《ᠭᠤᠷᠪᠠᠨ ᠮᠢᠩᠭᠠᠨ ᠥᠨᠥᠴᠢᠨ ᠬᠡᠦᠬᠡᠳ ᠢ᠋ ᠦᠷᠡᠴᠢᠯᠡᠨ ᠳᠡᠵᠢᠭᠡᠭᠰᠡᠨ ᠨᠢ》 ᠬᠡᠬᠦ ᠵᠦᠴᠦᠬᠡ ᠵᠢ ᠪᠥᠬᠥ᠌ ᠣᠷᠣᠨ ᠳ᠋ᠤ ᠲᠣᠭᠣᠷᠢᠨ ᠲᠤᠭᠯᠠᠪᠠ
2026-04-13 10:12:52
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

 《ᠨᠢᠭᠡ ᠶ᠋ᠢ ᠲᠤᠰᠴᠦ ᠠᠪᠤᠪᠠᠯ ᠨᠢᠭᠡ ᠶ᠋ᠢ ᠠᠮᠢᠳᠤᠷᠠᠭᠤᠯᠤᠨ᠎ᠠ᠂ ᠨᠢᠭᠡ ᠶ᠋ᠢ ᠦᠷᠡᠴᠢᠯᠡᠨ ᠲᠡᠵᠢᠭᠡᠪᠡᠯ ᠨᠢᠭᠡ ᠶ᠋ᠢ ᠬᠦᠮᠦᠨ ᠪᠤᠯᠭᠠᠨ᠎ᠠ!》 ᠴᠠᠭ ᠮᠥᠴᠡ ᠵᠤᠭᠰᠤᠰᠢ ᠦᠬᠡᠢ ᠦᠩᠬᠡᠷᠡᠭᠰᠡᠨ ᠴᠦ᠍ ᠲᠡᠷᠡ ᠬᠦ᠌ ᠠᠭᠤᠯᠠ ᠤᠰᠤ ᠵᠢ ᠠᠯᠤᠰᠯᠠᠭᠰᠠᠨ᠂ ᠦᠨᠳᠦᠰᠦᠳᠡᠨ ᠶᠠᠰᠤᠳᠠᠨ ᠪᠠ ᠮᠢᠬ᠎ᠠ ᠴᠢᠰᠤᠨ ᠤ᠋ ᠬᠠᠷᠢᠴᠠᠭ᠎ᠠ ᠵᠢ ᠠᠯᠤᠰᠯᠠᠭᠰᠠᠨ᠂ ᠲᠡᠦᠬᠡ ᠶ᠋ᠢᠨ ᠣᠷᠳᠣ ᠬᠠᠭᠤᠳᠠᠰᠤᠨ ᠳ᠋ᠦ ᠥᠨᠢᠳᠡ ᠰᠡᠢᠯᠦᠭ᠌ᠳᠡᠭ᠌ᠰᠡᠨ 《ᠭᠤᠷᠪᠠᠨ ᠮᠢᠩᠭᠠᠨ ᠥᠨᠥᠴᠢᠨ ᠬᠡᠦᠬᠡᠳ ᠢ᠋ ᠦᠷᠡᠴᠢᠯᠡᠨ ᠳᠡᠵᠢᠭᠡᠭᠰᠡᠨ》 ᠦᠢᠯᠡ ᠶᠠᠪᠤᠳᠠᠯ ᠦᠪᠦᠷ ᠮᠤᠨᠭᠭᠤᠯ ᠤ᠋ᠨ ᠠᠷᠠᠳ ᠲᠦᠮᠡᠨ ᠤ᠋ ᠠᠭᠤᠤ ᠬᠠᠢᠷ᠎ᠠ᠂ ᠠᠭᠤᠳᠠᠮ ᠪᠠᠭᠳᠠᠭᠠᠮᠵᠢ᠂ ᠦᠭᠬᠢᠶᠡᠮᠦᠷ ᠰᠡᠳᠬᠢᠯ ᠢ᠋ ᠮᠦᠩᠬᠡᠯᠡᠵᠠᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠨᠢᠭᠡᠳᠦᠮᠡᠯ ᠹᠷᠣᠨᠲ  ᠡᠴᠡ ᠵᠢᠯᠤᠭᠤᠳᠴᠤ᠂ ᠥᠪᠥᠷ  ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠮᠣᠩᠭᠣᠯ ᠵᠦᠴᠦᠭᠡ ᠶ᠋ᠢᠨ ᠤᠷᠠᠯᠢᠭ ᠤ᠋ᠨ ᠪᠦᠯᠬᠦᠮ ᠡᠴᠡ ᠲᠣᠭ᠍ᠯᠠᠭ᠍ᠰᠠᠨ《ᠭᠤᠷᠪᠠᠨ ᠮᠢᠩᠭᠠᠨ ᠥᠨᠥᠴᠢᠨ ᠬᠡᠦᠬᠡᠳ ᠢ᠋ ᠦᠷᠡᠴᠢᠯᠡᠨ ᠳᠡᠵᠢᠭᠡᠭᠰᠡᠨ ᠨᠢ》 ᠬᠡᠬᠦ ᠲᠣᠮᠣ ᠬᠡᠯᠪᠡᠷᠢ ᠶ᠋ᠢᠨ ᠲᠠᠢᠰᠠᠨ ᠤ᠋ ᠵᠦᠴᠦᠭᠡ ᠶ᠋ᠢᠨ ᠪᠥᠬᠥ᠌ ᠣᠷᠣᠨ ᠳ᠋ᠡᠬᠢ ᠲᠣᠭᠣᠷᠢᠨ ᠲᠣᠭ᠍ᠯᠠᠯᠳᠠ ᠤᠷᠴᠢᠮᠬᠠᠨ ᠱᠢᠯᠢ ᠶ᠋ᠢᠨ ᠭᠤᠤᠯ ᠠᠢᠮᠠᠭ ᠪᠠ ᠤᠯᠠᠭᠠᠨᠬᠠᠳᠠ ᠬᠤᠳᠠ ᠳ᠋ᠤ ᠬᠦᠭᠵᠢᠶᠡᠨᠳᠡᠢ  ᠶᠠᠪᠤᠬᠳᠠᠪᠠ᠃

 2025 ᠣᠨ ᠤ᠋ 12 ᠰᠠᠷ᠎ᠠ ᠳ᠋ᠦ᠂ ᠲᠤᠰ ᠵᠦᠴᠦᠭᠡ ᠶ᠋ᠢᠨ ᠪᠦᠬᠦ ᠤᠷᠤᠨ ᠳ᠋ᠡᠬᠢ ᠲᠣᠭᠣᠷᠢᠨ ᠲᠣᠭ᠍ᠯᠠᠯᠳᠠ ᠤᠯᠠᠭᠠᠨᠴᠠᠪ ᠬᠤᠳᠠ ᠪᠠ ᠤᠷᠳᠤᠰ ᠬᠤᠳᠠ ᠳ᠋ᠦ ᠶᠠᠪᠤᠭᠳᠠᠵᠦ᠂ 10 ᠬᠣᠱᠢᠭᠤ ᠱᠢᠶᠠᠨ ᠲᠣᠭᠣᠷᠢᠭ ᠲᠦ᠍ 10 ᠲᠠᠯᠠᠪᠠᠢ ᠲᠣᠭ᠍ᠯᠠᠯᠲᠠ ᠭᠠᠷᠭᠠᠵᠠᠢ᠃ ᠲᠤᠰ ᠵᠦᠴᠦᠭᠡ ᠨᠢ 20 ᠳ᠋ᠤᠭᠠᠷ ᠵᠠᠭᠤᠨ ᠤ᠋ ᠲᠠᠪᠢᠭᠠᠳ ᠣᠨ ᠤ᠋ ᠰᠡᠭᠦᠯᠴᠢ ᠡᠴᠡ ᠵᠢᠷᠠᠭᠠᠳ ᠣᠨ ᠤ᠋ ᠡᠬᠢ ᠪᠣᠯᠲᠠᠯ᠎ᠠ᠂ ᠨᠠᠮ ᠤ᠋ᠨ ᠬᠠᠯᠠᠮᠵᠢᠯᠠᠯ ᠪᠠ ᠤᠯᠤᠰ ᠤ᠋ᠨ ᠤᠷᠢᠶᠠᠯᠠᠭ᠎ᠠ ᠳᠤᠤᠷ᠎ᠠ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠠᠭᠤᠳᠠᠮ ᠪᠠᠭ᠍ᠲᠠᠭᠠᠮᠵᠢᠲᠠᠶ ᠪᠠᠷ ᠠᠯᠢᠪᠠ ᠬᠦᠴᠢᠷ ᠪᠡᠷᠬᠡᠱᠢᠶᠡᠯ ᠢ᠋ ᠢᠯᠡᠨ ᠳᠠᠪᠠᠵᠤ᠂ ᠱᠠᠩᠬᠠᠶ᠂ ᠵᠧᠵᠢᠶᠠᠩ᠂ ᠠᠨᠾᠦ᠋ᠢ᠂ ᠵᠢᠶᠠᠩᠰᠦ ᠵᠡᠷᠭᠡ ᠭᠠᠵᠠᠷ ᠡᠴᠡ ᠢᠷᠡᠭ᠌ᠰᠡᠨ 3000 ᠭᠠᠷᠤᠶ ᠥᠨᠥᠴᠢᠨ ᠬᠡᠦᠬᠡᠳ ᠢ᠋ ᠦᠷᠡᠴᠢᠯᠡᠨ ᠲᠡᠵᠢᠭᠡᠵᠦ᠍ ᠥᠰᠭᠡᠭᠰᠡᠨ ᠦᠢᠯᠡ ᠶᠠᠪᠤᠳᠠᠯ ᠢ᠋ ᠲᠤᠭᠯᠠᠨ ᠦᠵᠡᠬᠦᠯᠪᠠ᠃ ᠡᠬᠦᠨ ᠳ᠋ᠤ ᠲᠤᠬᠠᠢ ᠵᠢᠨ ᠦᠶ᠎ᠡ᠎ᠳᠦ 19 ᠨᠠᠰᠤᠲᠠᠶ ᠲᠦᠬᠦᠢᠮ᠎ᠡ ᠠᠰᠠᠷᠠᠭ᠍ᠴᠢ ᠪᠠᠷ ᠰᠣᠩᠭᠣᠭ᠍ᠳᠠᠵᠤ᠂ 28 ᠨᠢᠯᠬ᠎ᠠ ᠬᠡᠦᠬᠡᠳ ᠢ᠋ ᠠᠰᠠᠷᠠᠨ ᠬᠥᠮᠦᠵᠢᠭᠦᠯᠬᠦ᠌ ᠡᠭᠦᠷᠭᠡ ᠵᠢ ᠰᠠᠨᠠᠭᠠᠴᠢᠯᠠᠭ᠎ᠠ ᠡᠴᠡ ᠪᠠᠨ ᠡᠬᠦᠷᠭᠡᠯᠡᠨ᠂ ᠥᠭ᠌ᠭᠢᠶᠡᠮᠦᠷᠴᠢ ᠡᠬᠡ ᠶ᠋ᠢᠨ ᠬᠠᠢᠷ᠎ᠠ ᠪᠠᠷ ᠴᠢᠰᠤᠨ ᠲᠥᠷᠥᠯ ᠪᠣᠯᠤᠨ ᠭᠠᠵᠠᠷ ᠣᠷᠣᠨ ᠤ᠋ ᠵᠠᠭᠠᠭ ᠬᠢᠵᠠᠭᠠᠷ ᠢ᠋ ᠳᠠᠪᠠᠵᠤ᠂ ᠬᠡᠥᠬᠡᠳ᠎ᠤᠨ ᠨᠢᠯᠬ᠎ᠠ ᠪᠠᠯᠴᠢᠷ ᠣᠶᠤᠨ ᠤᠬᠠᠭᠠᠨ ᠢ᠋ ᠳᠤᠯᠠᠭᠠᠴᠠᠭᠤᠯᠤᠭᠰᠠᠨ ᠪᠠᠢᠨ᠎ᠠ᠃

ᠲᠣᠰ ᠵᠦᠴᠦᠭᠡ ᠨᠢ ᠱᠢᠨ᠎ᠡ ᠳᠤᠮᠳᠠᠳᠤ ᠤᠯᠤᠰ ᠤ᠋ᠨ ᠬᠦᠴᠢᠷ ᠪᠡᠷᠬᠡᠱᠢᠶᠡᠯ ᠲᠡᠶ ᠴᠠᠭ ᠦᠶ᠎ᠡ ᠳ᠋ᠤ ᠳᠤᠮᠳᠠᠳᠤ ᠶ᠋ᠢᠨ ᠬᠥᠪᠡᠭᠦᠳ ᠥᠬᠢᠳ ᠤ᠋ᠨ ᠨᠢᠭᠡ ᠰᠡᠳᠭᠢᠯ ᠨᠢᠭᠡ ᠵᠣᠷᠢᠭ ᠢ᠋ᠶ᠋ᠠᠷ ᠴᠠᠭ ᠤ᠋ᠨ ᠪᠡᠷᠬᠡ ᠵᠢ ᠬᠠᠮᠲᠤ ᠪᠠᠷ ᠳᠤᠭᠤᠯᠤᠭ᠍ᠰᠠᠨ ᠰᠡᠳᠭᠢᠯ ᠬᠥᠳᠡᠯᠭᠡᠮ᠎ᠡ ᠪᠠᠢᠳᠠᠯ ᠢ᠋ ᠠᠮᠢᠳᠤᠯᠢᠭ ᠢ᠋ᠶ᠋ᠠᠷ ᠳᠠᠬᠢᠨ ᠢᠯᠡᠷᠡᠭᠦᠯᠵᠦ᠍᠂ ᠲᠠᠯ᠎ᠠ ᠨᠤᠲᠤᠭ ᠤ᠋ᠨ ᠡᠵᠢ ᠶ᠋ᠢᠨ ᠬᠠᠷᠠᠮ ᠥᠬᠡᠶ ᠬᠤᠪᠢ ᠨᠡᠮᠡᠷᠢ ᠵᠢ ᠭᠦᠨ ᠰᠡᠳᠭᠢᠯᠭᠡ ᠪᠡᠷ ᠲᠤᠰᠬᠠᠨ᠂ 《ᠠᠷᠠᠳ ᠤ᠋ᠨ ᠵᠢᠱ᠌ᠢᠶᠡᠴᠢ》 ᠳ᠋ᠤ ᠬᠦᠨᠳᠦᠳᠭᠡᠯ ᠳᠡᠪᠱᠢᠭᠦᠯᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠡᠬᠡ ᠣᠷᠣᠨᠴᠢ ᠬᠠᠢᠷ᠎ᠠ ᠰᠡᠳᠭᠢᠯᠭᠡ ᠵᠢ ᠳᠠᠮᠵᠢᠭᠤᠯᠵᠤ᠂ ᠳᠤᠮᠳᠠᠳᠤ ᠶ᠋ᠢᠨ ᠦᠨᠳᠦᠰᠦᠲᠡᠨ ᠤ᠋ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠬᠤ ᠬᠦᠴᠦᠷᠬᠡᠭ ᠶᠡᠬᠡ ᠬᠦᠴᠦᠨ ᠴᠢᠳᠠᠯ ᠢ᠋ ᠢᠯᠡᠷᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号