ᠦᠪᠤᠷ ᠮᠤᠩᠭᠤᠯ 933.81 ᠲᠦᠮᠡᠨ ᠬᠥᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠠᠢ
2026-04-12 11:35:31
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠬᠠᠩᠰᠢ ᠶ᠋ᠢᠨ ᠠᠮᠠᠷᠠᠯᠲᠠ ᠵᠢᠨ ᠬᠤᠭᠤᠴᠠᠭᠠᠨ ᠳ᠋ᠦ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠶᠡᠬᠡ ᠬᠥᠭ᠌ᠵᠢᠶᠡᠨᠲᠡᠶ ᠪᠠᠢᠵᠤ᠂ ᠬᠠᠪᠤᠷ ᠤ᠋ᠨ ᠤᠯᠠᠷᠢᠯ ᠤ᠋ᠨ ᠵᠢᠭᠤᠯᠴᠢᠯᠠᠯ ᠢ᠋ ᠲᠠᠢᠴᠢᠯᠡᠨ ᠬᠦᠭᠵᠢᠬᠡᠪᠡ᠃ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠤ᠋ᠨ ᠨᠡᠢᠳᠡᠯᠡᠭᠰᠡᠨ ᠲᠤᠭ᠎ᠠ ᠪᠠᠷᠢᠮᠳᠠ ᠵᠢ ᠦᠨᠳᠦᠰᠦᠯᠡᠪᠡᠯ᠄ ᠬᠠᠩᠰᠢ ᠶ᠋ᠢᠨ ᠠᠮᠠᠷᠠᠯᠲᠠ ᠵᠢᠨ ᠬᠤᠭᠤᠴᠠᠭᠠᠨ ᠳ᠋ᠦ ᠥᠪᠥᠷ ᠮᠣᠩᠭᠣᠯ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠰᠠᠳ ᠢ᠋ 933.81 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 15.51% ᠪᠠᠷ ᠨᠡᠮᠡᠭ᠌ᠳᠡᠪᠡ; ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠯ ᠤ᠋ᠨ ᠵᠠᠷᠤᠳᠠᠯ 58.75 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 10.12% ᠢ᠋ᠶ᠋ᠠᠷ ᠨᠡᠮᠡᠭ᠌ᠳᠡᠭᠰᠡᠨ ᠪᠠᠢᠨ᠎ᠠ᠃

ᠡᠨᠡ ᠵᠢᠯ ᠤ᠋ᠨ ᠬᠠᠩᠰᠢ ᠶ᠋ᠢᠨ ᠠᠮᠠᠷᠠᠯᠲᠠ ᠵᠢᠨ ᠬᠤᠭᠤᠴᠠᠭᠠᠨ ᠳ᠋ᠦ᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》 ᠤ᠋ᠨ ᠰᠣᠶᠣᠯ ᠵᠢᠭᠤᠯᠴᠢᠯᠠᠯ ᠢ᠋ ᠨᠢᠭᠡ ᠴᠣᠭ᠍ᠴᠠᠵᠢᠭᠤᠯᠬᠤ ᠪᠠᠢᠭᠤᠯᠤᠯᠲᠠ ᠶ᠋ᠢᠨ ᠦᠷ᠎ᠡ ᠪᠦᠲᠦᠭᠡᠯ ᠳ᠋ᠦ ᠰᠠᠭᠤᠷᠢᠯᠠᠨ 《ᠤᠷᠢᠬᠠᠨ ᠬᠠᠪᠤᠷ᠎ᠰᠠᠭᠠᠳᠠᠨ ᠦᠩᠬᠡ ᠵᠢᠨ ᠴᠡᠴᠡᠭᠡᠰ ᠳᠡᠯᠭᠡᠷᠡᠨ᠎ᠡ·ᠦᠪᠦᠷ ᠮᠤᠨᠭᠭᠤᠯ ᠤ᠋ᠨ ᠭᠡᠭᠡᠷ᠎ᠠ ᠶ᠋ᠢᠨ ᠵᠤᠭᠠᠴᠠᠯ》 ᠠᠷᠠᠳ ᠲᠦ᠍ ᠠᠱᠢᠭ ᠬᠦᠷᠲᠡᠭᠡᠬᠦ᠌ ᠲᠤᠰᠭᠠᠶ ᠠᠷᠭ᠎ᠠ ᠬᠡᠮᠵᠢᠶ᠎ᠡ ᠵᠢ ᠬᠡᠷᠡᠭᠵᠢᠬᠦᠯᠵᠦ᠂ ᠬᠦᠳᠡᠬᠡ ᠭᠡᠭᠡᠷ᠎ᠠ ᠪᠡᠷ ᠵᠤᠭᠠᠴᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠡᠶᠡᠴᠢᠯᠡᠨ ᠣᠢᠯᠠᠭᠠᠬᠤ ᠬᠢᠬᠡᠳ ᠬᠤᠪᠢᠰᠭᠠᠯ ᠤ᠋ᠨ ᠵᠢᠭᠤᠯᠴᠢᠯᠠᠯ᠂ ᠬᠣᠲᠠ ᠶ᠋ᠢᠨ ᠰᠡᠯᠡᠭᠦᠴᠡᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠠᠮᠤᠷ ᠲᠦᠪᠱᠢᠨ᠂ ᠡᠮᠬᠢ ᠵᠢᠷᠤᠮ ᠲᠠᠶ᠂ ᠴᠢᠨᠠᠷ ᠰᠠᠢᠲᠠᠶ᠂ ᠥᠨᠳᠥᠷ ᠪᠦᠲᠦᠮᠵᠢᠲᠡᠶ ᠠᠮᠠᠷᠠᠯᠳᠠ ᠶ᠋ᠢᠨ ᠡᠳᠦᠷ ᠤ᠋ᠨ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠦᠷᠨᠢᠬᠦᠯᠦᠭᠰᠡᠨ ᠡᠴᠡ ᠪᠥᠬᠥ᠌ ᠣᠷᠣᠨ ᠤ᠋ ᠵᠢᠭᠤᠯᠴᠢᠯᠠᠭᠰᠠᠳ ᠤ᠋ᠨ ᠤᠷᠤᠰᠭᠠᠯ ᠲᠣᠭ᠍ᠲᠠᠭᠤᠨ ᠵᠢᠡᠷ ᠨᠡᠮᠡᠭ᠌ᠳᠡᠨ ᠬᠡᠷᠡᠭ᠌ᠯᠡᠭᠡ ᠦᠷᠭᠦᠯᠵᠢᠯᠡᠨ ᠲᠠᠬᠡᠭᠰᠢᠯᠡᠪᠡ᠃

ᠡᠯ᠎ᠡ ᠠᠢᠮᠠᠭ ᠬᠣᠲᠠ ᠶ᠋ᠢᠨ ᠰᠣᠶᠣᠯ ᠵᠢᠭᠤᠯᠴᠢᠯᠠᠯ ᠤ᠋ᠨ ᠰᠠᠯᠠᠭ᠎ᠠ ᠮᠥᠴᠢᠷ ᠲᠤᠰ ᠭᠠᠵᠠᠷ ᠤ᠋ᠨ ᠢ᠋ᠶ᠋ᠠᠨ ᠨᠡᠭᠦᠳᠡᠯ ᠤ᠋ᠨ ᠱᠢᠪᠠᠭᠤᠳ᠂ ᠬᠠᠪᠤᠷ ᠤ᠋ᠨ ᠴᠡᠴᠡᠭ ᠵᠡᠷᠭᠡ ᠡᠬᠢ ᠪᠠᠶᠠᠯᠢᠭ ᠢ᠋ ᠭᠦᠶ᠋ᠴᠡᠳ ᠠᠭᠤᠳᠠᠯᠵᠤ᠂ ᠡᠯᠪᠡᠭ ᠪᠠᠶᠠᠯᠢᠭ ᠦᠪᠡᠷᠮᠢᠴᠨ ᠣᠨᠴᠠᠯᠢᠭ᠍ᠲᠤ ᠰᠣᠶᠣᠯ ᠵᠢᠭᠤᠯᠴᠢᠯᠠᠯ ᠤ᠋ᠨ ᠦᠶ᠋ᠯᠡᠳᠬᠦᠨ ᠭᠠᠷᠭᠠᠪᠠ᠃ ᠬᠥᠬᠡᠬᠣᠲᠠ ᠶ᠋ᠢᠨ ᠭᠦᠩᠵᠦ᠍ ᠶ᠋ᠢᠨ ᠣᠷᠳᠣᠨ ᠤ᠋ ᠮᠦᠽᠧᠢ ᠶ᠋ᠢᠨ ᠲᠤᠭᠤᠷ ᠤ᠋ᠨ ᠴᠡᠴᠡᠭ ᠤ᠋ᠨ ᠬᠦᠷᠢᠶᠡᠯᠡᠩ ᠳ᠋ᠦ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠲᠦᠭᠡᠯ᠂ ᠤᠷᠠᠨ ᠰᠠᠢᠬᠠᠨ ᠤ᠋ ᠦᠵᠡᠭᠦᠯᠭᠡ ᠶ᠋ᠢᠨ ᠲᠣᠭ᠍ᠯᠠᠯᠲᠠ᠂ ᠪᠦᠳᠦᠬᠡᠯᠴᠢ ᠰᠣᠶᠣᠯ ᠤ᠋ᠨ ᠦᠢᠯᠡᠳᠬᠦᠨ ᠤ᠋ ᠴᠤᠭ᠍ᠯᠠᠭ᠎ᠠ ᠵᠡᠷᠭᠡ 6 ᠶᠡᠬᠡ ᠤᠨᠴᠠᠯᠢᠬ᠍ᠳᠤ ᠠᠵᠢᠯᠯᠠᠭ᠎ᠠ ᠦᠷᠨᠢᠬᠦᠯᠵᠦ᠂ ᠦᠢ ᠤᠯᠠᠨ ᠵᠢᠭᠤᠯᠴᠢᠯᠠᠭᠴᠢ ᠵᠢ ᠣᠷᠣᠯᠴᠠᠭᠤᠯᠵᠠᠢ; 《ᠤᠷᠢᠬᠠᠨ ᠬᠠᠪᠤᠷ᠎ᠰᠠᠭᠠᠳᠠᠨ ᠦᠩᠬᠡ ᠵᠢᠨ ᠴᠡᠴᠡᠭᠡᠰ ᠳᠡᠯᠭᠡᠷᠡᠨ᠎ᠡ·ᠦᠪᠦᠷ ᠮᠤᠨᠭᠭᠤᠯ ᠤ᠋ᠨ ᠭᠡᠭᠡᠷ᠎ᠠ ᠶ᠋ᠢᠨ ᠵᠤᠭᠠᠴᠠᠯ》 ᠤ᠋ᠨ ᠲᠤᠰᠭᠠᠶ ᠨᠥᠬᠥᠪᠥᠷᠢ ᠵᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ ᠤ᠋ ᠳᠣᠲᠣᠷᠠᠬᠢ A ᠲᠠᠰ ᠤ᠋ᠨ ᠦᠵᠡᠮᠵᠢ ᠶ᠋ᠢᠨ ᠣᠷᠣᠨ᠂ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠴᠡᠭ ᠤ᠋ᠨ ᠬᠠᠪᠤᠷ ᠤ᠋ᠨ ᠤᠯᠠᠷᠢᠯ ᠤ᠋ᠨ ᠡᠵᠡᠩᠨᠡᠯᠲᠡ ᠳ᠋ᠦ ᠪᠠᠯᠠ ᠮᠥᠩᠭᠥ ᠶ᠋ᠢᠨ ᠳᠡᠮᠵᠢᠯᠭᠡ ᠦᠵᠡᠭᠦᠯᠵᠦ᠍᠂ ᠨᠤᠲᠤᠭ ᠪᠡᠯᠴᠢᠭᠡᠷ᠂ ᠣᠶ ᠱᠢᠭᠤᠶ ᠪᠠ ᠡᠯᠡᠰᠦᠨ ᠴᠥᠯ ᠤ᠋ᠨ ᠭᠤᠤᠯ ᠰᠡᠳᠦᠪᠲᠦ ᠵᠠᠮ ᠱᠤᠭᠤᠮ ᠢ᠋ ᠨᠡᠭᠡᠭᠡᠨ ᠬᠥᠭ᠌ᠵᠢᠭᠦᠯᠬᠦ᠌ ᠵᠢ ᠵᠣᠷᠢᠭ᠍ᠵᠢᠭᠤᠯᠪᠠ; ᠬᠥᠬᠡᠬᠣᠲᠠ ᠡᠴᠡ ᠪᠤᠭᠤᠲᠤ᠂ ᠪᠠᠶᠠᠨᠨᠠᠭᠤᠷ᠂ ᠣᠷᠳᠣᠰ ᠵᠡᠷᠭᠡ ᠭᠠᠵᠠᠷ ᠲᠦ᠍ ᠬᠦᠷᠬᠦ ᠣᠯᠠᠨ ᠡᠭᠡᠯᠵᠢ ᠶ᠋ᠢᠨ ᠬᠦᠳᠡᠯᠭᠡᠬᠦ ᠬᠦᠴᠦᠨᠳᠦ ᠭᠠᠯᠳᠦ ᠲᠡᠷᠭᠡ ᠨᠡᠮᠡᠵᠦ᠍᠂ ᠰᠠᠭᠤᠳᠠᠯ ᠤ᠋ᠨ ᠲᠤᠭ᠎ᠠ ᠵᠢ 4.4 ᠲᠦᠮᠡ ᠨᠡᠮᠡᠵᠡᠢ; 《ᠴᠡᠴᠡᠭ ᠰᠣᠨᠢᠷᠬᠠᠬᠤ + ᠤᠷᠤᠯᠳᠤᠭᠠᠨ》᠂ 《ᠴᠡᠴᠡᠭ ᠰᠣᠨᠢᠷᠬᠠᠬᠤ + ᠰᠤᠳᠤᠯᠤᠨ ᠰᠤᠷᠤᠯᠴᠠᠯᠭ᠎ᠠ》᠂ 《ᠴᠡᠴᠡᠭ ᠰᠣᠨᠢᠷᠬᠠᠬᠤ + ᠡᠷᠡᠭᠦᠯᠵᠢᠯ ᠰᠤᠪᠢᠯᠠᠯᠲᠠ》 ᠵᠡᠷᠭᠡ ᠨᠢ ᠬᠥᠮᠦᠰ ᠤ᠋ᠨ ᠬᠦᠷᠢᠶᠡᠯᠡᠯ ᠢ᠋ ᠤᠯᠤᠭᠰᠠᠨ ᠵᠢᠡᠷ ᠪᠠᠷᠠᠬᠤ ᠦᠬᠡᠢ ᠵᠢᠨᠢᠩ ᠤ᠋ᠨ ᠳᠠᠢᠯᠠᠯᠳᠤᠭᠠᠨ ᠤ᠋ ᠬᠤᠪᠢᠰᠭᠠᠯ ᠤ᠋ᠨ ᠳᠤᠷᠠᠰᠭᠠᠯ ᠤ᠋ᠨ ᠬᠦᠷᠢᠶᠡᠯᠡᠩ᠂ ᠤᠯᠠᠭᠠᠨᠬᠦᠦ᠍ ᠶ᠋ᠢᠨ ᠳᠤᠷᠠᠰᠭᠠᠯ ᠤ᠋ᠨ ᠣᠷᠳᠣᠨ ᠵᠡᠷᠭᠡ ᠲᠠᠯᠠᠪᠤᠷ ᠨᠢ ᠦᠷᠡᠭ᠌ᠳᠡᠭ᠌ᠰᠡᠨ ᠪᠠᠭᠠᠲᠤᠷᠴᠤᠳ ᠢ᠋ᠶ᠋ᠠᠨ ᠳᠤᠷᠠᠰᠤᠨ ᠰᠠᠨᠠᠭᠠᠯᠵᠠᠬᠤ᠂ ᠰᠤᠳᠤᠯᠭᠠᠨ ᠬᠢᠵᠦ᠍ ᠲᠤᠷᠠᠰᠬᠠᠯ ᠦᠯᠡᠳᠡᠬᠡᠬᠦ ᠬᠠᠯᠠᠮᠱᠢᠯ ᠰᠣᠩᠭᠣᠯᠲᠠ ᠪᠤᠯᠵᠠᠢ᠃

ᠡᠨᠡ ᠵᠢᠯ ᠤ᠋ᠨ ᠬᠠᠩᠰᠢ ᠵᠢᠨ ᠠᠮᠠᠷᠠᠯᠲᠠ ᠶ᠋ᠢᠨ ᠬᠤᠭᠤᠴᠠᠭᠠᠨ ᠳ᠋ᠦ᠂ ᠮᠠᠨ ᠤ᠋ ᠤᠷᠤᠨ ᠪᠣᠬᠢᠷᠲᠤᠯ ᠥᠬᠡᠶ ᠲᠠᠬᠢᠯᠭ᠎ᠠ᠂ ᠪᠤᠯᠪᠠᠰᠤᠨ ᠵᠢᠭᠤᠯᠴᠢᠯᠠᠯ ᠢ᠋ ᠲᠦᠭᠡᠮᠡᠯᠵᠢᠭᠦᠯᠤᠨ᠂ ᠰᠣᠷᠭᠣᠭ ᠴᠡᠴᠡᠭ ᠤ᠋ᠨ ᠲᠠᠬᠢᠯᠭ᠎ᠠ᠂ ᠰᠦᠯᠵᠢᠶᠡᠨ ᠲᠠᠬᠢᠯᠭ᠎ᠠ ᠵᠡᠷᠭᠡ ᠠᠷᠭ᠎ᠠ ᠬᠡᠯᠪᠡᠷᠢ ᠵᠢ ᠰᠤᠷᠳᠠᠯᠴᠢᠯᠠᠵᠤ᠂ ᠤᠢ ᠰᠢᠭᠤᠢ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠬᠦ᠌᠂ ᠪᠣᠯᠪᠠᠰᠤᠨ ᠢ᠋ᠶ᠋ᠠᠷ ᠶᠠᠪᠤᠵᠤ ᠰᠠᠭᠤᠬᠤ ᠵᠡᠷᠭᠡ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠵᠢ ᠪᠣᠳᠠᠲᠠᠶ ᠳ᠋ᠦ ᠨᠠᠢᠳᠠᠪᠤᠷᠢᠵᠢᠭᠤᠯᠪᠠ᠃ 24 ᠴᠠᠭ ᠢ᠋ᠶ᠋ᠠᠷ ᠵᠢᠵᠢᠭᠦᠷᠯᠡᠬᠦ᠌ ᠲᠦᠷᠢᠮ ᠢ᠋ ᠴᠢᠩᠭ᠎ᠠ ᠬᠡᠷᠡᠭ᠌ᠵᠢᠭᠦᠯᠬᠦ ᠵᠢᠨ ᠬᠠᠮᠳᠤ 《ᠡᠭ᠌ᠴᠡ ᠨᠢᠰᠭᠡᠯ + ᠵᠢᠯᠣᠭᠣᠴᠢ ᠥᠬᠡᠶ ᠨᠢᠰᠭᠡᠯ》 ᠢ᠋ ᠬᠡᠷᠡᠭ᠌ᠯᠡᠨ 227 ᠤᠳᠠᠭ᠎ᠠ ᠲᠣᠭᠣᠷᠢᠨ ᠬᠠᠮᠠᠭᠠᠯᠠᠯᠳᠠ ᠬᠢᠵᠤ᠂ ᠪᠠᠰᠠ ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ 1322 ᠬᠥᠮᠦᠨ ᠤᠳᠠᠭ᠎ᠠ ᠬᠥᠳᠡᠯᠭᠡᠵᠦ᠍ ᠪᠠᠢᠭᠠᠳ ᠰᠦᠯᠵᠢᠶᠡᠨ ᠪᠠᠭᠠᠷ᠂ ᠵᠤᠭ᠎ᠠ ᠴᠡᠩᠭᠡᠯ ᠤ᠋ᠨ ᠲᠠᠯᠠᠪᠤᠷ᠂ ᠵᠢᠭᠤᠯᠴᠢᠯᠠᠯ ᠤ᠋ᠨ ᠭᠠᠵᠠᠷ ᠪᠠ ᠦᠵᠡᠮᠵᠢ ᠶ᠋ᠢᠨ ᠣᠷᠣᠨ ᠵᠡᠷᠭᠡ ᠡᠵᠡᠩᠨᠡᠯᠲᠡ ᠶ᠋ᠢᠨ ᠨᠢᠭᠡᠴᠢ ᠵᠢ 558 ᠡᠷᠦᠬᠡ ᠤᠳᠠᠭ᠎ᠠ ᠪᠠᠢᠴᠠᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号