶ᠎ᠶ᠋ᠢᠨ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠥᠨᠳᠥᠷᠯᠢᠭ ᠪᠣᠯᠤᠨ ᠪᠥᠬᠥ᠌ ᠤᠯᠤᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠦᠢᠯᠡᠴᠢᠯᠡᠨ ᠪᠠᠲᠤᠯᠠᠬᠤ ᠵᠢᠱ᠌ᠢᠶ᠎ᠡ ᠦᠵᠡᠭᠦᠯᠬᠦ᠌ ᠣᠷᠣᠨ ᠪᠦᠰᠡ᠎ᠶ᠋ᠢ ᠪᠥᠲᠥᠭᠡᠨ ᠪᠠᠢᠭᠤᠯᠵᠤ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌᠂ ᠬᠦᠷᠰᠢ ᠵᠡᠷᠭᠡᠯᠡᠳᠡᠭᠡ᠎ᠶᠢ ᠡᠪᠯᠡᠵᠦ ᠲᠦᠰᠦᠪᠯᠡᠬᠦ᠂ ᠪᠥᠬᠥ᠌ ᠤᠯᠤᠰ᠎ᠲᠤ ᠦᠶ᠋ᠯᠡᠴᠢᠯᠡᠬᠦ᠌ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ᠎ᠢ ᠴᠣᠭ᠍ᠴᠠᠯᠠᠬᠤ᠎ᠳᠤ ᠬᠦᠴᠦᠨ ᠨᠡᠮᠡᠷᠢᠯᠡᠬᠦ ᠪᠤᠯᠤᠨ᠎ᠠ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ ᠬᠥᠬᠡᠬᠣᠲᠠ᠂ ᠮᠠᠨᠵᠤᠤᠷ ᠪᠣᠯᠤᠨ ᠡᠷᠢᠶᠡᠨ ᠬᠣᠲᠠ ᠵᠡᠷᠭᠡ ᠭᠤᠷᠪᠠᠨ ᠬᠡᠰᠡᠭ ᠲᠤᠬᠢᠷᠠᠭᠤᠯᠵᠤ᠂ ᠬᠡᠷᠡᠭ᠌ᠵᠢᠭᠦᠯᠬᠦ᠌ ᠬᠡᠪᠴᠢᠶ᠎ᠡ᠎ᠨᠢ 119.74 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠲᠣᠰ ᠤᠳᠠᠭᠠᠨ᠎ᠤ ᠬᠤᠷᠠᠯ᠎ᠳᠤ ᠪᠠᠰᠠ ᠭᠤᠷᠪᠠᠨ ᠬᠡᠰᠡᠭ᠎ᠲᠤ᠌ ᠲᠤᠰ ᠲᠤᠰ ᠫᠠᠢᠰᠠ ᠣᠯᠭᠣᠵᠠᠶ᠃ ᠭᠤᠷᠪᠠᠨ ᠬᠡᠰᠡᠭ᠎ᠤᠨ ᠣᠷᠣᠨ ᠪᠠᠢᠷᠢ᠎ᠶ᠋ᠢᠨ ᠳᠠᠪᠠᠭᠤᠯᠢᠭ ᠨᠢ ᠠᠳᠠᠯᠢ ᠦᠭᠡᠢ᠂ ᠡᠬᠢ ᠪᠠᠶᠠᠯᠢᠭ᠎ᠤᠨ ᠳᠠᠪᠠᠭᠤᠯᠢᠭ ᠨᠢ ᠠᠳᠠᠯᠢ ᠦᠭᠡᠢ ᠪᠣᠯᠬᠣᠷ ᠵᠥᠷᠢᠶᠡᠲᠦ ᠬᠥᠭ᠌ᠵᠢᠯᠲᠡ᠎ᠶ᠋ᠢ ᠬᠡᠷᠡᠭ᠌ᠵᠢᠭᠦᠯᠦᠨ᠎ᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠬᠡᠰᠡᠭ ᠨᠢ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠵᠢᠴᠢ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠰᠦ ᠵᠢᠨ ᠦᠶ᠋ᠯᠡᠰ ᠵᠡᠷᠭᠡ ᠤᠨᠴᠠᠯᠢᠬ᠍ᠳᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠬᠥᠭ᠌ᠵᠢᠭᠦᠯᠵᠦ᠍᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ᠎ᠤ ᠭᠦᠶ᠋ᠯᠭᠡᠭᠡ᠂ ᠲᠣᠭᠠᠴᠢᠯᠠᠭ᠍ᠰᠠᠨ ᠠᠵᠤ ᠠᠬᠤᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡ᠂ ᠬᠤᠷᠠᠯ ᠦᠵᠡᠰᠭᠦᠯᠡᠩ᠂ ᠰᠣᠶᠣᠯ ᠵᠢᠭᠤᠯᠴᠢᠯᠠᠯ ᠵᠡᠷᠭᠡ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠢᠳᠡᠪᠬᠢᠲᠡᠶ ᠪᠣᠢᠵᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠭᠤᠤᠯ ᠬᠦᠶ᠋ᠰᠦ᠂ ᠤᠨᠴᠠᠯᠢᠬ᠍ᠳᠤ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ᠎ᠶ᠋ᠢ ᠡᠭᠦᠳᠬᠦ᠌ ᠲᠥᠪᠯᠡᠷᠡᠯ ᠣᠷᠣᠨ᠎ᠢ ᠪᠦᠲᠦᠭᠡᠨ ᠪᠠᠢᠭᠤᠯᠤᠨ᠎ᠠ᠃

ᠬᠢᠯᠢ ᠵᠢᠨ ᠪᠤᠭᠤᠮᠳᠠ ᠪᠠᠢᠭᠤᠯᠤᠭᠠᠳ᠎ᠵᠠᠭᠤᠨ ᠵᠢᠯ ᠪᠤᠯᠤᠭᠰᠠᠨ ᠮᠠᠨᠵᠤᠤᠷ᠎ᠤᠨ ᠬᠡᠰᠡᠭ ᠨᠢ ᠭᠠᠳᠠᠭᠠᠳᠤ ᠡᠴᠡ ᠣᠷᠣᠭᠤᠯᠤᠭ᠍ᠰᠠᠨ ᠡᠬᠢ ᠪᠠᠶᠠᠯᠢᠭ᠎ᠢ ᠨᠤᠳᠤᠬᠱᠢᠭᠤᠯᠤᠨ ᠡᠳ᠋ᠱᠢᠭᠦᠯᠬᠦ᠌᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠢᠯᠭᠡᠭᠡᠨ᠂ ᠬᠢᠯᠢ ᠵᠢᠨ ᠪᠣᠭᠣᠮᠲᠠ᠎ᠶ᠋ᠢᠨ ᠦᠶ᠋ᠯᠡᠴᠢᠯᠡᠭᠡ ᠵᠡᠷᠭᠡ ᠣᠨᠴᠠᠯᠢᠭ᠍ᠲᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠬᠥᠭ᠌ᠵᠢᠭᠦᠯᠵᠦ᠍᠂ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ᠎ᠢ ᠨᠥᠯᠥᠭᠡᠯᠡᠨ ᠳᠠᠢᠴᠢᠯᠠᠬᠤ ᠴᠢᠬᠤᠯᠠ ᠴᠣᠩᠬᠣᠪᠴᠢ᠂ ᠳᠤᠮᠳᠠᠳᠤ ᠣᠷᠣᠰ ᠮᠣᠩᠭᠣᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠬᠤᠯᠠ ᠲᠠᠪᠴᠠᠩ᠎ᠢ ᠪᠠᠢᠭᠤᠯᠤᠨ᠎ᠠ᠃

ᠡᠷᠢᠶᠡᠨ ᠬᠣᠲᠠ᠎ᠶ᠋ᠢᠨ ᠬᠡᠰᠡᠭ ᠨᠢ ᠣᠯᠠᠨ ᠤᠯᠤᠰ᠎ᠤᠨ ᠠᠷᠠᠯᠵᠢᠶ᠎ᠠ᠂ ᠣᠯᠠᠨ ᠤᠯᠤᠰ᠎ᠤᠨ ᠡᠳ᠋  ᠪᠠᠷᠠᠭᠠᠨ᠎ᠤ ᠭᠦᠢᠯᠭᠡᠭᠡ᠂ ᠬᠢᠯᠢ ᠠᠯᠤᠰᠯᠠᠭ᠍ᠰᠠᠨ ᠵᠢᠭᠤᠯᠴᠢᠯᠠᠯ᠂ ᠣᠯᠠᠨ ᠤᠯᠤᠰ᠎ᠤᠨ ᠡᠮᠴᠢᠯᠡᠭᠡ ᠵᠡᠷᠭᠡ ᠣᠨᠴᠠᠯᠢᠭ᠍ᠲᠤ ᠠᠵᠤ ᠦᠢᠯᠡᠰ᠎ᠢ ᠭᠣᠣᠯᠳᠠᠯᠭ᠎ᠠ᠎ᠲᠠᠶ ᠬᠥᠭ᠌ᠵᠢᠭᠦᠯᠵᠦ᠍᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠴᠢᠬᠤᠯᠠ ᠬᠦᠢᠰᠦ᠎ᠶ᠋ᠢ ᠴᠣᠭ᠍ᠴᠠᠯᠠᠨ᠂ ᠬᠦᠷᠰᠢ ᠤᠯᠤᠰ᠎ᠤᠳ᠎ᠲᠠᠶ ᠨᠥᠬᠥᠷᠰᠡᠭ᠎ᠢᠶᠡᠷ ᠬᠠᠮᠲᠤᠷᠠᠯᠴᠠᠬᠤ ᠵᠢᠱ᠌ᠢᠶ᠎ᠡ ᠦᠵᠡᠭᠦᠯᠬᠦ᠌ ᠦᠯᠢᠭᠡᠷ ᠳᠠᠭᠤᠷᠢᠶᠠᠯ᠎ᠢ ᠪᠤᠢ ᠪᠣᠯᠭᠠᠨ᠎ᠠ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ 《ᠨᠢᠭᠡ ᠭᠤᠤᠯᠳᠠᠯᠭ᠎ᠠ ᠬᠣᠶᠠᠷ ᠵᠢᠭᠦᠷ》 ᠤ᠋ᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ ᠠᠭᠠᠵᠢᠮ᠎ᠢᠶᠠᠷ ᠲᠡᠯᠭᠡᠭᠳᠡᠪᠠ᠃

ᠬᠤᠷᠠᠯ᠎ᠤᠨ ᠠᠬᠤᠢ ᠲᠠᠯᠠᠪᠠᠢ᠎ᠳᠤ ᠠᠯᠠᠭ᠎ᠠ ᠲᠠᠰᠢᠯᠳᠠ ᠵᠢᠨ ᠲᠠᠭᠤᠨ ᠨᠢᠵᠢᠭᠢᠨᠡᠵᠦ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠰᠦᠷ ᠳᠠᠯᠠᠢᠴᠠᠲᠠᠢ ᠤᠷᠤᠭ᠍ᠰᠢᠯᠠᠯᠲᠠ᠎ᠶ᠋ᠢᠨ ᠪᠦᠷᠢᠢ᠎ᠡ᠎ᠶ᠋ᠢ ᠬᠠᠩᠭᠢᠨᠠᠭᠤᠯᠤᠭ᠍ᠰᠠᠨ ᠮᠡᠲᠦ᠍ ᠪᠠᠢᠪᠠ᠃

ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯ ᠮᠠᠨ᠎ᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ᠎ᠶ᠋ᠢᠨ ᠬᠣᠱᠢᠭᠤᠴᠢ᠂ ᠵᠦᠭ᠌ᠯᠡᠭᠦᠷ ᠮᠥᠨ᠃ ᠥᠪᠥᠷ ᠮᠣᠩᠭᠣᠯ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠬᠥᠬᠡᠬᠣᠲᠠ᠎ᠡᠨᠡᠬᠦ ᠵᠠᠩᠭᠢᠯᠠᠭ᠎ᠠ᠎ᠶ᠋ᠢᠨ ᠬᠤᠳᠠ ᠪᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠮᠠᠨᠵᠤᠤᠷ᠂ ᠡᠷᠢᠶᠡᠨ ᠬᠤᠳᠠ᠎ᠶ᠋ᠢᠨ ᠬᠢᠯᠢ ᠳᠠᠭᠠᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠥᠷᠭᠡᠨ ᠲᠡᠮᠦᠷ ᠵᠠᠮ᠎ᠢᠶᠠᠷ ᠱᠢᠭᠤᠳ ᠬᠦᠷᠬᠦ᠌ ᠵᠢᠱᠢᠶᠠᠨ᠎ᠤ ᠭᠠᠯᠲᠤ ᠲᠡᠷᠭᠡ᠂ ᠵᠠᠬᠢᠶᠠᠯᠠᠨ ᠦᠢᠯᠡᠳᠬᠦ᠌ ᠵᠢᠱᠢᠶᠠᠨ᠎ᠤ ᠭᠠᠯᠲᠤ ᠲᠡᠷᠭᠡ ᠵᠡᠷᠭᠡ ᠦᠢᠯᠡᠴᠢᠯᠡᠭᠡᠨ᠎ᠦ ᠴᠢᠳᠠᠮᠵᠢ᠎ᠶ᠋ᠢ ᠥᠷᠭᠡᠳᠭᠡᠵᠦ᠍᠂ ᠬᠢᠯᠢ ᠠᠯᠤᠰᠯᠠᠭ᠍ᠰᠠᠨ ᠡᠳ᠋ ᠪᠠᠷᠠᠭᠠᠨ᠎ᠤ ᠭᠦᠢᠯᠭᠡᠭᠡ ᠵᠢᠨ᠎ᠦᠷ᠎ᠡ ᠪᠦᠲᠦᠮᠵᠢ ᠪᠠ ᠨᠥᠯᠥᠭᠡᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠱᠢᠯᠤᠭᠤᠳᠭᠠᠬᠤ ᠳᠤᠮᠳᠠ ᠨᠡᠩ ᠶᠡᠬᠡ ᠦᠢᠯᠡᠳᠦᠯ ᠦᠵᠡᠭᠦᠯᠬᠦ᠌᠎ᠪᠤᠯᠤᠨ᠎ᠠ᠃

ᠬᠢᠯᠢ ᠵᠢᠨ ᠪᠣᠭᠣᠮᠲᠠ ᠪᠠ ᠳᠣᠲᠣᠷ ᠭᠠᠵᠠᠷ᠎ᠤᠨ ᠬᠣᠯᠪᠣᠭᠠᠯᠠᠨ ᠬᠥᠳᠡᠯᠦᠯᠴᠡᠬᠦ᠌᠎ᠳᠦ ᠲᠦᠱᠢᠭ᠌ᠯᠡᠨ᠂ ᠥᠩᠭᠡᠲᠦ ᠲᠡᠮᠦᠷᠯᠢᠭ ᠵᠡᠷᠭᠡ ᠡᠬᠢ ᠪᠠᠶᠠᠯᠢᠭ᠎ᠢ ᠭᠠᠳᠠᠭᠠᠳᠤ᠎ᠡᠴᠡ ᠣᠷᠣᠭᠤᠯᠬᠤ᠎ᠶ᠋ᠢ ᠥᠷᠭᠡᠳᠭᠡᠵᠦ᠍᠂ ᠭᠦᠨᠵᠡᠭᠡᠢ ᠡᠳ᠋ᠱᠢᠭᠦᠯᠬᠦ᠌ ᠰᠠᠭᠤᠷᠢᠨ᠎ᠢ ᠲᠦᠷᠭᠡᠳᠭᠡᠨ ᠪᠠᠢᠭᠤᠯᠵᠤ᠂ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠎ᠢ ᠨᠤᠳᠤᠬᠰᠢᠭᠤᠯᠤᠨ ᠡᠳ᠋ᠱᠢᠭᠦᠯᠵᠦ᠍ ᠤᠨᠳᠤᠤᠰᠢᠭᠤᠯᠬᠤ ᠨᠣᠷᠮ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃

ᠣᠶᠤᠨᠴᠢ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠡᠬᠢ ᠡᠭᠦᠰᠦᠯ᠎ᠢ ᠮᠦᠷᠳᠡᠬᠦ ᠱᠢᠰᠲ᠋ᠧᠮ᠎ᠢ ᠲᠡᠭᠦᠯᠳᠡᠷᠵᠢᠭᠦᠯᠵᠦ᠍᠂ 《ᠮᠠᠯ ᠠᠵᠤ ᠠᠬᠤᠶ ᠲᠠᠷᠢᠶᠠᠯᠠᠩ + ᠰᠣᠶᠣᠯ ᠵᠢᠭᠤᠯᠴᠢᠯᠠᠯ》 ᠢ᠋ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠪᠠᠢᠳᠠᠯ᠎ᠢ ᠥᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃

ᠨᠡᠭᠡᠭᠡᠯᠲᠡ᠎ᠶ᠋ᠢᠨ ᠱᠢᠨ᠎ᠡ ᠠᠶᠠᠨ ᠡᠬᠢᠯᠡᠵᠦ᠍᠂ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠤᠨ ᠬᠦᠰᠢᠬᠡ ᠢᠷᠠᠬᠳᠠᠯ᠎ᠠ᠃ ᠬᠤᠷᠠᠯ᠎ᠤᠨ ᠲᠠᠯᠠᠪᠠᠢ ᠳ᠋ᠤ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠳᠠᠢᠴᠢᠯᠠᠯᠲᠠ᠎ᠶ᠋ᠢᠨ ᠵᠠᠷᠯᠢᠭ ᠪᠠᠭᠤᠪᠠ᠄ ᠭᠤᠷᠪᠠ᠎ᠡᠴᠡ ᠲᠠᠪᠤᠨ ᠵᠢᠯ᠎ᠦᠨ ᠥᠭᠡᠷᠡᠴᠢᠯᠡᠯᠲᠡ ᠰᠥᠪᠡᠭ᠌ᠴᠢᠯᠡᠯᠲᠡ᠎ᠪᠡᠷ ᠳᠡᠮᠵᠢᠨ᠂ ᠪᠠᠯᠠ ᠣᠷᠣᠭᠤᠯᠤᠯᠲᠠ ᠠᠷᠠᠯᠵᠢᠶ᠎ᠠ ᠮᠠᠢᠮᠠᠢ᠎ᠳᠤ ᠲᠥᠬᠥᠮ ᠲᠦᠲᠡ᠂ ᠱᠢᠨ᠎ᠡ᠎ᠶ᠋ᠢ ᠡᠭᠦᠳᠬᠦ᠌ ᠠᠮᠢ ᠠᠬᠤᠶ ᠰᠢᠯᠢᠳᠡᠭ ᠰᠠᠢᠨ᠂ ᠳᠠᠪᠠᠭᠤᠯᠢᠭᠲᠤ ᠠᠵᠤ ᠦᠶ᠋ᠯᠡᠰ ᠲᠥᠪᠯᠡᠷᠡᠭ᠌ᠰᠡᠨ᠂ ᠣᠯᠠᠨ ᠤᠯᠤᠰ᠎ᠤᠨ ᠶᠠᠪᠤᠯᠴᠠᠭ᠎ᠠ ᠬᠥᠭ᠌ᠵᠢᠶᠡᠨᠲᠡᠶ ᠥᠨᠳᠥᠷ ᠲᠦᠪᠱᠢᠨ ᠪᠥᠬᠥᠶ ᠴᠢᠯᠥᠭᠡᠲᠦ ᠠᠷᠠᠯᠵᠢᠶᠠᠨ᠎ᠤ ᠬᠦᠷᠢᠶᠡᠯᠡᠩ ᠲᠣᠭᠣᠷᠢᠭ᠎ᠢ ᠴᠢᠷᠮᠠᠢᠨ ᠪᠦᠲᠦᠭᠡᠨ ᠪᠠᠢᠭᠤᠯᠤᠨ᠎ᠠ᠃ ᠡᠨᠡ᠎ᠨᠢ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠳᠦ  ᠥᠪᠥᠷ ᠮᠣᠩᠭᠣᠯ᠎ᠤᠨ ᠬᠥᠳᠡᠯᠭᠡᠬᠦ᠌ ᠬᠦᠴᠦᠨ᠎ᠢ ᠲᠠᠰᠤᠷᠠᠯᠲᠠ ᠥᠬᠡᠶ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号