— 《 ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ᠎ᠢ ᠴᠢᠩᠭᠠᠳᠭᠠᠬᠤ ᠲᠤᠬᠠᠶ ᠰᠠᠨᠠᠯ 》 ᠢ᠋ ᠨᠠᠷᠢᠨ ᠲᠠᠢᠯᠪᠤᠷᠢᠯᠠᠬᠤᠢ
ᠲᠦᠷᠦᠭᠦᠬᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ 《ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ᠎ᠢ ᠴᠢᠩᠭᠠᠳᠭᠠᠬᠤ ᠲᠤᠬᠠᠶ ᠰᠠᠨᠠᠯ》 ᠢ᠋ ᠳᠠᠷᠤᠮᠠᠯᠯᠠᠨ ᠲᠠᠷᠬᠠᠭᠠᠪᠠ᠃ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠳᠤ ᠶᠠᠮᠠᠷ ᠱᠢᠨ᠎ᠡ ᠱᠠᠭᠠᠷᠳᠠᠯᠭ᠎ᠠ ᠪᠠᠢᠬᠤ ᠪᠣᠶ? ᠰᠠᠨᠠᠯ ᠨᠢ ᠭᠤᠤᠯᠳᠠᠭᠤ ᠣᠳᠣᠬᠠᠨ ᠤ ᠠᠵᠢᠯ ᠤᠨ ᠳᠤᠮᠳᠠᠬᠢ ᠶᠠᠮᠠᠷ ᠶᠠᠮᠠᠷ ᠳᠤᠲᠠᠭᠤᠳᠠᠯ᠎ᠳᠤ ᠴᠢᠭ᠌ᠯᠡᠭᠦᠯᠦᠭ᠌ᠰᠡᠨ ᠪᠣᠶ? ᠰᠡᠷᠭᠡᠢᠯᠡᠬᠦ᠌ ᠤᠨᠲᠠᠷᠠᠭᠠᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ᠎ᠳᠤ ᠶᠠᠮᠠᠷ ᠪᠣᠳᠠᠲᠠᠶ ᠠᠷᠭ᠎ᠠ ᠬᠡᠮᠵᠢᠶ᠎ᠡ ᠪᠠᠢᠬᠤ ᠪᠣᠶ? ᠪᠠᠴᠢᠮ ᠪᠠᠢᠳᠠᠯ᠎ᠢ ᠠᠷᠭᠠᠴᠡᠭᠠᠬᠤ ᠬᠠᠮᠢᠶᠠᠷᠤᠯᠲᠠ᠎ᠶ᠋ᠢᠨ ᠶᠠᠮᠤᠨ᠂ ᠤᠯᠤᠰ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ 8 ᠤ᠋ ᠡᠳᠦᠷ ᠲᠥᠷᠥ᠎ᠶ᠋ᠢᠨ ᠪᠣᠳᠣᠯᠭ᠎ᠠ᠎ᠶ᠋ᠢᠨ ᠪᠠᠢᠳᠠᠯ ᠮᠡᠳᠡᠭ᠌ᠳᠡᠬᠦ᠌ ᠬᠤᠷᠠᠯ ᠬᠢᠵᠦ᠍᠂ ᠡᠭᠦᠨ᠎ᠦ ᠲᠤᠬᠠᠶ ᠲᠠᠢᠯᠤᠮᠵᠢ ᠬᠢᠪᠠ᠃
ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ ᠤᠨ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ᠎ᠶ᠋ᠢᠨ ᠬᠠᠷᠢᠶᠠᠲᠤ ᠴᠢᠨᠠᠷ ᠢ᠋ ᠴᠢᠩᠭᠠᠷᠠᠭᠤᠯᠤᠨ᠎ᠠ
《ᠰᠠᠨᠠᠯ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌ ᠵᠢ ᠨᠠᠢᠳᠠᠪᠦᠷᠢᠵᠢᠭᠤᠯᠬᠤ᠂ ᠬᠠᠷᠢᠶ᠎ᠠ ᠣᠷᠣᠨ᠎ᠤ ᠬᠠᠷᠢᠭᠤᠴᠠᠯᠭ᠎ᠠ᠎ᠶ᠋ᠢ ᠴᠢᠩᠭᠠᠳᠭᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ 〈ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠤᠨ᠎ᠠ〉 ᠭᠡᠵᠦ ᠲᠣᠳᠣᠷᠬᠠᠢ ᠳᠤᠷᠠᠳᠴᠠᠢ᠂ ᠡᠨᠡ ᠨᠢ ᠳᠠᠷᠤᠢ ᠭᠠᠯ ᠰᠡᠷᠭᠡᠢᠯᠡᠵᠦ ᠭᠠᠯ ᠤᠨᠲᠠᠷᠠᠭᠠᠬᠤ᠌ ᠠᠵᠢᠯ᠎ᠤᠨ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ᠎ᠶ᠋ᠢᠨ ᠬᠠᠷᠢᠶᠠᠲᠤ ᠴᠢᠨᠠᠷ᠎ᠢ ᠴᠢᠩᠭᠠᠳᠭᠠᠵᠤ᠂ ᠬᠠᠷᠢᠶ᠎ᠠ ᠣᠷᠣᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ᠎ᠤᠨ ᠨᠠᠮ ᠵᠠᠰᠠᠭ᠎ᠤᠨ ᠤᠳᠤᠷᠢᠳᠭᠤ ᠬᠠᠷᠢᠭᠤᠴᠠᠯᠭ᠎ᠠ᠎ᠶ᠋ᠢ ᠴᠢᠨᠠᠭ᠍ᠰᠢᠳᠠ ᠪᠣᠳᠠᠲᠠᠢᠵᠢᠭᠤᠯᠬᠤ ᠶᠠᠪᠤᠳᠠᠯ ᠪᠣᠯᠤᠨ᠎ᠠ》 ᠭᠡᠵᠦ᠍ ᠤᠯᠤᠰ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶᠠᠨ᠎ᠤ ᠳᠡᠳ᠋ ᠳᠠᠷᠤᠭ᠎ᠠ ᠰᠦᠩ ᠱᠣ᠌ ᠱᠢᠨ ᠬᠡᠯᠡᠪᠡ᠃
ᠣᠳᠣᠬᠠᠨ᠎ᠤ ᠦᠨᠳᠦᠰᠦᠨ ᠱᠠᠲᠤᠨ᠎ᠤ ᠬᠡᠰᠡᠭ ᠭᠠᠵᠠᠷ ᠣᠷᠣᠨ᠎ᠤ ᠵᠣᠬᠢᠴᠠᠭᠤᠯᠬᠤ ᠲᠣᠭ᠍ᠲᠡᠴᠡ ᠰᠤᠯᠠᠷᠠᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠰᠠᠨᠠᠯ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠎ᠢᠶᠠᠷ ᠲᠦᠷᠦᠭᠦᠯᠡᠭᠦᠯᠦᠨ᠂ ᠡᠯ᠎ᠡ ᠱᠠᠲᠤᠨ ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠵᠦᠪᠯᠡᠯ᠂ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠮᠲᠤᠷᠠᠭ᠍ᠰᠠᠨ ᠬᠤᠷᠠᠯ ᠵᠡᠷᠭᠡ᠎ᠶ᠋ᠢᠨ ᠵᠣᠬᠢᠴᠠᠭᠤᠯᠬᠤ ᠲᠣᠭ᠍ᠲᠡᠴᠡ᠎ᠶ᠋ᠢᠨ ᠪᠠᠢᠭᠤᠯᠤᠯᠲᠠ ᠪᠣᠯᠤᠨ ᠪᠣᠳᠠᠲᠤ ᠴᠣᠭ᠍ᠴᠠᠵᠢᠭᠤᠯᠬᠤ ᠠᠵᠢᠯᠯᠠᠭ᠎ᠠ᠎ᠨᠢ ᠠᠬᠢᠭᠤᠯᠤᠨ᠎ᠠ ᠭᠡᠵᠦ ᠲᠤᠳᠤᠷᠬᠠᠢᠯᠠᠪᠠ᠃
ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ᠎ᠳᠤ ᠪᠣᠳᠠᠲᠠᠶ ᠶᠠᠮᠠᠷ ᠶᠠᠮᠠᠷ ᠡᠭᠦᠷᠭᠡ ᠬᠠᠷᠢᠭᠤᠴᠠᠯᠭ᠎ᠠ ᠪᠠᠢᠬᠤ ᠪᠣᠶ? ᠰᠥᠩ ᠱᠣ᠌ ᠱᠢᠨ᠂ ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠵᠠᠰᠠᠭ᠎ᠤᠨ ᠣᠷᠳᠣᠨ ᠭᠠᠯ ᠰᠡᠷᠭᠡᠢᠯᠡᠵᠦ ᠭᠠᠯ ᠤᠨᠲᠠᠷᠠᠭᠠᠬᠤ ᠲᠥᠯᠥᠪᠵᠢᠭᠦᠯᠭᠡ᠂ ᠵᠠᠷᠤᠳᠠᠯ᠎ᠤᠨ ᠲᠥᠰᠦᠪ᠂ ᠣᠯᠠᠨ ᠨᠡᠢᠲᠡ᠎ᠶ᠋ᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠲᠥᠬᠥᠭᠡᠷᠦᠮᠵᠢ ᠪᠠ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠲᠠ ᠵᠡᠷᠭᠡ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠱᠢᠶᠠᠩ ᠪᠠᠯᠭᠠᠰᠤ(ᠵᠡᠭᠡᠯᠢ ᠭᠤᠳᠤᠮᠵᠢ)ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠭᠠᠯ ᠰᠡᠷᠭᠡᠢᠯᠡᠵᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ᠂ ᠭᠠᠯ ᠰᠡᠷᠭᠡᠢᠯᠡᠵᠦ ᠭᠠᠯ ᠤᠨᠲᠠᠷᠠᠭᠠᠬᠤ ᠳᠠᠯᠳᠠ ᠬᠡᠮ᠎ᠦᠨ ᠡᠳᠦᠷ ᠲᠤᠲᠤᠮ᠎ᠤᠨ ᠪᠠᠢᠴᠠᠭᠠᠯᠲᠠ᠂ ᠭᠠᠯ᠎ᠤᠨ ᠠᠶᠤᠯ᠎ᠤᠨ ᠰᠡᠷᠭᠡᠢᠯᠡᠯᠲᠡ᠂ ᠪᠠᠴᠢᠮ ᠪᠠᠢᠳᠠᠯ᠎ᠢ ᠠᠷᠭᠠᠴᠡᠭᠠᠵᠤ ᠲᠠᠷᠬᠠᠭᠠᠬᠤ ᠰᠣᠷᠢᠯᠲᠠ ᠵᠡᠷᠭᠡ ᠪᠣᠳᠠᠲᠠᠶ ᠠᠵᠢᠯ᠎ᠢ ᠬᠠᠤᠯᠢ ᠶᠣᠰᠣᠭᠠᠷ ᠥᠷᠨᠢᠭᠦᠯᠦᠨ᠎ᠡ ᠭᠡᠵᠦ ᠲᠠᠨᠢᠯᠴᠠᠭᠤᠯᠪᠠ᠃
《ᠨᠢᠭᠡᠴᠢ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠪᠡᠶ᠎ᠡ᠎ᠪᠡᠨ ᠳᠠᠭᠠᠭᠠᠵᠤ ᠬᠠᠮᠢᠶᠠᠷᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠰᠠᠨᠠᠯ᠎ᠳᠤ ᠵᠡᠭᠡᠯᠢ ᠳᠠᠭᠠᠤ ᠳᠡᠯᠭᠡᠭᠦᠷ᠂ ᠬᠠᠭᠤᠴᠢᠨ ᠣᠷᠣᠨ ᠰᠠᠭᠤᠴᠠ᠎ᠶ᠋ᠢᠨ ᠲᠣᠭᠣᠷᠢᠭ᠂ ᠡᠵᠡᠩᠨᠡᠯᠲᠡ᠎ᠶ᠋ᠢᠨ ᠴᠢᠨᠠᠷᠲᠠᠶ ᠥᠪᠡᠰᠦᠪᠡᠨ ᠪᠠᠷᠢᠭ᠍ᠰᠠᠨ ᠬᠡᠷ ᠪᠠᠢᠱᠢᠩ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠲᠤ ᠴᠢᠭ᠌ᠯᠡᠭᠦᠯᠦᠨ᠂ ᠡᠯ᠎ᠡ ᠭᠠᠵᠠᠷ᠎ᠤᠨ ᠬᠢᠨ᠎ᠦ ᠵᠠᠰᠠᠭ᠎ᠤᠨ ᠣᠷᠳᠣᠨ ᠡᠴᠡ ᠦᠶ᠋ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠣᠷᠣᠨ ᠪᠦᠰᠡ᠎ᠶ᠋ᠢᠨ ᠴᠢᠨᠠᠷᠲᠠᠶ ᠭᠠᠯ ᠰᠡᠷᠭᠡᠢᠯᠡᠵᠦ᠍ ᠭᠠᠯ ᠤᠨᠲᠠᠷᠠᠭᠠᠬᠤ ᠡᠵᠡᠮᠳᠡᠯ᠎ᠦᠨ ᠲᠠᠰᠤᠭ ᠪᠠ ᠥᠪᠡᠰᠦᠪᠡᠨ ᠰᠡᠷᠭᠡᠢᠯᠡᠵᠦ᠍ ᠥᠪᠡᠷ᠎ᠢ᠎ᠪᠡᠨ ᠠᠪᠤᠷᠬᠠᠸ᠋ ᠬᠦᠴᠦᠨ᠎ᠢ ᠪᠠᠢᠭᠤᠯᠤᠨ ᠬᠠᠮᠲᠤ᠎ᠪᠠᠷ ᠡᠳ᠋ᠯᠡᠵᠦ᠂ ᠱᠢᠨ᠎ᠡ ᠬᠡᠯᠪᠡᠷᠢ᠎ᠶ᠋ᠢᠨ ᠣᠶᠤᠨᠴᠢᠯᠠᠭ᠍ᠰᠠᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠦᠶ᠋ᠯᠡᠳᠬᠦᠨ᠎ᠢ ᠳᠡᠯᠭᠡᠷᠡᠭᠦᠯᠬᠦ᠌᠎ᠶ᠋ᠢ ᠳᠡᠮᠵᠢᠬᠦ᠌᠎ᠵᠢ ᠰᠢᠨ᠎ᠡ ᠵᠢ ᠡᠭᠦᠳᠦᠨ ᠳᠤᠷᠠᠳᠪᠠ》 ᠭᠡᠵᠦ᠍ ᠤᠯᠤᠰ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶᠠᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠬᠢᠨᠠᠯᠲᠠ ᠲᠠᠯᠪᠢᠬᠤ ᠵᠤᠷᠭᠠᠨ᠎ᠤ ᠳᠡᠳ᠋ ᠳᠠᠷᠤᠭ᠎ᠠ ᠰᠦᠨ ᠢ ᠵᠢᠶᠦ᠋ᠨ ᠬᠡᠯᠡᠪᠡ᠃
ᠦᠨᠳᠦᠰᠦᠨ ᠱᠠᠲᠤᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠰᠢᠨ᠎ᠤ ᠬᠠᠷᠢᠭᠤᠴᠠᠯᠭ᠎ᠠ ᠶ᠋ᠢ ᠨᠠᠢᠳᠠᠪᠤᠷᠢᠵᠢᠭᠤᠯᠬᠤ ᠦᠭᠡᠶ ᠪᠠᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ
《ᠣᠢᠷ᠎ᠠ᠎ᠶ᠋ᠢᠨ ᠵᠢᠯ᠎ᠳᠦ᠂ ᠵᠢᠶᠠᠩᠰᠢ᠎ᠶ᠋ᠢᠨ ᠱᠢᠨ ᠢᠦᠶ᠂ ᠯᠢᠶᠣᠤᠨᠢᠩ᠎ᠤᠨ ᠯᠢᠶᠤᠤᠶᠠᠩ᠂ ᠭᠤᠸᠠᠩᠳᠦ᠋ᠩ᠎ᠦᠨ ᠱᠠᠨ ᠲᠧᠦ ᠵᠡᠷᠭᠡ ᠭᠠᠵᠠᠷ᠎ᠲᠤ ᠭᠠᠷᠤᠭ᠍ᠰᠠᠨ ᠬᠦᠨᠳᠦ ᠣᠨᠴᠠ ᠶᠡᠬᠡ ᠭᠠᠯ᠎ᠤᠨ ᠠᠶᠤᠯ᠎ᠨᠢ ᠴᠥᠮ ᠦᠨᠳᠦᠰᠦᠨ ᠱᠠᠲᠤᠨ᠎ᠳᠤ ᠪᠠᠢᠵᠤ᠂ ᠬᠡᠰᠡᠭ ᠦᠨᠳᠦᠰᠦᠨ ᠱᠠᠲᠤᠨ᠎ᠤ ᠨᠢᠭᠡᠴᠢ᠎ᠶ᠋ᠢᠨ ᠲᠣᠰ ᠪᠡᠶ᠎ᠡ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠤᠬᠠᠶ ᠲᠠᠨᠢᠯᠲᠠ᠎ᠨᠢ ᠲᠣᠳᠣᠷᠬᠠᠶ ᠥᠬᠡᠶ᠂ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠶ ᠭᠦᠶ᠋ᠴᠡᠳᠭᠡᠭ᠌ᠰᠡᠨ ᠥᠬᠡᠶ᠂ ᠲᠦᠷᠢᠮ ᠲᠣᠭ᠍ᠲᠡᠴᠡ᠎ᠶ᠋ᠢ ᠬᠣᠭᠣᠰᠣᠨ ᠲᠡᠳᠦᠢ ᠵᠢᠴᠢ ᠬᠡᠮ ᠰᠣᠭᠣᠭ᠎ᠢ ᠵᠢᠭ᠍ᠰᠠᠭᠠᠨ ᠪᠠᠢᠴᠠᠭᠠᠭ᠍ᠰᠠᠨ᠎ᠨᠢ ᠭᠦᠨᠵᠡᠭᠡᠶ ᠪᠤᠰᠤ ᠨᠠᠷᠢᠯᠢᠭ ᠪᠤᠰᠤ ᠪᠣᠳᠠᠲᠠᠶ ᠪᠤᠰᠤ ᠪᠠᠢᠬᠤ ᠵᠡᠷᠭᠡ ᠠᠰᠠᠭᠤᠳᠠᠯ᠎ᠢ ᠢᠯᠡᠷᠡᠭᠦᠯᠵᠡᠶ》᠃ ᠰᠥᠩ ᠱᠣ᠌ ᠱᠢᠨ᠂ ᠰᠠᠨᠠᠯ᠎ᠳᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠪᠠᠢᠭᠤᠯᠤᠯ ᠲᠣᠭ᠍ᠲᠡᠴᠡ᠎ᠶ᠋ᠢ ᠱᠢᠯᠤᠭᠤᠳᠭᠠᠬᠤ᠎ᠪᠠᠷ ᠳᠠᠮᠵᠢᠭᠤᠯᠤᠨ᠂ ᠡᠯ᠎ᠡ ᠲᠠᠯ᠎ᠠ᠎ᠶ᠋ᠢᠨ ᠡᠷᠬᠡ ᠬᠠᠷᠢᠭᠤᠴᠠᠯᠭ᠎ᠠ᠎ᠶ᠋ᠢ ᠴᠢᠨᠠᠭᠰᠢᠳᠠ ᠲᠣᠳᠣᠷᠬᠠᠶ ᠪᠣᠯᠭᠠᠵᠤ᠂ 《ᠰᠡᠷᠭᠡᠢᠯᠡᠬᠦ᠌》 ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠲᠤᠤᠷ᠎ᠢ ᠨᠢᠭ᠍ᠲᠠ ᠪᠠᠬᠢ ᠰᠦᠯᠵᠢᠭᠰᠡᠨ ᠪᠠᠢᠨ᠎ᠠ ᠭᠡᠵᠦ ᠢᠯᠡᠳᠭᠡᠪᠡ᠃
ᠮᠠᠨ᠎ᠤ ᠤᠯᠤᠰ᠎ᠤᠨ ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠱᠠᠲᠤᠨ᠎ᠳᠤ ᠭᠠᠯ ᠰᠡᠷᠭᠡᠢᠯᠡᠵᠦ ᠭᠠᠯ ᠤᠨᠲᠠᠷᠠᠭᠠᠬᠤ ᠲᠤᠰᠭᠠᠢ ᠪᠠᠢᠭᠤᠯᠤᠮᠵᠢ ᠪᠠᠢᠬᠤ ᠦᠭᠡᠢ᠃ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠲᠤᠰᠭᠠᠶ ᠬᠦᠴᠦᠨ ᠬᠦᠷᠦᠯᠴᠡᠬᠦ᠌ ᠦᠭᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠤᠰᠠᠳᠠ᠂ ᠰᠠᠨᠠᠯ᠎ᠳᠤ ᠱᠢᠶᠠᠩ ᠪᠠᠯᠭᠠᠰᠤ(ᠵᠡᠭᠡᠯᠢ ᠭᠤᠳᠤᠮᠵᠢ) ᠭᠠᠯ ᠰᠡᠷᠭᠡᠢᠯᠡᠵᠦ ᠭᠠᠯ ᠤᠨᠲᠠᠷᠠᠭᠠᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢ ᠳᠣᠲᠣᠭᠠᠳᠤ ᠪᠠᠢᠭᠤᠯᠤᠮᠵᠢ᠂ ᠵᠠᠰᠠᠭ᠎ᠤᠨ ᠣᠷᠳᠣᠨ᠎ᠤ ᠲᠤᠰᠭᠠᠶ ᠲᠤᠱᠢᠶᠠᠯᠳᠦ ᠭᠠᠯ ᠤᠨᠲᠠᠷᠠᠭᠠᠭ᠍ᠴᠢ ᠬᠠᠪᠰᠤᠷᠤᠨ ᠬᠠᠤᠯᠢ ᠬᠡᠷᠡᠭ᠌ᠵᠢᠭᠦᠯᠬᠦ᠌ ᠵᠡᠷᠭᠡ᠎ᠳᠦ ᠨᠠᠢᠳᠠᠪᠤᠷᠢᠵᠢᠭᠤᠯᠤᠨ᠎ᠠ ᠭᠡᠵᠦ᠍ ᠳᠤᠷᠠᠳᠤᠭ᠍ᠰᠠᠨ᠎ᠤ ᠬᠠᠮᠲᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠣᠯᠠᠨ ᠵᠦᠢᠯ᠎ᠦᠨ ᠬᠡᠯᠪᠡᠷᠢ᠎ᠶᠢ ᠠᠪᠴᠤ᠌ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠲᠤᠰᠭᠠᠶ ᠬᠦᠴᠦᠨ᠎ᠢ ᠲᠡᠭᠦᠯᠳᠡᠷᠵᠢᠭᠦᠯᠬᠦ᠌᠎ᠶ᠋ᠢ ᠳᠡᠮᠵᠢᠵᠦ᠍᠂ ᠦᠨᠳᠦᠰᠦᠨ ᠱᠠᠲᠤᠨ᠎ᠤ 《ᠰᠡᠷᠭᠡᠢᠯᠡᠬᠦ᠌》 ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ ᠭᠡᠵᠦ᠍ ᠲᠣᠳᠣᠷᠬᠠᠢᠯᠠᠪᠠ᠃
ᠤᠷᠲᠤ ᠬᠤᠭᠤᠴᠠᠭᠠᠨ᠎ᠤ ᠲᠤᠷᠰᠢ᠂ ᠡᠵᠡᠩᠨᠡᠯᠲᠡ᠎ᠶ᠋ᠢᠨ ᠴᠢᠨᠠᠷᠲᠠᠶ ᠥᠪᠡᠰᠦᠪᠡᠨ ᠪᠠᠷᠢᠭ᠍ᠰᠠᠨ ᠭᠡᠷ ᠪᠠᠢᠱᠢᠩ ᠵᠡᠷᠭᠡ ᠵᠢᠨ ᠳᠠᠯᠳᠠ ᠭᠡᠮ ᠨᠢ ᠬᠡᠮᠵᠢᠶ᠎ᠡ ᠪᠡᠷ ᠶᠡᠬᠡ ᠬᠡᠪᠴᠢᠶ᠎ᠡ᠎ᠪᠡᠷ ᠥᠷᠭᠡᠨ ᠪᠣᠯᠪᠠᠴᠤ᠌ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠪᠠᠲᠤᠯᠠᠭ᠎ᠠ᠎ᠶ᠋ᠢᠨ ᠴᠢᠳᠠᠪᠤᠷᠢ ᠬᠠᠷᠢᠴᠠᠩᠭᠤᠶ ᠬᠣᠴᠣᠷᠴᠤ᠌᠂ ᠱᠢᠶᠠᠩ ᠪᠠᠯᠭᠠᠰᠤ᠎ᠶ᠋ᠢᠨ ᠬᠥᠳᠡᠭᠡ ᠲᠣᠰᠭᠣᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠤᠰᠤᠨ ᠰᠤᠷᠪᠤᠯᠵᠢ᠂ ᠭᠠᠯ ᠰᠡᠷᠭᠡᠢᠯᠡᠵᠦ ᠭᠠᠯ ᠤᠨᠲᠠᠷᠠᠭᠠᠬᠤ ᠥᠷᠲᠡᠭᠡ ᠂ ᠭᠠᠯ ᠰᠡᠷᠭᠡᠢᠯᠡᠵᠦ ᠭᠠᠯ ᠤᠨᠲᠠᠷᠠᠭᠠᠬᠤ ᠪᠠᠭᠠᠵᠢ ᠬᠡᠷᠡᠭ᠌ᠰᠡᠯ ᠲᠣᠨᠣᠭ ᠲᠥᠬᠥᠭᠡᠷᠦᠮᠵᠢ ᠵᠡᠷᠭᠡ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠳᠤ ᠪᠠᠰᠠ ᠴᠥᠭᠡᠨ ᠪᠤᠰᠤ ᠳᠤᠲᠠᠭᠤᠳᠠᠯ ᠣᠷᠣᠱᠢᠵᠤ ᠪᠠᠢᠨ᠎ᠠ᠃ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠰᠠᠭᠤᠷᠢ ᠪᠠᠭᠤᠷᠠᠶ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠰᠠᠨᠠᠯ᠎ᠳᠤ ᠬᠣᠲᠠ᠎ᠶ᠋ᠢ ᠱᠢᠨᠡᠳᠭᠡᠬᠦ᠌ ᠠᠵᠢᠯᠯᠠᠭ᠎ᠠ ᠵᠡᠷᠭᠡ᠎ᠲᠡᠶ ᠤᠶᠠᠯᠳᠤᠭᠤᠯᠤᠨ ᠣᠯᠠᠨ ᠨᠡᠢᠲᠡ᠎ᠶ᠋ᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠲᠦᠭᠦᠭᠡᠷᠦᠮᠵᠢ᠎ᠶ᠋ᠢ ᠵᠡᠷᠭᠡ᠎ᠳᠦᠨᠢ ᠲᠡᠭᠦᠯᠳᠡᠷᠵᠢᠭᠦᠯᠵᠦ᠍᠂ ᠣᠷᠣᠨ ᠪᠦᠰᠡ᠎ᠶ᠋ᠢᠨ ᠴᠢᠨᠠᠷᠲᠠᠶ ᠬᠦᠨᠳᠦ ᠶᠡᠬᠡ ᠭᠠᠯ᠎ᠤᠨ ᠠᠶᠤᠯ᠎ᠤᠨ ᠳᠠᠯᠳᠠ ᠭᠡᠮ᠎ᠢ ᠠᠷᠢᠯᠭᠠᠨ᠎ᠠ ᠭᠡᠵᠦ᠍ ᠳᠤᠷᠠᠳᠪᠠ᠃
ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠬᠦ᠌ ᠴᠢᠬᠤᠯᠠᠲᠠᠢ
ᠰᠠᠨᠠᠯ᠎ᠳᠤ᠂ ᠰᠡᠷᠭᠡᠢᠯᠡᠬᠦ᠌ ᠤᠨᠲᠠᠷᠠᠭᠠᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠢ ᠭᠡᠵᠦ ᠲᠤᠷᠠᠳᠪᠠ᠃ ᠥᠭᠡᠷ᠎ᠡ᠎ᠪᠡᠷ ᠬᠡᠯᠡᠪᠡᠯ᠂ ᠬᠣᠢᠱᠢᠳᠠ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠨᠢ ᠪᠠᠰᠠ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠬᠦ᠌ ᠬᠡᠷᠡᠭ᠌ᠲᠡᠶ᠃
《ᠡᠨᠡ ᠨᠢ ᠳᠣᠲᠣᠭᠠᠳᠤ᠎ᠶ᠋ᠢᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠭᠤᠳᠠᠯᠵᠤ᠂ ᠣᠲᠣ᠎ᠶ᠋ᠢᠨ ᠪᠠᠢᠭ᠎ᠠ ᠣᠷᠣᠨ ᠲᠣᠭ᠎ᠠ᠎ᠶ᠋ᠢᠨ ᠡᠬᠢ ᠪᠠᠶᠠᠯᠢᠭ᠎ᠢ ᠭᠦᠶ᠋ᠴᠡᠳ ᠠᠮᠢᠳᠤᠯᠢᠭᠵᠢᠭᠤᠯᠵᠤ᠂ ᠣᠷᠳᠣ ᠬᠤᠭᠤᠴᠠᠭᠠᠨ᠎ᠤ ᠲᠤᠷᠰᠢ ᠦᠨᠳᠦᠰᠦᠨ ᠱᠠᠲᠤ᠎ᠶ᠋ᠢ ᠭᠠᠴᠢᠭ᠍ᠳᠠᠭᠤᠯᠵᠤ ᠪᠠᠢᠭ᠍ᠰᠠᠨ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠬᠤ ᠬᠦᠴᠦᠨ ᠬᠦᠷᠦᠯᠴᠡᠬᠦ᠌ ᠥᠬᠡᠶ ᠪᠠᠢᠭ᠍ᠰᠠᠨ ᠪᠠᠢᠭᠤᠯᠤᠯ᠎ᠤᠨ ᠴᠢᠨᠠᠷᠲᠠᠶ ᠬᠠᠷᠰᠢ ᠰᠠᠭᠠᠳ᠎ᠢ ᠠᠷᠢᠯᠭᠠᠵᠤ᠂ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠬᠦᠴᠦᠨ᠎ᠦ ᠪᠠᠢᠷᠢᠱᠢᠯ᠎ᠢ ᠳᠠᠬᠢᠨ ᠪᠠᠢᠭᠤᠯᠵᠤ᠂ 〈ᠰᠡᠷᠭᠡᠢᠯᠡᠬᠦ᠌〉 ᠳᠡᠭᠡᠷ᠎ᠡ ᠲᠥᠪᠯᠡᠷᠡᠭᠦᠯᠬᠦ᠌᠎ᠶ᠋ᠢᠨ ᠲᠥᠯᠥᠭᠡ ᠶᠤᠮ》 ᠭᠡᠵᠦ ᠰᠦᠩ ᠱᠣ᠌ ᠱᠢᠨ ᠬᠡᠯᠡᠪᠡ᠃
ᠰᠡᠷᠭᠡᠢᠯᠡᠬᠦ᠌ ᠤᠨᠲᠠᠷᠠᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠶ᠋ᠢ ᠬᠡᠷᠬᠢᠨ ᠬᠡᠷᠡᠭ᠌ᠵᠢᠭᠦᠯᠬᠦ᠌ ᠪᠣᠶ?
ᠨᠢᠭᠡ᠎ᠳᠦ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠨᠢ ᠭᠣᠣᠯᠳᠠᠭᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ᠎ᠶ᠋ᠢ ᠡᠭᠦᠷᠭᠡᠯᠡᠬᠦ᠌᠎ᠶ᠋ᠢᠨ ᠬᠠᠮᠲᠤ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠬᠤ᠎ᠶ᠋ᠢ ᠵᠡᠷᠭᠡ᠎ᠳᠦᠨᠢ ᠡᠭᠦᠷᠭᠡᠯᠡᠵᠦ᠍᠂ ᠱᠢᠶᠠᠨ᠎ᠤ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠨᠡᠷ᠎ᠡ᠎ᠪᠡᠷ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠵᠤ ᠪᠠᠢᠴᠠᠭᠠᠬᠤ ᠬᠠᠤᠯᠢ ᠬᠡᠷᠡᠭ᠌ᠵᠢᠭᠦᠯᠬᠦ᠌ ᠠᠵᠢᠯ᠎ᠢ ᠬᠠᠤᠯᠢ ᠶᠣᠰᠣᠭᠠᠷ ᠥᠷᠨᠢᠭᠦᠯᠵᠦ᠍᠂ ᠡᠭᠦᠨ᠎ᠢᠶᠡᠷ ᠦᠨᠳᠦᠰᠦᠨ ᠱᠠᠲᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠬᠦ᠌ ᠬᠦᠴᠦᠨ ᠬᠦᠷᠦᠯᠴᠡᠬᠦ᠌ ᠦᠭᠡᠶ ᠪᠠᠢᠭ᠎ᠠ ᠠᠰᠠᠭᠤᠳᠠᠯ᠎ᠢ ᠨᠠᠮᠳᠠᠭᠤᠯᠤᠨ᠎ᠠ᠃
ᠬᠣᠶᠠᠷ᠎ᠲᠤ ᠵᠠᠰᠠᠭ᠎ᠤᠨ ᠣᠷᠳᠣᠨ᠎ᠤ ᠲᠤᠰᠭᠠᠶ ᠲᠤᠱᠢᠶᠠᠯᠳᠦ ᠭᠠᠯ ᠤᠨᠲᠠᠷᠠᠭᠠᠭ᠍ᠴᠢ ᠨᠢ ᠭᠠᠯ ᠰᠡᠷᠭᠡᠢᠯᠡᠵᠦ ᠭᠠᠯ ᠤᠨᠲᠠᠷᠠᠭᠠᠬᠤ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠳᠦ ᠬᠠᠪᠰᠤᠷᠤᠯᠭ᠎ᠠ ᠦᠵᠡᠭᠦᠯᠦᠨ᠎ᠡ᠃ ᠵᠠᠰᠠᠭ᠎ᠤᠨ ᠣᠷᠳᠣᠨ ᠤ ᠲᠤᠰᠭᠠᠶ ᠲᠤᠱᠢᠶᠠᠯᠳᠦ ᠭᠠᠯ ᠤᠨᠲᠠᠷᠠᠭᠠᠭ᠍ᠴᠢ ᠨᠢ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠬᠤ ᠲᠤᠰᠭᠠᠶ ᠮᠡᠷᠭᠡᠵᠢᠯ᠎ᠦᠨ ᠬᠢᠷᠢ ᠬᠡᠮ᠎ᠢ ᠣᠯᠤᠭ᠍ᠰᠠᠨ᠎ᠤ ᠳᠠᠷᠠᠭ᠎ᠠ᠂ ᠭᠠᠯ ᠰᠡᠷᠭᠡᠢᠯᠡᠵᠦ ᠭᠠᠯ ᠤᠨᠲᠠᠷᠠᠭᠠᠬᠤ ᠬᠢᠨᠠᠯᠲᠠ ᠲᠠᠯᠪᠢᠵᠤ ᠪᠠᠢᠴᠠᠭᠠᠬᠤ᠂ ᠪᠠᠢᠴᠠᠭᠠᠵᠤ ᠭᠡᠷᠡᠴᠢ ᠠᠪᠬᠤ᠂ ᠠᠯᠪᠠᠨ ᠪᠢᠴᠢᠭ ᠬᠦᠷᠭᠡᠬᠦ᠌ ᠵᠢᠴᠢ ᠬᠦᠩᠭᠡᠨ ᠭᠠᠯ᠎ᠤᠨ ᠠᠶᠤᠯ᠎ᠢ ᠳᠠᠩᠰᠠᠯᠠᠬᠤ ᠵᠡᠷᠭᠡ ᠠᠵᠢᠯ ᠶᠠᠪᠤᠳᠠᠯ᠎ᠤᠨ ᠴᠢᠨᠠᠷᠲᠠᠶ᠂ ᠪᠠᠲᠤᠯᠠᠭ᠎ᠠ᠎ᠶ᠋ᠢᠨ ᠴᠢᠨᠠᠷᠲᠠᠶ ᠠᠵᠢᠯ᠎ᠢ ᠬᠠᠪᠰᠤᠷᠤᠨ ᠬᠢᠵᠦ᠍ ᠪᠣᠯᠤᠨ᠎ᠠ᠃
ᠡᠭᠦᠨ᠎ᠡᠴᠡ ᠭᠠᠳᠠᠨ᠎ᠠ᠂ ᠤᠯᠤᠰ᠎ᠤᠨ ᠶᠡᠷᠦᠩᠬᠡᠢᠯᠡᠭ᠌ᠰᠡᠨ ᠴᠢᠨᠠᠷᠲᠠᠶ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡᠨ᠎ᠦ ᠭᠠᠯ ᠤᠨᠲᠠᠷᠠᠭᠠᠭ᠍ᠴᠢ ᠪᠣᠯᠤᠨ ᠺᠠᠳ᠋ᠷ᠎ᠢ ᠱᠢᠶᠠᠩ ᠪᠠᠯᠭᠠᠰᠤ᠎ᠳᠤ ᠪᠠᠭᠤᠯᠭᠠᠬᠤ᠎ᠳᠤ᠂ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠣᠨᠴᠠᠯᠢᠭ᠎ᠢᠶᠠᠨ ᠦᠨᠳᠦᠰᠦᠯᠡᠨ ᠬᠠᠷᠢᠶ᠎ᠠ ᠣᠷᠣᠨ᠎ᠢᠶᠡᠨ ᠬᠡᠳᠦᠨ ᠬᠡᠰᠡᠭ ᠪᠤᠯᠭᠠᠨ ᠬᠤᠪᠢᠶᠠᠷᠢᠯᠡᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠬᠢᠷᠢ ᠬᠡᠮ᠎ᠲᠡᠶ ᠭᠠᠯ ᠤᠨᠲᠠᠷᠠᠭᠠᠭ᠍ᠴᠢ ᠪᠣᠯᠤᠨ ᠺᠠᠳ᠋ᠷ᠎ᠢ ᠲᠣᠬᠢᠷᠠᠭᠤᠯᠵᠤ᠂ ᠬᠠᠤᠯᠢ ᠬᠡᠷᠡᠭ᠌ᠵᠢᠭᠦᠯᠵᠦ᠍ ᠬᠢᠨᠠᠨ ᠬᠠᠮᠢᠶᠠᠷᠬᠤ ᠪᠣᠳᠠᠲᠠᠶ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ ᠪᠤᠯᠤᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)