ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠵᠤ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
2026-04-13 11:38:48
ᠵᠣᠬᠢᠶᠠᠭ᠍ᠴᠢ᠄
ᠸᠠᠩ ᠶᠠ ᠵᠢᠩ
ᠣᠩᠱᠢᠭ᠍ᠰᠠᠨ ᠣᠳᠠᠭ᠎ᠠ᠄
★★★☆☆

《ᠠᠭᠤᠯᠠ ᠤᠰᠤᠨ᠎ᠤ ᠭᠤᠤ᠎ᠠ ᠰᠠᠢᠬᠠᠨ᠎ᠢ ᠬᠦᠮᠦᠰ ᠡᠷᠲᠡᠨ ᠡᠴᠡ ᠢᠨᠠᠭᠰᠢ ᠮᠠᠬᠳᠠᠨ ᠲᠠᠭᠤᠯᠠᠭᠰᠠᠭᠠᠷ ᠢᠷᠡᠵᠡᠢ᠃ ᠱᠤᠪᠬᠤ ᠣᠷᠭᠢᠯ ᠡᠭᠦᠯᠡᠨ᠎ᠳᠦ ᠰᠢᠷᠭᠤᠵᠤ᠂ ᠤᠷᠤᠰᠬᠠᠯ ᠤᠰᠤᠨ ᠲᠤᠯᠢ ᠮᠡᠳᠦ ᠲᠤᠩᠭᠠᠯᠠᠭ》 ᠭᠡᠵᠦ ᠢᠷᠠᠭᠤ ᠴᠡᠭᠡᠯᠬᠡᠨ ᠤᠩᠱᠢᠯᠭ᠎ᠠ᠎ᠶ᠋ᠢᠨ ᠲᠠᠭᠤᠨ ᠰᠤᠷᠭᠠᠭᠤᠯᠢ᠎ᠶ᠋ᠢᠨ ᠬᠦᠷᠢᠶᠡᠨ᠎ᠡᠴᠡ ᠴᠤᠤᠷᠢᠶᠠᠲᠤᠨ᠎ᠠ᠃ ᠡᠨᠡ ᠪᠣᠯ ᠬᠥᠬᠡᠬᠣᠲᠠ᠎ᠶ᠋ᠢᠨ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠰᠤᠷᠤᠬᠴᠢ ᠴᠧᠨ ᠵᠢᠶᠠ ᠢᠦᠢ ᠵᠢᠨ ᠰᠤᠩᠭᠤᠳᠠᠭ ᠪᠦᠲᠦᠭᠡᠯ᠎ᠤᠨ ᠤᠷᠠᠨ ᠤᠩᠰᠢᠯᠭ᠎ᠠ ᠪᠣᠯᠤᠨ᠎ᠠ᠃ ᠤᠢᠯᠠᠭᠠᠭᠰᠠᠨ ᠵᠢᠡᠷ᠂ ᠲᠡᠬᠦᠨ᠎ᠤ ᠡᠨᠡᠬᠦ ᠪᠦᠳᠦᠭᠡᠯ ᠨᠢ ᠬᠥᠬᠡᠬᠣᠲᠠ᠎ᠶ᠋ᠢᠨ ᠳᠣᠯᠣᠳᠤᠭᠠᠷ ᠬᠤᠭᠤᠴᠠᠭᠠᠨ᠎ᠤ ᠳᠤᠮᠳᠠᠳᠤ᠎ᠶ᠋ᠢᠨ ᠰᠣᠩᠭᠣᠳᠠᠭ ᠪᠦᠳᠦᠭᠡᠯ᠎ᠤᠨ ᠤᠷᠠᠨ ᠤᠩᠱᠢᠯᠭ᠎ᠠ᠎ᠶ᠋ᠢᠨ ᠤᠷᠤᠯᠳᠤᠭᠠᠨ᠎ᠳᠤ ᠨᠢᠭᠡᠳᠦᠭᠡᠷ ᠳᠡᠰ᠎ᠤᠨ ᠱᠠᠩᠨᠠᠯ ᠤᠯᠵᠤ᠂ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠱᠠᠩᠨᠠᠯ ᠎ᠢ ᠬᠦᠷᠳᠡᠵᠥ᠍᠂ ᠰᠤᠷᠤᠭ᠍ᠴᠢ ᠵᠢᠨ ᠪᠦᠲᠦᠭᠡᠯ 《ᠡᠯᠢᠭᠡᠨ ᠬᠠᠢᠷᠠᠲᠦ ᠳᠤᠮᠳᠠᠳᠤ ᠤᠯᠤᠰ》 ᠨᠢ ᠬᠤᠳᠠ᠎ᠶ᠋ᠢᠨ ᠬᠣᠶᠠᠳᠤᠭᠠᠷ ᠳᠡᠰ᠎ᠤᠨ ᠱᠠᠩᠨᠠᠯ᠎ᠢ ᠬᠦᠷᠳᠡᠵᠥ᠍᠂ 《ᠡᠭᠡ ᠤᠯᠤᠰ ᠵᠢᠡᠨ ᠤᠶᠠᠩᠭᠠᠯᠠᠨᠠᠮ》 ᠭᠡᠬᠦ ᠪᠦᠲᠦᠭᠡᠯ ᠨᠢ ᠬᠤᠳᠠ᠎ᠶ᠋ᠢᠨ ᠭᠤᠷᠪᠠᠳᠤᠭᠠᠷ ᠳᠡᠰ᠎ᠤᠨ ᠱᠠᠩᠨᠠᠯ᠎ᠢ  ᠬᠦᠷᠳᠡᠪᠡ᠃

ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ  ᠪᠦᠬᠦ᠌ ᠱᠢᠶᠠᠨ᠎ᠤ ᠴᠤᠷ᠎ᠤᠨ ᠭᠠᠭ᠍ᠴᠠ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠦᠰᠦᠭ ᠪᠢᠴᠢᠭ᠎ᠦᠨ ᠵᠢᠱ᠌ᠢᠢ᠎ᠡ ᠦᠵᠡᠭᠦᠯᠬᠦ᠌ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠬᠡ᠎ᠪᠡᠷ ᠳᠡᠯᠭᠡᠷᠡᠭᠦᠯᠬᠦ᠌᠂ ᠬᠢᠲᠠᠳ ᠦᠰᠦᠭ᠎ᠢ ᠵᠢᠷᠤᠮᠵᠢᠭᠤᠨ ᠬᠡᠷᠡᠭ᠌ᠯᠡᠬᠦ᠌᠂ ᠪᠠᠭ᠍ᠰᠢ ᠰᠤᠷᠤᠭ᠍ᠴᠢᠳ᠎ᠤᠨ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃

ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠬᠡᠨ᠎ᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠥᠯᠥᠭᠡ  ᠰᠤᠷᠭᠠᠭᠤᠯᠢ᠎ᠠᠴᠠ ᠡᠯ᠎ᠡ ᠵᠦᠢᠯ᠎ᠦᠨ ᠠᠵᠢᠯᠯᠠᠭ᠎ᠠ ᠥᠷᠨᠢᠭᠦᠯᠵᠦ᠍᠂ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠣᠨᠴᠠᠯᠢᠭ᠎ᠢ ᠪᠦᠷᠢᠯᠳᠦᠭᠦᠯᠵᠡᠢ᠃ ᠰᠣᠩᠭᠣᠳᠠᠭ ᠪᠦᠳᠦᠭᠡᠯ᠎ᠤᠨ ᠤᠷᠠᠨ ᠤᠩᠰᠢᠯᠭ᠎ᠠ᠂ ᠬᠡᠪᠱᠢᠮᠡᠯ ᠬᠡᠯᠡᠯᠭᠡ ᠬᠤᠷᠠᠮᠳᠤᠭᠤᠯᠬᠤ᠂ ᠡᠷᠲᠡᠨ᠎ᠦ ᠱᠢᠯᠦᠭ ᠳᠠᠭᠤᠯᠠᠯ᠎ᠬᠤᠷᠠᠮᠳᠤᠭᠤᠯᠬᠤ᠂  ᠨᠤᠮ ᠤᠩᠰᠢᠯᠭ᠎ᠠ ᠪᠠᠨ ᠬᠤᠪᠢᠶᠠᠯᠴᠠᠬᠤ᠂  ᠵᠢᠭᠠᠨ ᠰᠤᠷᠭᠠᠯᠲᠠ᠎ᠶ᠋ᠢᠨ ᠦᠵᠡᠭᠦᠯᠭᠡ ᠬᠢᠬᠦ᠂ ᠪᠠᠭ᠍ᠰᠢ ᠰᠣᠷᠣᠭ᠍ᠴᠢ ᠬᠠᠮᠲᠤ᠎ᠪᠠᠷ ᠨᠢᠭᠡ ᠨᠣᠮ ᠤᠩᠱᠢᠬᠤ (ᠪᠠᠶᠠᠷ ᠬᠥᠷ᠎ᠲᠡᠶ ᠨᠣᠮ ᠤᠩᠱᠢᠬᠤ ᠪᠠᠭᠠᠷ)᠂ ᠨᠣᠮ ᠤᠩᠱᠢᠭᠰᠠᠨ ᠵᠣᠬᠢᠶᠠᠯ ᠡᠯᠰᠡᠬᠦ᠌ ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ 2025 ᠣᠨ᠎ᠤ 5 ᠰᠠᠷ᠎ᠠ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠤᠤᠯ ᠰᠡᠳᠦᠪ ᠪᠤᠯᠭᠠᠭᠰᠠᠨ 《ᠲᠤᠮᠳᠠᠳᠤ ᠵᠢᠨ ᠰᠢᠯᠢᠳᠡᠭ ᠤᠯᠠᠮᠵᠢᠯᠠᠯᠳᠤ ᠰᠣᠶᠣᠯ᠎ᠢ ᠤᠯᠠᠮᠵᠢᠯᠠᠨ ᠪᠠᠳᠠᠷᠠᠭᠤᠯᠬᠤ》ᠰᠣᠩᠭᠣᠳᠠᠭ ᠤᠩᠱᠢᠯᠭ᠎ᠠ᠎ᠶ᠋ᠢᠨ ᠤᠷᠤᠯᠳᠤᠭᠠᠨ᠎ᠳᠤ 180 ᠰᠤᠷᠤᠬ᠍ᠴᠢ ᠣᠷᠣᠯᠴᠠᠪᠠ᠂ ᠤᠯᠠᠨ᠎ᠢᠶᠠᠷ᠎ᠢᠶᠠᠨ ᠤᠷᠠᠨ ᠲᠣᠳᠣ ᠤᠩᠱᠢᠯᠭ᠎ᠠ᠎ᠶ᠋ᠢᠨ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠪᠡ᠃

《ᠰᠣᠩᠭᠣᠳᠠᠭ ᠵᠣᠬᠢᠶᠠᠯ ᠪᠦᠳᠦᠭᠡᠯ ᠎ᠢ ᠤᠩᠱᠢᠬᠤ ᠪᠣᠯ ᠦᠭᠡ ᠬᠡᠯᠡ ᠰᠤᠷᠬᠤ᠂ ᠰᠣᠶᠣᠯ᠎ᠢ ᠤᠯᠠᠮᠵᠢᠯᠠᠬᠤ ᠵᠢᠨ ᠴᠢᠬᠤᠯᠠ ᠠᠷᠭ᠎ᠠ ᠵᠠᠮ ᠮᠥᠨ᠃ ᠲᠣᠰ ᠤᠳᠠᠭᠠᠨ᠎ᠤ ᠠᠪᠢᠶᠠᠰ ᠪᠢᠯᠢᠭ᠎ᠢᠶᠡᠨ ᠳᠡᠯᠭᠡᠨ ᠦᠵᠡᠭᠦᠯᠬᠦ᠌᠂ ᠤᠷ᠎ᠠ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ ᠲᠠᠪᠴᠠᠩ ᠵᠢᠡᠷ ᠲᠠᠮᠵᠢᠨ ᠰᠤᠷᠤᠭ᠍ᠴᠢᠳ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠢ ᠬᠠᠢᠷ᠎ᠠ ᠰᠡᠳᠭᠢᠯᠭᠡ ᠪᠡᠨ ᠭᠦᠶ᠋ᠴᠡᠳ ᠢᠯᠡᠳᠭᠡᠵᠦ᠍᠂ ᠨᠡᠯᠢᠶᠡᠳ ᠴᠢᠩᠭ᠎ᠠ ᠤᠩᠱᠢᠯᠭ᠎ᠠ᠎ᠶ᠋ᠢᠨ ᠬᠢᠷᠢ ᠲᠦᠪᠱᠢᠨ᠎ᠢᠶᠡᠨ ᠢᠯᠡᠷᠡᠭᠦᠯᠵᠦ᠍᠂ ᠤᠳᠭ᠎ᠠ ᠵᠣᠬᠢᠶᠠᠯ᠎ᠤᠨ ᠪᠦᠲᠦᠭᠡᠯ ᠳ᠋ᠡᠬᠢ ᠬᠥᠮᠦᠨ ᠨᠡᠢᠭᠡᠮ᠎ᠦᠨ ᠭᠦᠨ ᠠᠭᠤᠯᠤᠭ᠍ᠳᠠᠬᠤᠨ᠎ᠢ ᠣᠢᠯᠠᠭᠠᠬᠤ᠎ᠶ᠋ᠢᠨ ᠬᠠᠮᠲᠤ ᠦᠭᠡ ᠬᠡᠯᠡᠨ᠎ᠦ ᠢᠯᠡᠳᠭᠡᠬᠦ᠌ ᠴᠢᠳᠠᠪᠤᠷᠢ᠂ ᠭᠤᠤ᠎ᠠ ᠰᠠᠢᠬᠠᠨ᠎ᠤ ᠴᠢᠳᠠᠪᠤᠷᠢ ᠪᠠ ᠬᠥᠮᠦᠨ ᠨᠡᠢᠭᠡᠮ᠎ᠦᠨ ᠬᠡᠪ ᠪᠣᠯᠪᠠᠰᠤᠷᠠᠯ᠎ᠢ ᠬᠥᠮᠦᠵᠢᠭᠦᠯᠪᠡ》 ᠭᠡᠵᠦ᠍ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠵᠠᠩ ᠱᠦ᠍ ᠯᠢᠨ ᠬᠡᠯᠡᠪᠡ᠃

ᠰᠤᠷᠤᠭ᠍ᠴᠢᠳ᠎ᠤᠨ ᠦᠰᠦᠭ ᠪᠢᠴᠢᠬᠦ᠌ ᠰᠠᠭᠤᠷᠢ᠎ᠶ᠋ᠢ ᠪᠡᠬᠢᠵᠢᠭᠦᠯᠵᠦ᠍᠂  ᠰᠠᠢᠨ ᠰᠠᠢᠬᠠᠨ ᠦᠰᠦᠭ ᠪᠢᠴᠢᠬᠦ᠌ ᠳᠠᠳᠭᠠᠯ᠎ᠢ ᠪᠤᠢ ᠪᠣᠯᠭᠠᠬᠤ᠎ᠶ᠋ᠢᠨ ᠲᠥᠯᠥᠭᠡ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ 2025 ᠣᠨ᠎ᠤ 11 ᠰᠠᠷ᠎ᠠ᠎ᠶ᠋ᠢᠨ ᠳᠤᠮᠳᠠᠴᠢ᠎ᠪᠠᠷ 2025 — 2026 ᠰᠤᠷᠤᠯᠭ᠎ᠠ᠎ᠶ᠋ᠢᠨ ᠣᠨ᠎ᠤ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭᠠᠨ᠎ᠤ ᠬᠠᠲᠠᠭᠤ ᠪᠢᠷ᠎ᠦᠨ ᠤᠷᠠᠨ ᠪᠢᠴᠢᠯᠭᠡ᠎ᠶ᠋ᠢᠨ ᠦᠵᠡᠭᠦᠯᠭᠡ᠎ᠶ᠋ᠢᠨ ᠤᠷᠤᠯᠳᠤᠭᠠᠨ ᠶᠠᠪᠤᠭᠤᠯᠪᠠ᠃

ᠤᠷᠲᠤ ᠬᠤᠭᠤᠴᠠᠭᠠᠨ᠎ᠤ ᠲᠤᠷᠰᠢ᠂ ᠦᠴᠦᠸᠠᠨ ᠱᠢᠶᠠᠨ᠎ᠤ ᠳᠥᠷᠪᠡᠳᠦᠭᠡᠷ ᠪᠠᠭ᠎ᠠ ᠰᠤᠷᠭᠠᠭᠤᠯᠢ ᠪᠠᠭᠰᠢ ᠰᠤᠷᠤᠭᠴᠢᠳ᠎ᠤᠨ ᠬᠢᠲᠠᠳ ᠦᠰᠦᠭ ᠰᠣᠨᠣᠰᠴᠤ᠌ ᠪᠢᠴᠢᠬᠦ᠌ ᠤᠷᠤᠯᠳᠤᠭᠠᠨ᠂  ᠠᠪᠢᠶᠠᠨ᠎ᠤ ᠭᠠᠯᠢᠭ ᠱᠢᠯᠭᠠᠬᠤ  ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠦᠰᠦᠭ ᠪᠢᠴᠢᠭ ᠎ᠢ ᠬᠠᠢᠷᠠᠯᠠᠬᠤ ᠰᠡᠳᠭᠢᠯᠭᠡ᠎ᠶ᠋ᠢ ᠬᠥᠮᠦᠵᠢᠭᠦᠯᠬᠦ᠌᠎ᠶ᠋ᠢᠨ ᠬᠠᠮᠲᠤ ᠪᠠᠭ᠍ᠰᠢ ᠰᠤᠷᠤᠭ᠍ᠴᠢᠳ᠎ᠤᠨ ᠡᠯ᠎ᠡ ᠱᠠᠲᠤᠨ᠎ᠤ ᠡᠯ᠎ᠡ ᠲᠦᠷᠦᠯ᠎ᠦᠨ ᠤᠷᠤᠯᠳᠤᠭᠠᠨ᠎ᠳᠤ ᠢᠳᠡᠪᠬᠢᠲᠡᠢ ᠣᠷᠣᠯᠴᠠᠬᠤ᠎ᠶ᠋ᠢ ᠵᠣᠷᠢᠭ᠍ᠵᠢᠭᠤᠯᠵᠤ᠂ ᠴᠥᠮ ᠱᠢᠯᠢᠳᠡᠭ ᠬᠢᠷᠢ ᠪᠦᠲᠦᠮᠵᠢ ᠣᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号