ᠬᠦᠦᠳᠠᠭᠤᠯᠠ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
4 ᠰᠠᠷ᠎ᠠ᠎ᠶ᠋ᠢᠨ 10᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ᠂ ᠨᠠᠮ ᠪᠦᠯᠦᠭ᠎ᠦᠨ ᠪᠤᠰᠤ ᠬᠥᠮᠦᠰ᠎ᠦᠨ 《ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠨᠡᠢᠲᠡ᠎ᠶ᠋ᠢᠨ ᠲᠥᠯᠥᠭᠡ ᠵᠢᠳᠬᠦᠵᠦ᠍᠂ ᠪᠤᠳᠠᠳᠠᠢ ᠠᠵᠢᠯᠯᠠᠨ ᠠᠷᠠᠳ᠎ᠤᠨ ᠲᠥᠯᠥᠭᠡ ᠵᠢᠳᠭᠦᠬᠦ》 ᠭᠣᠣᠯ ᠰᠡᠳᠦᠪᠲᠦ ᠬᠥᠮᠦᠵᠢᠯ᠎ᠦᠨ ᠲᠠᠢ᠌ᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ ᠬᠥᠬᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠡᠴᠡ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠨᠠᠮ ᠪᠦᠯᠦᠭ᠎ᠦᠨ ᠪᠤᠰᠤ ᠬᠥᠮᠦᠰ 《ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠨᠡᠢᠲᠡ᠎ᠶ᠋ᠢᠨ ᠲᠥᠯᠥᠭᠡ ᠵᠢᠳᠬᠦᠵᠦ᠍᠂ ᠪᠤᠳᠠᠳᠠᠢ ᠠᠵᠢᠯᠯᠠᠨ ᠠᠷᠠᠳ᠎ᠤᠨ ᠲᠥᠯᠥᠭᠡ ᠵᠢᠳᠭᠦᠬᠦ》 ᠭᠣᠣᠯ ᠰᠡᠳᠦᠪᠲᠦ ᠬᠥᠮᠦᠵᠢᠯ ᠥᠷᠨᠢᠭᠦᠯᠬᠦ᠌᠎ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ 《ᠦᠵᠡᠯ ᠰᠠᠨᠠᠭ᠎ᠠ᠎ᠶ᠋ᠢ ᠰᠤᠷᠤᠯᠴᠠᠬᠤ᠂ ᠶᠡᠬᠡ ᠲᠠᠯ᠎ᠠ᠎ᠶ᠋ᠢ ᠡᠷᠬᠢᠮᠯᠡᠬᠦ᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠬᠤ᠂ ᠪᠣᠳᠠᠲᠤ ᠠᠮᠵᠢᠯᠲᠠ ᠭᠠᠷᠭᠠᠬᠤ᠌》 ᠶᠡᠷᠦᠩᠬᠡᠢ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠢ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠵᠣᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠪᠣᠳᠠᠲᠤ ᠠᠮᠵᠢᠯᠲᠠᠭᠠᠷᠭᠠᠬᠤ ᠤᠳᠤᠷᠢᠳᠤᠮᠵᠢ᠎ᠶ᠋ᠢ ᠳᠤᠪᠤᠢ᠌ᠯᠭᠠᠵᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ᠎ᠤᠨ ᠬᠢᠨ ᠬᠦᠳᠦᠯᠦᠨ ᠵᠢᠯᠣᠭᠣᠳᠴᠤ᠌ ᠲᠦᠯᠬᠢᠨ ᠠᠬᠢᠭᠤᠯᠬᠤ᠂ ᠲᠡᠮᠵᠢᠵᠦ ᠪᠠᠲᠤᠯᠠᠬᠤ ᠵᠡᠷᠭᠡ ᠠᠵᠢᠯ᠎ᠢ ᠰᠠᠢᠲᠤᠷ ᠬᠢᠵᠦ᠍᠂ ᠭᠣᠣᠯ ᠰᠡᠳᠦᠪᠲᠦ ᠬᠥᠮᠦᠵᠢᠯ᠎ᠦᠨ ᠭᠦᠨᠵᠡᠭᠡᠢᠷᠡᠨ ᠪᠣᠳᠠᠲᠠᠢᠵᠢᠵᠤ᠂ ᠪᠣᠳᠠᠳᠤ ᠦᠷ᠎ᠡ ᠪᠦᠲᠦᠮᠵᠢ ᠤᠯᠬᠤ᠎ᠶ᠋ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠠᠬᠢᠭᠤᠯᠬᠤ᠎ᠳᠤ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ ᠳᠡᠭᠡᠷ᠎ᠡ᠂ ᠰᠦᠨ ᠵᠢᠶᠦ᠋ᠨ ᠴᠢᠩ᠂ ᠢᠦᠢ ᠷᠧᠨ ᠵᠢᠶ᠍ᠸ᠂ ᠼᠤᠤ᠎ᠶ᠋ᠢᠨ ᠱᠠᠨ᠂ ᠵᠤᠤ ᠵᠶ᠋ᠢ᠂ ᠨᠠᠨ ᠳ᠋ᠤᠤ᠂ ᠯᠢ ᠶᠠᠨ ᠷᠦ᠋᠂ ᠯᠢ ᠪᠢᠨ ᠦᠭᠡ ᠬᠡᠯᠡᠪᠡ᠃