ᠥᠪᠥᠷ ᠮᠣᠩᠭᠣᠯ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠢᠨ ᠦᠨᠡᠯᠡᠨ ᠵᠢᠱ᠌ᠢᠵᠦ᠍ ᠮᠠᠭᠠᠳᠯᠠᠨ ᠲᠣᠭ᠍ᠲᠠᠭᠠᠬᠤ ᠱᠢᠨ᠎ᠡ ᠱᠢᠰᠲ᠋ᠧᠮ᠎ᠢ ᠪᠠᠢᠭᠤᠯᠵᠤ ᠪᠠᠢᠨ᠎ᠠ
2026-04-13 10:15:00
ᠵᠣᠬᠢᠶᠠᠭ᠍ᠴᠢ᠄
​ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠲᠦᠷᠦᠬᠦᠭᠡᠨ《ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠦᠳᠦᠭᠡᠨ ᠪᠠᠢᠭᠤᠯᠤᠯᠲᠠ ᠪᠣᠯᠤᠨ ᠬᠥᠳᠡᠯᠦᠩᠭᠦᠢ ᠪᠠᠢᠳᠠᠯ ᠎ᠢ ᠦᠨᠡᠯᠡᠨ ᠵᠢᠱ᠌ᠢᠵᠦ᠍ ᠮᠠᠭᠠᠳᠯᠠᠨ ᠲᠣᠭ᠍ᠲᠠᠭᠠᠬᠤ ᠬᠠᠮᠢᠶᠠᠷᠤᠯᠲᠠ᠎ᠶ᠋ᠢᠨ  ᠠᠵᠢᠯ᠎ᠢ  ᠠᠬᠢᠭᠤᠯᠬᠤ  ᠲᠤᠬᠠᠢ  ᠮᠡᠳᠡᠭ᠌ᠳᠡᠯ 》 ᠲᠠᠷᠤᠮᠠᠯᠯᠠᠨ ᠲᠠᠷᠬᠠᠭᠠᠪᠠ᠃

《ᠮᠡᠳᠡᠭ᠌ᠳᠡᠯ》 ᠳ᠋ᠤ᠂ ᠨᠡᠭᠦᠷᠡᠰᠦᠲᠥ᠋ᠷᠥᠭ᠌ᠴᠢ ᠥᠯᠥ  ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠬᠤ ᠠᠵᠢᠯ᠎ᠤᠨ ᠵᠠᠷᠴᠢᠮ᠎ᠢ ᠲᠠᠪᠤᠨ ᠲᠠᠯ᠎ᠠ᠎ᠪᠠᠷ ᠳᠤᠷᠠᠳᠤᠨ ᠭᠠᠷᠭᠠᠵᠠᠢ᠃ ᠨᠢᠭᠡ᠎ᠳᠦ᠂ ᠰᠠᠢᠨ ᠳᠤᠷ᠎ᠠ᠎ᠠᠴᠠ᠎ᠪᠠᠨ ᠪᠥᠲᠥᠭᠡᠨ ᠪᠠᠢᠭᠤᠯᠵᠤ ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠤᠨ᠎ᠠ᠃ ᠨᠥᠬᠥᠴᠡᠯ᠎ᠲᠡᠶ ᠪᠦᠭᠡᠳ ᠬᠢᠬᠦ ᠰᠠᠨᠠᠭᠠᠳᠠᠢ ᠬᠦᠷᠢᠶᠡᠯᠡᠩ ᠲᠣᠭᠣᠷᠢᠭ᠎ᠤᠨ ᠰᠠᠢᠨ ᠳᠤᠷ᠎ᠠ᠎ᠠᠴᠠ᠎ᠪᠠᠨ ᠣᠷᠣᠯᠴᠠᠬᠤ᠎ᠶ᠋ᠢ ᠳᠠᠮᠵᠢᠵᠤ᠂ ᠤᠯᠤᠰ᠎ᠤᠨ ᠲᠡᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠪᠠᠷ ᠴᠢᠩᠭ᠎ᠠ ᠬᠠᠷᠢᠴᠠᠭᠤᠯᠤᠨ ᠲᠦᠷᠢᠮᠵᠢᠬᠦᠯᠦᠨ ᠠᠬᠢᠭᠤᠯᠤᠨ᠎ᠠ; ᠬᠣᠶᠠᠷ᠎ᠲᠤ᠂ ᠲᠥᠷᠥᠯ ᠬᠤᠪᠢᠶᠠᠨ ᠬᠦᠭᠵᠢᠬᠦᠯᠵᠦ᠂ ᠱᠠᠲᠤᠯᠢᠭ᠎ᠢᠶᠠᠷ ᠠᠬᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠠᠳᠠᠯᠢ ᠪᠤᠰᠤ ᠰᠠᠭᠤᠷᠢ ᠨᠥᠬᠥᠴᠡᠯ ᠎ᠢ ᠦᠨᠳᠦᠰᠦᠯᠡᠨ ᠲᠥᠷᠥᠯ ᠬᠤᠪᠢᠶᠠᠨ ᠬᠦᠭᠵᠢᠬᠦᠯᠬᠦ ᠠᠷᠭ᠎ᠠ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠤᠯᠤᠰ᠎ᠤᠨ ᠲᠠᠰ᠎ᠤᠨ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠬᠤ ᠨᠡᠷᠡᠰ᠎ᠲᠦ ᠵᠢᠭ᠍ᠰᠠᠭᠠᠭ᠍ᠳᠠᠭ᠍ᠰᠠᠨ ᠬᠦᠷᠢᠶᠡᠯᠡᠩ ᠲᠣᠭᠣᠷᠢᠭ᠎ᠢ ᠪᠦᠲᠦᠬᠡᠨ ᠪᠠᠢᠭᠤᠯᠬᠤ᠎ᠶ᠋ᠢ ᠦᠨᠡᠨ ᠬᠦ᠌ ᠪᠠᠲᠤᠯᠠᠵᠤ᠂ ᠵᠢᠱ᠌ᠢᠭ᠌ᠰᠡᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ ᠎ᠤᠨ ᠨᠡᠭᠦᠷᠡᠰᠦᠲᠥ᠋ᠷᠥᠭ᠌ᠴᠢ ᠥᠯᠥ  ᠭᠠᠲᠠᠬᠰᠢᠯᠠᠭᠤᠯᠬᠤ  ᠬᠦᠷᠢᠶᠡᠯᠡᠩ ᠲᠣᠭᠣᠷᠢᠭ᠎ᠤᠨ ᠭᠦᠶ᠋ᠴᠡᠳᠭᠡᠯ ᠲᠣᠭ᠎ᠠ᠎ᠶ᠋ᠢᠨ ᠱᠠᠭᠠᠷᠳᠠᠯᠭ᠎ᠠ᠎ᠳᠤ ᠬᠦᠷᠦᠭ᠌ᠰᠡᠨ ᠪᠠᠢᠪᠠᠯ ᠪᠥᠲᠥᠭᠡᠨ ᠪᠠᠢᠭᠤᠯᠬᠤ ᠠᠬᠢᠴᠠ᠎ᠶ᠋ᠢ ᠲᠦᠷᠭᠡᠳᠭᠡᠵᠦ᠍᠂ ᠨᠡᠭᠦᠷᠡᠰᠦᠲᠥ᠋ᠷᠥᠭ᠌ᠴᠢ ᠥᠯᠥ  ᠭᠠᠲᠠᠬᠰᠢᠯᠠᠭᠤᠯᠬᠤ ᠬᠥᠭ᠌ᠵᠢᠯᠲᠡ᠎ᠶ᠋ᠢᠨ ᠠᠷᠭ᠎ᠠ ᠵᠠᠮ ᠎ᠢ ᠰᠦᠪᠡᠭ᠌ᠴᠢᠯᠡᠨ᠎ᠡ; ᠭᠤᠷᠪᠠ᠎ᠳᠤ᠂ ᠵᠣᠬᠢᠶᠠᠨ ᠪᠠᠢᠭᠤᠯᠤᠯᠲᠠ᠎ᠠᠴᠠ ᠱᠢᠯᠢᠨ ᠰᠣᠩᠭᠣᠵᠤ᠂ ᠨᠡᠷᠡᠰ᠎ᠢ ᠲᠣᠭ᠍ᠲᠠᠭᠠᠨ᠎ᠠ᠃ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠪᠠᠷ ᠯᠠᠪᠯᠠᠯᠲᠠ ᠪᠣᠯᠭᠠᠵᠤ᠂ ᠠᠢᠮᠠᠭ ᠬᠣᠲᠠ᠎ᠠᠴᠠ ᠥᠪᠡᠰᠦᠪᠡᠨ ᠱᠢᠯᠢᠨ ᠰᠣᠩᠭᠣᠵᠤ᠂ ᠲᠣᠰ ᠭᠠᠵᠠᠷ ᠣᠷᠣᠨ᠎ᠤ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ ᠎ᠢ ᠬᠦᠭᠵᠢᠬᠦᠯᠵᠦ ᠪᠥᠲᠥᠭᠡᠨ ᠪᠠᠢᠭᠤᠯᠬᠤ ᠨᠡᠷᠡᠰ᠎ᠢ ᠵᠢᠭᠰᠠᠭᠠᠬᠤ᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠲᠡᠪᠰᠢᠬᠦᠯᠦᠨ᠎ᠡ; ᠳᠥᠷᠪᠡ᠎ᠳᠦ᠂ ᠬᠥᠳᠡᠯᠦᠩᠭᠦᠶ᠎ᠪᠡᠷ ᠦᠨᠡᠯᠡᠨ ᠵᠢᠱ᠌ᠢᠵᠦ᠍᠂ ᠣᠨᠣᠪᠴᠢᠲᠠᠶ᠎ᠪᠠᠷ ᠳᠡᠮᠵᠢᠨ᠎ᠡ᠃ 《ᠰᠠᠷ᠎ᠠ ᠪᠦᠷᠢ ᠥᠪᠡᠰᠦᠪᠡᠨ ᠬᠡᠮᠵᠢᠬᠦ᠌᠂ ᠤᠯᠠᠷᠢᠯ᠎ᠢᠶᠠᠷ ᠦᠨᠡᠯᠡᠨ ᠵᠢᠱ᠌ᠢᠬᠦ᠌᠂ ᠵᠢᠯ᠎ᠦᠨ ᠳᠤᠮᠳᠠ ᠦᠨᠡᠯᠡᠬᠦ᠌᠂ ᠵᠢᠯ᠎ᠦᠨ ᠡᠴᠦᠰ᠎ᠲᠦ ᠱᠢᠯᠭᠠᠨ ᠬᠢᠨᠠᠬᠤ》 ᠦᠨᠡᠯᠡᠯᠳᠡ᠎ᠶᠢᠨ ᠱᠢᠰᠲ᠋ᠧᠮ᠎ᠪᠠᠢᠭᠤᠯᠵᠤ᠂ ᠦᠷ᠎ᠡ ᠪᠦᠲᠦᠮᠵᠢ᠎ᠪᠡᠷ ᠲᠣᠪᠣᠢᠮ᠎ᠠ ᠪᠠᠢᠪᠠᠯ ᠤᠯᠤᠰ᠎ᠤᠨ ᠲᠠᠰ᠎ᠤᠨ ᠨᠡᠭᠦᠷᠡᠰᠦᠲᠥ᠋ᠷᠥᠭ᠌ᠴᠢ ᠥᠯᠥ  ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠢᠶᠠᠷ ᠤᠷᠢᠳ᠎ᠢᠶᠡᠷ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ; ᠲᠠᠪᠤ᠎ᠳᠤ᠂ ᠱᠢᠯᠭᠠᠨ ᠠᠪᠴᠤ᠌ ᠮᠠᠭᠠᠳᠯᠠᠨ ᠲᠣᠭ᠍ᠲᠠᠭᠠᠵᠤ᠂ ᠳ᠋ᠦᠩᠨᠡᠯᠲᠡ  ᠬᠢᠵᠦ᠍  ᠵᠢᠱ᠌ᠢᠶ᠎ᠡ ᠦᠵᠡᠭᠦᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠦᠨᠡᠯᠡᠨ ᠵᠢᠱ᠌ᠢᠵᠦ᠍ ᠱᠢᠯᠭᠠᠨ  ᠠᠪᠬᠤ  ᠠᠵᠢᠯ᠎ᠢ  ᠥᠷᠨᠢᠭᠦᠯᠵᠦ᠍᠂ ᠱᠢᠯᠭᠠᠨ ᠠᠪᠬᠤ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠳᠤ ᠬᠦᠷᠦᠭ᠌ᠰᠡᠨ᠎ᠢ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠢᠶᠠᠷ ᠮᠠᠭᠠᠳᠯᠠᠨ ᠲᠣᠭ᠍ᠲᠠᠭᠠᠵᠤ᠂ ᠤᠯᠤᠰ᠎ᠤᠨ ᠲᠠᠰ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠳᠤ ᠨᠡᠢᠴᠡᠭ᠌ᠰᠡᠨ᠎ᠢ᠎ᠨᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠮᠡᠳᠡᠭᠦᠯᠵᠦ᠍᠂ ᠳᠡᠯᠭᠡᠷᠡᠭᠦᠯᠵᠦ᠍ ᠪᠣᠯᠬᠤ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠳ᠋ᠦᠩᠨᠡᠨ᠎ᠡ᠃

《ᠮᠡᠳᠡᠭ᠌ᠳᠡᠯ》 ᠳ᠋ᠤ᠂ ᠪᠥᠬᠥ᠌ ᠶᠠᠪᠤᠴᠠ᠎ᠪᠠᠷ ᠵᠢᠯᠣᠭᠣᠳᠭᠤ᠂ ᠪᠠᠯᠠ ᠮᠥᠩᠭᠥ᠎ᠶ᠋ᠢ ᠡᠮᠬᠢᠯᠡᠨ ᠨᠡᠢᠯᠡᠭᠦᠯᠬᠦ᠌ ᠪᠠᠲᠤᠯᠠᠭ᠎ᠠ᠎ᠶ᠋ᠢ ᠴᠢᠩᠭᠠᠳᠭᠠᠬᠤ᠂ ᠬᠦᠴᠦᠨ ᠵᠦᠢᠯ᠎ᠦᠨ ᠲᠣᠬᠢᠷᠠᠭᠤᠯᠤᠯᠲᠠ᠎ᠶ᠋ᠢᠨ ᠪᠠᠲᠤᠯᠠᠭ᠎ᠠ᠎ᠶ᠋ᠢ ᠱᠢᠯᠢᠳᠡᠭ᠌ᠵᠢᠭᠦᠯᠬᠦ᠌᠂ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌᠎ᠶ᠋ᠢ ᠴᠢᠩᠭᠠᠳᠭᠠᠬᠤ ᠪᠠ ᠬᠥᠲᠥᠯᠦᠨ ᠳᠠᠭᠠᠭᠤᠯᠬᠤ ᠳᠥᠷᠪᠡᠨ ᠲᠠᠯ᠎ᠠ᠎ᠪᠠᠷ ᠨᠡᠭᠦᠷᠡᠰᠦᠲᠥ᠋ᠷᠥᠭ᠌ᠴᠢ ᠥᠯᠥ ᠭᠠᠲᠠᠬᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号