《ᠪᠠᠭ᠍ᠰᠢ᠎ᠨᠠᠷ ᠰᠤᠷᠤᠭ᠍ᠴᠢᠳ᠎ᠤᠨ ᠰᠤᠷᠤᠯᠴᠠᠯᠭ᠎ᠠ ᠵᠢᠨ ᠬᠡᠷᠡᠭ᠌ᠴᠡᠭᠡ ᠪᠠ ᠳᠤᠷ᠎ᠠ ᠰᠣᠨᠢᠷᠬᠠᠯ᠎ᠤᠨ ᠲᠣᠭᠣᠷᠢᠨ᠎ᠳᠤ ᠵᠢᠭᠠᠨ ᠰᠤᠷᠭᠠᠯᠲᠠ ᠵᠢᠨ ᠠᠵᠢᠯᠯᠠᠭ᠎ᠠ ᠪᠠᠨ ᠲᠥᠯᠥᠪᠯᠡᠬᠦ᠌ ᠨᠢ ᠰᠤᠷᠤᠭ᠍ᠴᠢᠳ᠎ᠤᠨ ᠪᠠᠶ᠎ᠠ ᠪᠠᠨ ᠲᠠᠭᠠᠭᠠᠬᠤ ᠴᠢᠨᠠᠷ᠎ᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠦᠨᠡᠨ ᠬᠦ᠌ ᠴᠢᠩᠭᠠᠳᠭᠠᠬᠤ᠎ᠳᠤ ᠠᠱᠢᠭ᠍ᠲᠠᠶ ᠶᠤᠮ ᠁》 ᠲᠦᠷᠦᠭᠦᠬᠡᠨ᠂ ᠥᠪᠡᠷᠮᠢᠴᠡ ᠣᠨᠴᠠᠯᠢᠭ᠎ᠪᠦᠬᠦᠢ ᠨᠢᠭᠡ ᠤᠳᠠᠭᠠᠨ᠎ᠤ ᠵᠢᠭᠠᠨ ᠰᠤᠷᠭᠠᠯᠲᠠ᠎ᠶ᠋ᠢᠨ ᠰᠤᠳᠤᠯᠤᠨ ᠶᠠᠷᠢᠯᠴᠠᠬᠤ ᠬᠤᠷᠠᠯ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠳᠤ ᠶᠠᠪᠤᠭᠳᠠᠪᠠ᠃ ᠬᠤᠷᠠᠯ ᠳᠡᠭᠡᠷ᠎ᠡ᠂ ᠪᠠᠭ᠍ᠰᠢ᠎ᠨᠠᠷ 《ᠰᠤᠷᠤᠯᠴᠠᠯᠭ᠎ᠠ᠎ᠪᠠᠷ ᠵᠢᠭᠠᠨ ᠰᠤᠷᠭᠠᠯᠲᠠ᠎ᠶ᠋ᠢ ᠲᠣᠭ᠍ᠲᠠᠭᠠᠬᠤ》ᠣᠢᠯᠠᠭᠠᠭ᠍ᠳᠠᠬᠤᠨ᠎ᠤ ᠲᠣᠭᠣᠷᠢᠨ᠎ᠳᠤ᠂ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ ᠰᠤᠷᠤᠭ᠍ᠴᠢᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠤᠨᠤᠴᠠᠲᠠᠢ ᠵᠣᠯᠭᠠᠭᠤᠯᠬᠤ᠂ ᠰᠤᠷᠤᠭ᠍ᠴᠢᠳ᠎ᠤᠨ ᠰᠤᠷᠤᠯᠴᠠᠯᠭ᠎ᠠ ᠵᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠬᠤᠪᠢᠶᠠᠯᠴᠠᠪᠠ᠃
ᠲᠤᠰ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠪᠣᠯ ᠲᠤᠰ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠠᠬᠢᠭᠤᠯᠬᠤ ᠬᠤᠷᠢᠶᠠᠩᠭᠤᠢ ᠵᠢᠷᠤᠭᠯᠠᠯ ᠪᠣᠯᠤᠨ᠎ᠠ᠃ ᠤᠷᠲᠤ ᠬᠤᠭᠤᠴᠠᠭᠠᠨ᠎ᠤ ᠲᠤᠷᠰᠢ᠂ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ ᠬᠡᠯᠡᠨ᠎ᠦ ᠰᠠᠭᠤᠷᠢ ᠪᠠᠲᠤ᠂ ᠲᠤᠰᠭᠠᠶ ᠮᠡᠷᠭᠡᠵᠢᠯ᠎ᠦᠨ ᠪᠣᠯᠪᠠᠰᠤᠷᠠᠯ ᠰᠠᠢᠲᠠᠶ ᠪᠠᠭ᠍ᠰᠢ᠎ᠶ᠋ᠢᠨ ᠡᠩᠨᠡᠭᠡ ᠶ᠋ᠢ ᠪᠠᠢᠭᠤᠯᠬᠤ᠎ᠪᠠᠷ ᠴᠢᠷᠮᠠᠢᠭ᠍ᠰᠠᠭᠠᠷ ᠢᠷᠡᠪᠡ᠃ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭ᠌ᠴᠡ᠂ ᠰᠤᠷᠭᠠᠭᠤᠯᠢ᠎ᠵᠢᠨ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠤᠰᠭᠠᠶ ᠪᠣᠯᠪᠠᠰᠤᠷᠠᠯ᠎ᠢ ᠡᠬᠢᠯᠡᠭᠦᠯᠵᠦ᠍᠂《ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠣᠢᠯᠠᠭᠠᠬᠤ᠂ ᠰᠣᠯᠢᠯᠴᠠᠨ ᠪᠣᠯᠪᠠᠰᠤᠷᠠᠬᠤ》 ᠣᠯᠠᠨ ᠡᠱᠢᠵᠢᠭ᠌ᠰᠡᠨ ᠵᠠᠭ᠍ᠪᠤᠷ᠎ᠢᠶᠠᠷ ᠪᠠᠭ᠍ᠰᠢ ᠨᠠᠷ᠎ᠢ ᠬᠦᠳᠦᠯᠦᠨ ᠵᠢᠯᠤᠭᠤᠳᠴᠤ᠂ ᠬᠢᠴᠢᠶᠡᠯ᠎ᠦᠨ ᠲᠠᠩᠬᠢᠮ᠎ᠤᠨ ᠬᠡᠷᠡᠭ᠌ᠯᠡᠭᠡᠨ᠎ᠦ ᠬᠡᠯᠡ᠎ᠶ᠋ᠢ ᠵᠢᠷᠤᠮᠵᠢᠭᠤᠯᠬᠤ᠂ ᠢᠯᠡᠳᠭᠡᠬᠦ᠌ ᠴᠢᠳᠠᠪᠤᠷᠢ᠎ᠶ᠋ᠢ ᠱᠢᠯᠢᠳᠡᠭ᠌ᠵᠢᠭᠦᠯᠬᠦ᠌᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ ᠰᠠᠭᠤᠷᠢ ᠵᠢ ᠲᠠᠯᠪᠢᠵᠠᠢ᠃
ᠬᠠᠮᠲᠤ᠎ᠪᠠᠷ ᠬᠢᠴᠢᠶᠡᠯ ᠪᠡᠯᠡᠳᠭᠡᠬᠦ᠌ ᠭᠣᠭ᠍ᠴᠣᠭ᠎ᠠ᠎ᠳᠤ᠂ ᠡᠯ᠎ᠡ ᠬᠢᠴᠢᠶᠡᠯ ᠪᠡᠯᠡᠳᠭᠡᠬᠦ᠌ ᠳᠤᠭᠤᠢᠯᠠᠩ ᠤ᠋ᠨ ᠬᠢᠨ ᠵᠢᠭᠠᠬᠤ ᠮᠠᠲ᠋ᠧᠷᠢᠶᠠᠯ᠎ᠢ ᠨᠠᠢᠷᠠᠭᠤᠯᠤᠨ ᠵᠢᠭ᠍ᠰᠠᠭᠠᠬᠤ ᠱᠢᠰᠲ᠋ᠧᠮ ᠪᠣᠯᠤᠨ ᠬᠡᠯᠡ ᠪᠢᠴᠢᠭ᠎ᠦᠨ ᠡᠯᠧᠮᠧᠨ᠋ᠲ᠎ᠢ ᠴᠢᠩᠭ᠎ᠠ ᠡᠵᠡᠮᠳᠡᠵᠦ᠍᠂ ᠵᠢᠭᠠᠨ ᠰᠤᠷᠭᠠᠯᠲᠠ᠎ᠶ᠋ᠢᠨ ᠠᠬᠢᠴᠠ᠎ᠶ᠋ᠢ ᠨᠢᠭᠡᠳᠭᠡᠠ᠂ ᠵᠢᠭᠠᠨ ᠰᠤᠷᠭᠠᠯᠲᠠ᠎ᠶ᠋ᠢᠨ ᠶᠠᠪᠤᠴᠠ᠎ᠶ᠋ᠢ ᠨᠠᠷᠢᠯᠢᠭ ᠰᠤᠳᠤᠯᠵᠤ᠂ ᠬᠠᠮᠲᠤ᠎ᠪᠠᠷ ᠬᠢᠴᠢᠶᠡᠯ ᠪᠡᠯᠡᠳᠭᠡᠬᠦ᠌᠎ᠶ᠋ᠢ ᠤᠯᠤᠰ᠎ᠤᠨ ᠨᠡᠢᠳᠡᠮ ᠬᠡᠷᠡᠭᠯᠡᠬᠦᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠪᠣᠯᠭᠠᠪᠠ᠃ 30 ᠭᠠᠷᠤᠶ ᠵᠢᠯ ᠪᠠᠭ᠍ᠰᠢᠯᠠᠭ᠍ᠰᠠᠨ ᠯᠢᠦ ᠱᠢᠶᠤᠤ ᠱᠸ᠋ ᠪᠠᠭ᠍ᠰᠢ ᠡᠴᠠ᠂ ᠬᠡᠯᠡ ᠪᠢᠴᠢᠭ᠎ᠦᠨ ᠪᠠᠭ᠍ᠰᠢ ᠬᠢᠴᠢᠶᠡᠯ᠎ᠦᠨ ᠲᠠᠩᠬᠢᠮ᠎ᠤᠨ ᠭᠤᠤᠯ ᠵᠢᠭ᠍ᠰᠠᠭᠠᠯ᠎ᠤᠨ ᠭᠠᠵᠠᠷ᠎ᠢᠶᠠᠨ ᠪᠠᠲᠤ ᠰᠠᠬᠢᠵᠤ᠂ ᠵᠢᠷᠤᠮᠵᠢᠭᠤᠨ᠂ ᠣᠨᠣᠪᠴᠢᠲᠠᠶ᠂ ᠲᠦᠷᠰᠦᠯᠢᠭ ᠤᠯᠤᠰ᠎ᠤᠨ ᠨᠠᠢᠲᠠᠮ ᠬᠡᠷᠡᠭᠯᠡᠬᠦ ᠦᠬᠡ ᠬᠡᠯᠡ ᠦᠰᠦᠭ ᠪᠢᠴᠢᠭ ᠶ᠋ᠢᠡᠷ ᠵᠢᠭᠠᠨ ᠰᠤᠷᠭᠠᠯᠲᠠ ᠥᠷᠨᠢᠭᠦᠯᠵᠦ᠍᠂ ᠰᠤᠷᠤᠭ᠍ᠴᠢᠳ᠎ᠤᠨ ᠬᠡᠯᠡ ᠪᠢᠴᠢᠭ᠎ᠦᠨ ᠬᠡᠪ ᠪᠣᠯᠪᠠᠰᠤᠷᠠᠯ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ ᠬᠡᠵᠤ ᠬᠤᠪᠢᠶᠠᠯᠴᠠᠪᠠ᠃ ᠲᠡᠭᠦᠨ᠎ᠦ ᠲᠤᠷᠱᠢᠯᠭ᠎ᠠ ᠨᠢ ᠵᠠᠯᠠᠭᠤ ᠪᠠᠭ᠍ᠰᠢ᠎ᠨᠠᠷ᠎ᠤᠨ ᠦᠰᠦᠨ ᠪᠣᠢᠵᠢᠯᠲᠠ᠎ᠳᠤ ᠠᠱᠢᠭ᠍ᠲᠠᠢ ᠲᠣᠯᠢᠯᠠᠯ ᠬᠠᠩᠭᠠᠭᠰᠠᠨ ᠪᠠᠢᠨ᠎ᠠ᠃
ᠲᠣᠰ ᠰᠤᠷᠭᠠᠭᠤᠯᠢ ᠪᠠᠰᠠ ᠣᠯᠠᠨ ᠡᠱᠢᠲᠦ ᠴᠢᠳᠠᠪᠬᠢᠳᠤ ᠱᠢᠰᠲ᠋ᠧᠮ᠎ᠢ ᠬᠦᠴᠦᠯᠡᠨ ᠪᠠᠢᠭᠤᠯᠪᠠ᠄ ᠬᠢᠴᠢᠶᠡᠯ᠎ᠦᠨ ᠪᠠᠷᠢᠮᠵᠢᠶ᠎ᠠ ᠵᠢᠨ ᠤᠳᠤᠷᠢᠳᠤᠮᠵᠢ ᠶ᠋ᠢ ᠬᠦᠨᠵᠡᠬᠡᠢ ᠰᠤᠲᠤᠯᠵᠤ᠂ ᠲᠤᠰᠭᠠᠶ ᠰᠡᠳᠦᠪᠲᠦ ᠲᠠᠢᠯᠤᠮᠵᠢ᠂ ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ᠎ᠪᠠᠷ ᠳᠠᠮᠵᠢᠨ ᠵᠢᠭᠠᠨ ᠰᠤᠷᠭᠠᠯᠲᠠ᠎ᠶ᠋ᠢᠨ ᠦᠨᠡᠯᠡᠯᠲᠡ ᠪᠠ ᠬᠥᠮᠦᠨ ᠬᠥᠮᠦᠵᠢᠭᠦᠯᠬᠦ᠌ ᠱᠠᠭᠠᠷᠳᠠᠯᠭ᠎ᠠ᠎ᠶ᠋ᠢ ᠨᠠᠷᠢᠯᠢᠭ ᠤᠨᠤᠴᠠᠲᠠᠢ ᠡᠵᠡᠮᠱᠢᠪᠡ; ᠰᠦᠯᠵᠢᠶᠡᠨ ᠳᠡᠭᠡᠷᠡᠬᠢ ᠡᠬᠢ ᠪᠠᠶᠠᠯᠢᠭ᠎ᠢ ᠬᠠᠮᠲᠤᠳ᠋ᠠᠭᠠᠨ ᠬᠤᠪᠢᠶᠠᠯᠴᠠᠵᠤ᠂ ᠵᠢᠱ᠌ᠢᠶ᠎ᠡ ᠦᠵᠡᠭᠦᠯᠬᠦ᠌ ᠬᠢᠴᠢᠶᠡᠯ᠂ ᠰᠣᠳᠣᠨ ᠬᠢᠴᠢᠶᠡᠯ᠎ᠤᠨ ᠦᠵᠡᠬᠦᠯᠭᠡ ᠵᠢ ᠵᠣᠬᠢᠶᠠᠨ ᠪᠠᠢᠭᠤᠯᠵᠤ᠂ ᠲᠡᠷᠢᠭᠦᠨ᠎ᠦ ᠣᠢᠯᠠᠭᠠᠭ᠍ᠳᠠᠬᠤᠨ ᠪᠠ ᠬᠢᠴᠢᠶᠡᠯ᠎ᠦᠨ ᠲᠠᠩᠬᠢᠮ᠎ᠤᠨ ᠬᠠᠮᠢᠶᠠᠷᠤᠯᠲᠠ᠎ᠶ᠋ᠢᠨ ᠣᠶᠤᠨ ᠤᠬᠠᠭᠠᠨ᠎ᠢ ᠱᠢᠩᠭᠡᠭᠡᠨ ᠠᠪᠤᠪᠠ; ᠤᠷᠤᠯᠳᠤᠭᠠᠨ ᠪᠠ ᠪᠣᠯᠪᠠᠰᠤᠷᠠᠯ᠎ᠢ ᠤᠶᠠᠯᠳᠤᠭᠤᠯᠬᠤ᠎ᠶ᠋ᠢ ᠴᠢᠩᠭᠠᠳᠭᠠᠵᠤ᠂ ᠵᠢᠭᠠᠨ ᠰᠤᠷᠭᠠᠯᠲᠠ᠎ᠶ᠋ᠢᠨ ᠠᠳᠠᠯᠢᠳᠭᠠᠨ ᠱᠢᠯᠭᠠᠷᠠᠭᠤᠯᠤᠯᠳᠠ ᠪᠠ ᠢᠯᠡ ᠬᠢᠴᠢᠶᠡᠯ᠎ᠦᠨ ᠦᠵᠡᠭᠦᠯᠭᠡ᠎ᠶ᠋ᠢ ᠪᠠᠢᠩᠭᠤ ᠥᠷᠨᠢᠭᠦᠯᠵᠦ᠍᠂ ᠤᠷᠤᠯᠳᠤᠭᠠᠨ᠎ᠢᠶᠠᠷ ᠰᠤᠳᠤᠯᠭᠠᠨ᠎ᠢ ᠠᠬᠢᠭᠤᠯᠵᠤ᠂ ᠦᠨᠡᠯᠡᠯᠲᠡ᠎ᠪᠡᠷ ᠵᠢᠭᠠᠨ ᠰᠤᠷᠭᠠᠯᠲᠠ᠎ᠶ᠋ᠢ ᠠᠬᠢᠭᠤᠯᠵᠤ᠂ ᠵᠢᠭᠠᠨ ᠰᠤᠷᠭᠠᠯᠲᠠ᠎ᠶ᠋ᠢᠨ ᠦᠨᠳᠦᠰᠦᠨ ᠴᠢᠳᠠᠪᠤᠷᠢ᠎ᠶ᠋ᠢ ᠲᠠᠪᠲᠠᠨ ᠪᠣᠯᠪᠠᠰᠤᠷᠠᠭᠤᠯᠪᠠ; ᠪᠠᠭ᠍ᠰᠢ ᠱᠠᠪᠢ᠎ᠶ᠋ᠢᠨ ᠬᠠᠪᠰᠤᠷᠤᠯᠴᠠᠭ᠎ᠠ ᠪᠠᠢᠭᠤᠯᠬᠤ ᠶ᠋ᠢ ᠭᠦᠨᠵᠡᠭᠡᠢᠷᠡᠭᠦᠯᠵᠦ᠍᠂ ᠭᠤᠤᠯᠯᠠᠭ᠍ᠴᠢ ᠪᠠᠭ᠍ᠰᠢ᠎ᠶ᠋ᠢᠨ ᠤᠯᠠᠮᠵᠢᠯᠠᠬᠤ ᠬᠠᠪᠰᠤᠷᠬᠤ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠬᠢᠴᠢᠶᠡᠯ ᠪᠡᠯᠡᠳᠭᠡᠬᠦ᠌᠂ ᠬᠢᠴᠢᠶᠡᠯ ᠰᠣᠨᠣᠰᠭᠤ᠂ ᠬᠢᠴᠢᠶᠡᠯ ᠦᠨᠡᠯᠡᠬᠦ᠌ ᠵᠡᠷᠭᠡ ᠭᠣᠭ᠍ᠴᠣᠭ᠎ᠠ᠎ᠳᠤ ᠪᠡᠶ᠎ᠡ᠎ᠪᠡᠷ᠎ᠢᠶᠡᠨ ᠵᠢᠯᠣᠭᠣᠳᠬᠤ ᠵᠢ ᠠᠬᠢᠭᠤᠯᠵᠤ᠂ ᠵᠠᠯᠠᠭᠤ ᠪᠠᠭ᠍ᠰᠢ ᠨᠠᠷ ᠲᠸ᠋ ᠦᠷᠭᠦᠯᠵᠢᠯᠡᠨ ᠬᠦᠴᠤᠨ ᠨᠡᠮᠡᠷᠢᠯᠡᠵᠠᠢ᠃
ᠣᠢᠷ᠎ᠠ᠎ᠶ᠋ᠢᠨ ᠵᠢᠯ᠎ᠳᠦ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠰᠤᠷᠭᠠᠭᠤᠯᠢ᠎ᠶ᠋ᠢᠨ ᠬᠣᠭᠣᠷᠣᠨᠳᠣᠬᠢ ᠵᠢᠭᠠᠨ ᠰᠤᠷᠭᠠᠯᠲᠠ ᠰᠤᠳᠤᠯᠭᠠᠨ᠎ᠤ ᠬᠣᠯᠪᠣᠭᠠᠯᠠᠨ ᠬᠥᠳᠡᠯᠦᠯᠴᠡᠬᠦ᠌᠂ ᠨᠠᠷᠠᠲᠤ ᠪᠠᠭ᠍ᠰᠢ ᠬᠥᠳᠡᠭᠡ ᠲᠣᠰᠭᠣᠨ᠎ᠳᠤ ᠬᠦᠷᠴᠤ ᠬᠢᠴᠢᠶᠠᠯ ᠤᠷᠤᠬᠤ᠂ ᠴᠢᠨᠠᠷ ᠰᠠᠢᠲᠠᠶ ᠡᠬᠢ ᠪᠠᠶᠠᠯᠢᠭ᠎ᠢ ᠬᠠᠮᠲᠤ᠎ᠪᠠᠷ ᠬᠤᠪᠢᠶᠠᠯᠴᠠᠬᠤ ᠵᠡᠷᠭᠡ ᠠᠷᠭ᠎ᠠ ᠬᠡᠮᠵᠢᠶ᠎ᠡ᠎ᠵᠢ ᠠᠪᠴᠤ᠂ ᠬᠣᠲᠠ ᠬᠥᠳᠡᠭᠡ᠎ᠶ᠋ᠢᠨ ᠰᠤᠷᠭᠠᠭᠤᠯᠢ᠎ᠶ᠋ᠢᠨ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠪᠠ᠃ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ ᠢᠳᠡᠪᠬᠢᠲᠡᠶ ᠴᠤᠤᠷᠢᠶᠠᠲᠤᠨ ᠳᠠᠭᠠᠵᠤ᠂ ᠤᠯᠤᠰ᠎ᠤᠨ ᠨᠡᠢᠳᠡᠮᠬᠡᠷᠡᠭᠯᠡᠬᠦ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠪᠠᠷ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠬᠦᠴᠦᠯᠡᠬᠦ᠌ ᠴᠡᠭ ᠪᠣᠯᠭᠠᠵᠤ᠂ ᠰᠤᠷᠭᠠᠭᠤᠯᠢ᠎ᠶ᠋ᠢᠨ ᠥᠪᠡᠷ᠎ᠦᠨ ᠪᠣᠯᠪᠠᠰᠤᠷᠠᠯ᠂ ᠵᠢᠭᠠᠨ ᠰᠤᠷᠭᠠᠯᠲᠠ᠎ᠶ᠋ᠢᠨ ᠤᠷ᠎ᠠ ᠮᠡᠷᠬᠡᠵᠢᠯ ᠤ᠋ᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠦᠨᠳᠦᠰᠦᠨ ᠴᠢᠳᠠᠪᠤᠷᠢ᠎ᠶ᠋ᠢ ᠲᠠᠰᠤᠷᠠᠯᠲᠠ ᠥᠬᠡᠶ ᠪᠠᠳᠤᠳᠬᠠᠨ᠂ ᠰᠤᠷᠤᠭ᠍ᠴᠢᠳ᠎ᠲᠤ ᠵᠢᠷᠤᠮᠵᠢᠭᠤᠨ᠂ ᠴᠢᠨᠠᠷ ᠰᠠᠢᠲᠠᠶ ᠰᠤᠷᠤᠯᠴᠠᠬᠤ ᠣᠷᠴᠢᠨ ᠨᠥᠬᠥᠴᠡᠯ᠎ᠢ ᠪᠣᠶ ᠪᠣᠯᠭᠠᠵᠤ ᠥᠭ᠌ᠪᠡ᠃