ᠪᠥᠬᠥ᠌ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ᠂ ᠣᠶ ᠱᠢᠭᠤᠶ ᠵᠢᠨ ᠬᠦᠨᠦᠭᠡᠯᠲᠤ ᠠᠮᠢᠳᠤ ᠪᠣᠳᠠᠰ ᠤ᠋ᠨ ᠳᠠᠷᠬᠠᠨ ᠳᠡᠯᠭᠡᠷᠡᠬᠦ᠌ ᠶ᠋ᠢ ᠴᠢᠩᠭ᠎ᠠ ᠰᠡᠷᠭᠡᠢᠯᠡᠨ᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠵᠡᠷᠭᠡ ᠭᠤᠤᠯᠳᠠᠯᠭᠠᠲᠠᠶ ᠠᠮᠢ ᠠᠬᠤᠶ ᠵᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠤ ᠦᠶ᠋ᠯᠡᠴᠢᠯᠡᠬᠦ᠌ ᠵᠢᠨ ᠲᠥᠯᠥᠭᠡ᠂ ᠣᠢᠷ᠎ᠠ ᠳ᠋ᠤ᠂ ᠬᠥᠬᠡᠬᠣᠲᠠ ᠴᠢᠬᠢ ᠮᠣᠳᠣᠨ ᠤ᠋ ᠭᠠᠷᠤᠯᠲᠠ ᠵᠢᠨ ᠣᠷᠣᠨ ᠤ᠋ ᠬᠢᠵᠢᠭ ᠪᠠᠢᠴᠠᠭᠠᠬᠤ ᠠᠵᠢᠯ ᠢ᠋ ᠪᠥᠬᠥ᠌ ᠲᠠᠯ᠎ᠠ ᠪᠡᠷ ᠡᠬᠢᠯᠡᠭᠦᠯᠵᠦ᠍᠂ ᠡᠬᠢ ᠡᠭᠦᠰᠦᠯ ᠡᠴᠡᠨᠢ ᠬᠠᠮᠢᠶᠠᠷᠤᠨ ᠡᠵᠡᠮᠳᠡᠬᠦ᠌᠂ ᠨᠠᠷᠢᠯᠢᠭ ᠣᠨᠣᠪᠴᠢᠲᠠᠶ ᠬᠢᠵᠢᠭ ᠪᠠᠢᠴᠠᠭᠠᠬᠤ ᠶ᠋ᠢ ᠪᠠᠷᠢᠮᠲᠠᠯᠠᠨ᠂ ᠴᠢᠬᠢ ᠮᠣᠳᠣᠨ ᠤ᠋ ᠦᠶ᠋ᠯᠡᠳᠪᠦᠷᠢᠯᠡᠯ ᠤ᠋ᠨ ᠨᠢᠭᠡᠳᠦᠭᠡᠷ ᠪᠣᠭᠣᠮᠲᠠ ᠶ᠋ᠢ ᠪᠥᠬᠥ᠌ ᠬᠦᠴᠦᠨ ᠵᠢᠡᠷ ᠵᠢᠡᠨ ᠰᠠᠢᠲᠤᠷ ᠰᠠᠬᠢᠨ ᠬᠠᠮᠠᠭᠠᠯᠠᠵᠤ ᠪᠤᠢ᠃
ᠬᠦᠬᠡᠬᠤᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠮᠠᠭᠠᠯᠠᠯᠲᠠ ᠵᠢᠨ ᠲᠥᠪ ᠲᠦᠷᠦᠭᠦᠯᠡᠨ ᠨᠢᠭᠡᠳᠦᠯᠲᠡᠶ ᠲᠥᠯᠥᠪᠯᠡᠵᠦ᠍᠂ ᠡᠯ᠎ᠡ ᠬᠣᠱᠢᠭᠤ ᠱᠢᠶᠠᠨ ᠲᠣᠭᠣᠷᠢᠭ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠪᠠᠢᠭᠤᠯᠤᠮᠵᠢ ᠬᠠᠮᠵᠢᠯᠴᠠᠨ ᠬᠥᠳᠡᠯᠦᠯᠴᠡᠵᠦ᠍᠂ ᠲᠣᠰᠣᠨ ᠨᠠᠷᠠᠰᠤ᠂ ᠭᠠᠴᠤᠷ᠎ᠠ᠂ ᠬᠡᠭᠡᠷ᠎ᠡ ᠵᠢᠨ ᠬᠦᠶ᠋ᠯᠡᠰᠦ᠂ ᠴᠠᠭᠠᠨ ᠪᠢᠯᠤ ᠵᠡᠷᠭᠡ ᠭᠤᠤᠯ ᠪᠣᠯᠬᠤ ᠣᠢᠵᠢᠭᠤᠯᠵᠤ ᠨᠣᠭᠣᠭᠠᠷᠠᠭᠤᠯᠬᠤ ᠴᠢᠬᠢ ᠮᠣᠳᠣ ᠵᠢᠨ ᠭᠠᠷᠤᠯᠲᠠ ᠵᠢᠨ ᠣᠷᠣᠨ ᠤ᠋ ᠬᠢᠵᠢᠭ ᠪᠠᠢᠴᠠᠭᠠᠬᠤ ᠠᠵᠢᠯ ᠢ᠋ ᠥᠷᠨᠢᠭᠦᠯᠪᠡ᠃ ᠬᠢᠵᠢᠭ ᠪᠠᠢᠴᠠᠭᠠᠬᠤ ᠠᠵᠢᠯᠲᠠᠳ ᠮᠡᠷᠭᠡᠵᠢᠯ ᠤ᠋ᠨ ᠳᠦᠷᠢᠮ ᠲᠣᠭ᠍ᠲᠠᠭᠠᠯ ᠢ᠋ ᠴᠢᠩᠭ᠎ᠠ ᠵᠢᠷᠤᠮᠯᠠᠨ᠂ ᠲᠠᠷᠢᠶᠠᠨ ᠭᠠᠵᠠᠷ᠂ ᠲᠥᠷᠥᠯ ᠵᠦᠢᠯ ᠳᠠᠷᠠᠭᠠᠯᠠᠨ ᠲᠠᠷᠢᠶᠠᠨ ᠭᠠᠵᠠᠷ ᠤ᠋ᠨ ᠪᠠᠢᠴᠠᠭᠠᠯᠲᠠ ᠬᠢᠵᠦ᠍᠂ ᠪᠠᠢᠴᠠᠭᠠᠯᠲᠠ ᠵᠢᠨ ᠲᠡᠮᠳᠡᠭ᠌ᠯᠡᠯ ᠵᠢᠡᠨ ᠵᠢᠷᠤᠮᠵᠢᠭᠤᠯᠤᠨ᠂ ᠭᠠᠷᠤᠯᠲᠠ ᠵᠢᠨ ᠭᠠᠵᠠᠷ ᠤ᠋ᠨ ᠬᠢᠵᠢᠭ ᠪᠠᠢᠴᠠᠭᠠᠭ᠍ᠰᠠᠨ ᠨᠠᠷᠢᠨ ᠳᠠᠩᠰᠠ ᠪᠠᠢᠭᠤᠯᠵᠤ᠂ ᠲᠣᠭ᠎ᠠ ᠲᠣᠳᠣᠷᠬᠠᠶ᠂ ᠪᠠᠢᠳᠠᠯ ᠲᠣᠳᠣᠷᠬᠠᠶ᠂ ᠮᠥᠷᠳᠡᠵᠦ᠍ ᠪᠣᠯᠬᠤ ᠶ᠋ᠢ ᠦᠨᠡᠨ ᠬᠦ᠌ ᠪᠠᠲᠤᠯᠠᠭᠰᠠᠨ ᠪᠠᠢᠨ᠎ᠠ᠃
ᠣᠳᠣᠬᠠᠨ ᠪᠣᠯᠲᠠᠯ᠎ᠠ᠂ ᠪᠥᠬᠥ᠌ ᠬᠣᠲᠠ 2580 ᠮᠥ᠍ ᠲᠠᠯᠠᠪᠠᠢ ᠪᠦᠬᠦᠢ ᠭᠠᠷᠤᠯᠲᠠ ᠵᠢᠨ ᠣᠷᠣᠨ ᠤ᠋ ᠬᠢᠵᠢᠭ ᠪᠠᠢᠴᠠᠭᠠᠬᠤ ᠶ᠋ᠢ ᠪᠡᠶᠡᠯᠡᠭᠦᠯᠵᠦ᠍᠂ ᠭᠠᠷᠤᠯᠲᠠ ᠵᠢᠨ ᠣᠷᠣᠨ ᠤ᠋ ᠬᠢᠵᠢᠭ ᠪᠠᠢᠴᠠᠭᠠᠯᠲᠠ ᠳ᠋ᠤ ᠬᠢᠷᠢ ᠲᠡᠩᠴᠡᠭ᠌ᠰᠡᠨ ᠦᠨᠡᠮᠯᠡᠯ ᠢ᠋ 15 ᠬᠤᠪᠢ ᠲᠠᠷᠬᠠᠭᠠᠨ᠂ ᠬᠦᠨᠦᠭᠡᠯᠲᠤ ᠠᠮᠢᠳᠤ ᠪᠣᠳᠠᠰ ᠤ᠋ᠨ ᠳᠠᠷᠬᠠᠨ ᠳᠡᠯᠭᠡᠷᠡᠬᠦ᠌ ᠶ᠋ᠢ ᠡᠬᠢ ᠡᠭᠦᠰᠦᠯ ᠡᠴᠡᠨᠢ ᠬᠣᠷᠢᠭ᠍ᠯᠠᠵᠤ᠂ ᠪᠥᠬᠥ᠌ ᠬᠣᠲᠠ ᠵᠢᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠳ᠋ᠤ ᠪᠠᠲᠤ ᠪᠠᠬᠢ ᠪᠠᠲᠤᠯᠠᠭ᠎ᠠ ᠬᠠᠩᠭᠠᠪᠠ᠃