ᠱᠢ ᠭᠤᠸᠠᠩ ᠬᠤᠢ ᠬᠥᠬᠡᠬᠣᠲᠠ᠎ᠳᠤ ᠪᠠᠢᠴᠠᠭᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ ᠨᠢ ᠲᠠᠷᠢᠬᠤ ᠴᠠᠭ᠎ᠢ ᠠᠮᠵᠢᠵᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠢᠲᠤᠷ ᠬᠢᠵᠦ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠪᠠᠳᠤᠳᠠᠢ ᠠᠬᠢᠭᠤᠯᠬᠤ ᠬᠡᠷᠡᠭᠲᠡᠢ
2026-04-12 11:28:56
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 9᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠤᠢ ᠬᠥᠬᠡᠬᠣᠲᠠ᠎ᠶᠢᠨ ᠴᠢᠩ ᠱᠦᠢ ᠡᡁᠸ ᠰᠢᠶᠠᠨ᠎ᠳᠤ ᠬᠦᠷᠴᠦ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠂ 《ᠮᠢᠨᠭᠭ᠎ᠠ ᠲᠦᠮᠡ᠎ᠶᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ ᠪᠠᠢᠭ᠎ᠠ ᠵᠡᠷᠭᠡ ᠠᠵᠢᠯ᠎ᠢ ᠪᠠᠢᠴᠠᠭᠠᠨ ᠰᠤᠳᠤᠯᠪᠠ᠃

ᠱᠢ ᠭᠤᠸᠠᠩ ᠬᠤᠢ ᠲᠠᠷᠢᠶᠠᠨ ᠵᠠᠬ᠎ᠠ᠂ ᠲᠣᠰᠬᠣᠨ᠎ᠤ ᠠᠷᠠᠳ᠎ᠤᠨ ᠭᠡᠷ᠂ ᠲᠣᠰᠬᠣᠨ᠎ᠤ ᠨᠠᠮ᠎ᠤᠨ ᠡᠭᠦᠷ ᠪᠣᠯᠣᠨ ᠲᠥᠬᠥᠭᠡᠷᠦᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ᠋᠎ᠲᠤ ᠬᠦᠷᠴᠦ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠂ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠂ ᠬᠥᠮᠥᠰ᠎ᠦᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠳᠠ᠂ ᠪᠠᠢᠩᠭᠤ ᠰᠠᠭᠤᠭ᠎ᠠ ᠬᠥᠮᠥᠨ ᠠᠮᠠ᠎ᠶᠢᠨ ᠪᠦᠷᠢᠯᠳᠦᠯ ᠵᠡᠷᠭᠡ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠣᠳᠣᠬᠠᠨ᠎ᠳᠤ ᠶᠠᠭ ᠰᠠᠶᠢᠬᠠᠨ ᠬᠠᠪᠤᠷ᠎ᠤᠨ ᠲᠠᠷᠢᠶᠠᠯᠠᠭ᠎ᠠ᠎ᠶᠢᠨ ᠵᠠᠩᠭᠢᠯᠠᠭ᠎ᠠ᠎ᠶᠢᠨ ᠦᠶ᠎ᠡ ᠪᠣᠯᠵᠠᠢ᠂ ᠬᠠᠪᠤᠷ᠎ᠤᠨ ᠲᠠᠷᠢᠶᠠᠨ ᠭᠠᠵᠠᠷ᠎ᠤᠨ ᠬᠠᠮᠢᠶᠠᠷᠤᠯᠳᠠ ᠬᠠᠪᠤᠷ᠎ᠤᠨ ᠲᠠᠷᠢᠶᠠᠯᠠᠭ᠎ᠠ᠎ᠶᠢ ᠨᠠᠷᠢᠯᠢᠭ᠋ ᠰᠠᠢᠲᠤᠷ ᠠᠳᠬᠤᠵᠤ᠂ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠬᠠᠩᠭᠠᠯᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ᠂ ᠠᠮᠤ ᠪᠤᠳᠠᠭᠠᠨ᠎ᠤ ᠲᠠᠷᠢᠮᠠᠯ ᠎ᠤᠨ ᠲᠠᠯᠠᠪᠠᠶ᠎ᠶᠢ ᠲᠣᠭᠲᠠᠪᠤᠷᠢᠵᠢᠭᠤᠯᠵᠤ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠳᠤᠲᠠᠭᠤᠳᠠᠯ᠎ᠢ ᠨᠥᠬᠥᠪᠦᠷᠢᠯᠡᠵᠦ᠂ ᠪᠥᠬᠥ ᠵᠢᠯ ᠳ᠋ᠤ ᠡᠯᠪᠡᠭ ᠬᠤᠷᠢᠶᠠᠯᠲᠠ ᠤᠯᠬᠤ᠎ᠵᠢᠨ ᠰᠠᠭᠤᠷᠢ᠎ᠶᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃

ᠱᠢ ᠭᠤᠸᠠᠩ ᠬᠤᠢ᠂ 《ᠮᠢᠩᠭ᠎ᠠ ᠲᠦᠮᠡ ᠵᠢᠨ ᠢᠨᠵᠧᠨᠧᠷᠢᠩ》 ᠨᠢ ᠶᠡᠷᠦᠩᠬᠡᠢ ᠱᠦᠵᠢ ᠰᠢ᠎ᠶᠢᠨ ᠫᠢᠩ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ ᠲᠤᠬᠠᠢ ᠤᠨᠤᠯ ᠪᠠ ᠦᠢᠯᠡᠳᠦᠯᠭᠡ᠎ᠶᠢᠨ ᠰᠢᠨ᠎ᠡ ᠡᠬᠦᠳᠦᠯᠳᠡ ᠵᠢ ᠲᠦᠪᠯᠡᠷᠡᠬᠦᠯᠦᠨ ᠲᠤᠰᠬᠠᠵᠤ ᠪᠠᠢᠨ᠎ᠠ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《ᠮᠢᠩᠭ᠎ᠠ ᠲᠦᠮᠡ ᠵᠢᠨ ᠢᠨᠵᠧᠨᠧᠷᠢᠩ》 ᠤ᠋ᠨ ᠲᠤᠷᠰᠢᠯᠭ᠎ᠠ᠎ᠶᠢ ᠰᠠᠢᠲᠤᠷ ᠰᠤᠷᠤᠯᠴᠠᠨ ᠰᠠᠢᠲᠤᠷ ᠬᠡᠷᠡᠭᠯᠡᠵᠦ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ᠎ᠳᠦ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠬᠥᠮᠥᠨ ᠠᠮᠠ᠎ᠶᠢᠨ ᠬᠥᠭᠵᠢᠯᠲᠡ ᠬᠤᠪᠢᠷᠠᠯᠲᠠ᠎ᠶᠢᠨ ᠬᠠᠨᠳᠤᠰᠢ᠎ᠳᠤ ᠵᠣᠬᠢᠴᠠᠵᠤ᠂ ᠲᠣᠰᠬᠣᠨ᠎ᠤ ᠠᠷᠠᠳ᠎ᠤᠨ ᠬᠠᠮᠤᠭ᠎ᠤᠨ ᠪᠠᠴᠢᠮ ᠱᠠᠭᠠᠷᠳᠠᠭᠳᠠᠵᠤ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠬᠦ᠎ᠡᠴᠡ ᠭᠠᠷᠳᠠᠵᠤ᠂ ᠲᠦᠷᠦ᠎ᠶᠢᠨ ᠪᠣᠳᠣᠯᠭ᠎ᠠ᠎ᠶᠢ ᠤᠨᠤᠴᠠᠳᠠᠢ ᠬᠡᠷᠡᠭᠵᠢᠭᠦᠯᠤᠨ᠂ ᠵᠢᠳᠬᠦᠯ ᠴᠢᠷᠮᠠᠢᠯᠭ᠎ᠠ ᠭᠠᠷᠭᠠᠵᠤ᠂ ᠪᠠᠭ᠎ᠠ ᠢᠯᠠᠯᠲᠠ᠎ᠶᠢ ᠲᠠᠰᠤᠷᠠᠯᠳᠡ ᠦᠭᠡᠢ ᠬᠤᠷᠠᠮᠳᠤᠭᠤᠯᠤᠨ ᠶᠡᠬᠡ ᠠᠮᠵᠢᠯᠲᠠ᠎ᠶᠢ ᠣᠯᠬᠤ ᠪᠡᠷ ᠴᠢᠷᠮᠠᠢᠬᠤ ᠬᠡᠷᠡᠭᠳᠡᠢ᠂ ᠶᠠᠭᠠᠬᠢᠭᠰᠠᠨ ᠴᠸ᠋ ᠵᠠᠰᠠᠭ᠎ᠤᠨ ᠠᠵᠢᠯ᠎ᠤᠨ ᠪᠦᠲᠦᠮᠵᠢ ᠵᠢᠨ ᠢᠨᠵᠧᠨᠧᠷᠢᠩ᠎ᠢ ᠬᠢᠵᠤ ᠪᠤᠯᠬᠤ ᠦᠭᠡᠢ ᠭᠡᠵᠤ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号