ᠮᠠᠨ᠎ᠤ ᠤᠯᠤᠰ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠤ᠋ᠨ ᠠᠵᠢᠯᠯᠠᠭᠠᠨ᠎ᠤ ᠲᠥᠯᠥᠪᠯᠡᠭᠡ᠎ᠶ᠋ᠢ ᠡᠬᠢᠯᠡᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢ ᠪᠠᠭ᠍ᠰᠢ᠎ᠶ᠋ᠢᠨ ᠬᠢᠷᠢ ᠬᠡᠮ᠎ᠦᠨ ᠱᠢᠯᠭᠠᠯᠲᠠ ᠪᠠ ᠭᠡᠷᠡᠴᠢᠯᠡᠯ᠎ᠦᠨ ᠠᠭᠤᠯᠭ᠎ᠠ᠎ᠳᠤ ᠣᠷᠣᠭᠤᠯᠤᠨ᠎ᠠ᠃
ᠰᠤᠷᠪᠤᠯᠵᠢᠯᠠᠭ᠍ᠴᠢ 4 ᠰᠠᠷ᠎ᠠ᠎ᠶ᠋ᠢᠨ 10 ᠤ᠋ ᠡᠳᠦᠷ ᠰᠤᠷᠭᠠᠨ ᠬᠥᠮᠦᠵᠢᠯ᠎ᠦᠨ ᠶᠠᠮᠤᠨ᠎ᠤ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ ᠵᠣᠬᠢᠶᠠᠮᠠᠯ ᠣᠶᠤᠨ ᠴᠢᠳᠠᠪᠤᠷᠢ᠎ᠶ᠋ᠢ ᠠᠱᠢᠭ᠍ᠯᠠᠨ ᠪᠠᠭ᠍ᠰᠢ᠎ᠶ᠋ᠢᠨ ᠵᠢᠭᠠᠨ ᠰᠤᠷᠭᠠᠯᠲᠠ᠎ᠳᠤ ᠡᠨᠧᠷᠬᠢ ᠤᠯᠭᠤᠬᠤ ᠵᠢᠨ ᠲᠣᠭᠣᠷᠢᠨ᠎ᠳᠤ᠂ ᠠᠵᠢᠯᠯᠠᠭᠠᠨ᠎ᠤ ᠲᠥᠯᠥᠪᠯᠡᠭᠡ᠎ᠳᠤ᠂ ᠬᠢᠴᠢᠶᠡᠯ᠎ᠦᠨ ᠡᠮᠦᠨᠡᠬᠢ᠂ ᠬᠢᠴᠢᠶᠡᠯ᠎ᠦᠨ ᠳᠤᠮᠳᠠᠬᠢ᠂ ᠬᠢᠴᠢᠶᠡᠯ᠎ᠦᠨ ᠳᠠᠷᠠᠭᠠᠬᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠶ᠋ᠢᠨ ᠲᠣᠭᠣᠷᠢᠨ᠎ᠳᠤ᠂ ᠣᠶᠤᠨᠴᠢ ᠵᠢᠭᠠᠨ ᠰᠤᠷᠭᠠᠯᠲᠠ᠎ᠶ᠋ᠢᠨ ᠱᠢᠰᠲ᠋ᠧᠮ᠎ᠦᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠪᠠᠭ᠍ᠰᠢ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠦᠨ᠎ᠡ; ᠪᠠᠭ᠍ᠰᠢ᠎ᠳᠦ ᠳᠤᠰᠠᠯᠠᠨ ᠳᠠᠰᠭᠠᠯ᠎ᠤᠨ ᠬᠠᠮᠢᠶᠠᠷᠤᠯᠲᠠ᠎ᠶ᠋ᠢ ᠥᠷᠨᠢᠭᠦᠯᠵᠦ᠍᠂ ᠣᠶᠤᠨᠴᠢ ᠵᠠᠰᠠᠯᠲᠠ᠌᠂ ᠲᠦᠭᠡᠷᠢᠭᠳᠡᠯᠢ ᠲᠠᠢᠯᠬᠤ ᠪᠠ ᠬᠠᠪᠰᠤᠷᠤᠨ ᠵᠢᠯᠣᠭᠣᠳᠭᠤ᠎ᠶ᠋ᠢ ᠠᠬᠢᠭᠤᠯᠤᠨ᠎ᠠ; ᠣᠶᠤᠨᠴᠢ ᠮᠡᠷᠭᠡᠵᠢᠯ᠎ᠢᠶᠡᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠢᠯᠡ ᠠᠵᠢᠯᠯᠠᠭ᠎ᠠ᠎ᠶ᠋ᠢ ᠵᠠᠳᠠᠯᠵᠤ᠂ ᠪᠠᠭ᠍ᠰᠢ᠎ᠶ᠋ᠢ ᠬᠠᠪᠰᠤᠷᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ ᠭᠡᠵᠦ ᠲᠤᠷᠠᠳᠪᠠ᠃
ᠠᠵᠢᠯᠯᠠᠭᠠᠨ᠎ᠤ ᠲᠥᠯᠥᠪᠯᠡᠭᠡ᠎ᠳᠦ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠰᠤᠷᠭᠠᠨ ᠬᠥᠮᠦᠵᠢᠯ᠎ᠢ ᠲᠦᠷᠭᠡᠳᠭᠡᠨ ᠲᠦᠭᠡᠮᠡᠯᠵᠢᠭᠦᠯᠵᠦ᠍᠂ ᠬᠠᠮᠢᠶ᠎ᠠ ᠪᠥᠬᠥᠶ ᠬᠢᠴᠢᠶᠡᠯ᠎ᠢ ᠪᠦᠷᠢᠨ ᠭᠦᠶ᠋ᠴᠡᠳ ᠰᠠᠢᠲᠤᠷ ᠨᠡᠭᠡᠭᠡᠨ᠎ᠡ; ᠵᠣᠬᠢᠶᠠᠮᠠᠯ ᠣᠶᠤᠨ ᠴᠢᠳᠠᠪᠤᠷᠢ᠎ᠶ᠋ᠢᠨ ᠰᠤᠷᠭᠠᠨ ᠬᠥᠮᠦᠵᠢᠯ᠎ᠢ ᠣᠷᠣᠨ ᠨᠤᠲᠤᠭ᠎ᠤᠨ ᠬᠢᠴᠢᠶᠡᠯ᠎ᠦᠨ ᠱᠢᠰᠲ᠋ᠧᠮ᠎ᠳᠦ ᠪᠥᠬᠥ᠌ ᠲᠠᠯ᠎ᠠ᠎ᠪᠠᠷ ᠣᠷᠣᠭᠤᠯᠬᠤ᠎ᠶ᠋ᠢ ᠠᠬᠢᠭᠤᠯᠵᠤ᠂ ᠡᠯ᠎ᠡ ᠭᠠᠵᠠᠷ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠢᠴᠢᠶᠡᠯ᠎ᠦᠨ ᠵᠦᠭ᠌ᠯᠡᠭᠦᠷ᠎ᠢ ᠰᠤᠳᠤᠯᠤᠨ ᠦᠶ᠋ᠯᠡᠳᠬᠦ᠌᠎ᠶ᠋ᠢ ᠵᠢᠯᠣᠭᠣᠳᠴᠤ᠌᠂ ᠡᠯ᠎ᠡ ᠰᠤᠷᠤᠯᠭ᠎ᠠ᠎ᠶ᠋ᠢᠨ ᠱᠠᠲᠤᠨ᠎ᠤ ᠬᠢᠴᠢᠶᠡᠯ᠎ᠦᠨ ᠬᠠᠷᠠᠯᠲᠠ᠂ ᠠᠭᠤᠯᠭ᠎ᠠ ᠬᠢᠭᠡᠳ ᠬᠢᠴᠢᠶᠡᠯ᠎ᠦᠨ ᠴᠠᠭ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠬᠢᠴᠢᠶᠡᠯ ᠲᠥᠷᠥᠯ ᠠᠯᠤᠰᠯᠠᠭ᠍ᠰᠠᠨ ᠵᠢᠭᠠᠨ ᠰᠤᠷᠭᠠᠯᠲᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠮᠦᠵᠢᠯ᠎ᠢ ᠬᠢᠴᠢᠶᠡᠯ᠎ᠦᠨ ᠳᠠᠷᠠᠭᠠᠬᠢ ᠦᠶ᠋ᠯᠡᠴᠢᠯᠡᠭᠡ᠂ ᠰᠤᠳᠤᠯᠤᠨ ᠰᠤᠷᠤᠯᠴᠠᠬᠤ ᠦᠶ᠋ᠯᠡᠳᠦᠯᠭᠡ ᠵᠡᠷᠭᠡ ᠭᠣᠭ᠍ᠴᠣᠭ᠎ᠠ᠎ᠳᠤ ᠠᠭᠤᠰᠤᠯᠴᠠᠭᠤᠯᠬᠤ᠎ᠶ᠋ᠢ ᠠᠬᠢᠭᠤᠯᠤᠨ᠎ᠠ ᠭᠡᠵᠦ ᠲᠤᠳᠤᠷᠬᠠᠢᠯᠠᠪᠠ᠃
ᠤᠶᠤᠨᠴᠢ ᠴᠠᠭ ᠦᠶ᠎ᠡ᠎ᠳᠦ ᠬᠠᠨᠳᠤᠭ᠍ᠰᠠᠨ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯᠯᠠᠭᠠᠨ᠎ᠤ ᠲᠥᠯᠥᠪᠯᠡᠭᠡ᠎ᠳᠦ᠂ ᠵᠣᠬᠢᠶᠠᠮᠠᠯ ᠣᠶᠤᠨ ᠴᠢᠳᠠᠪᠤᠷᠢ᠎ᠶ᠋ᠢ ᠶᠡᠬᠡ ᠳᠡᠭᠡᠳᠦ ᠰᠤᠷᠭᠠᠭᠤᠯᠢ᠎ᠶ᠋ᠢᠨ ᠣᠯᠠᠨ ᠨᠡᠢᠲᠡ᠎ᠶ᠋ᠢᠨ ᠰᠠᠭᠤᠷᠢ ᠬᠢᠴᠢᠶᠡᠯ ᠪᠣᠯᠭᠠᠬᠤ᠎ᠶ᠋ᠢ ᠠᠬᠢᠭᠤᠯᠵᠤ᠂ ᠬᠢᠴᠢᠶᠡᠯ ᠲᠥᠷᠥᠯ ᠲᠤᠰᠭᠠᠶ ᠮᠡᠷᠭᠡᠵᠢᠯ᠎ᠢᠶᠡᠷ ᠲᠥᠷᠥᠯ ᠬᠤᠪᠢᠶᠠᠨ ᠬᠢᠴᠢᠶᠡᠯ᠎ᠦᠨ ᠵᠢᠭᠠᠬᠤ ᠮᠠᠲ᠋ᠧᠷᠢᠶᠠᠯ ᠨᠠᠢᠷᠠᠭᠤᠯᠤᠨ ᠪᠢᠴᠢᠵᠦ᠍᠂ ᠪᠥᠬᠥ᠌ ᠰᠤᠷᠤᠭ᠍ᠴᠢᠳ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠳᠡᠯᠭᠡ ᠵᠢ ᠡᠵᠡᠮᠱᠢᠬᠦ᠌᠎ᠶ᠋ᠢ ᠠᠬᠢᠭᠤᠯᠬᠤ ᠬᠡᠷᠡᠭ᠌ᠲᠡᠶ᠃ ᠤᠯᠠᠮᠵᠢᠯᠠᠯᠲᠤ ᠬᠢᠴᠢᠶᠡᠯ ᠲᠥᠷᠥᠯ᠎ᠦᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠲᠥᠰᠦᠯ᠎ᠢ ᠱᠢᠯᠢᠳᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ᠎ᠶ᠋ᠢ ᠵᠢᠯᠣᠭᠣᠳᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠰᠣᠯᠪᠢᠴᠠᠨ ᠠᠭᠤᠰᠤᠯᠴᠠᠭ᠍ᠰᠠᠨ ᠬᠢᠴᠢᠶᠡᠯ ᠨᠡᠭᠡᠭᠡᠵᠦ᠍᠂ ᠬᠢᠴᠢᠶᠡᠯ ᠲᠥᠷᠥᠯ ᠠᠯᠤᠰᠯᠠᠭ᠍ᠰᠠᠨ᠂ ᠲᠤᠰᠭᠠᠶ ᠮᠡᠷᠭᠡᠵᠢᠯᠠᠯᠤᠰᠯᠠᠭ᠍ᠰᠠᠨ ᠬᠢᠴᠢᠶᠡᠯ ᠲᠥᠷᠥᠯ ᠤ᠋ᠨ ᠰᠦᠷᠦᠭ᠌ᠵᠢᠯ᠎ᠢ ᠪᠠᠶᠠᠯᠢᠭ᠍ᠵᠢᠭᠤᠯᠤᠨ᠂ ᠬᠠᠮ ᠬᠡᠯᠪᠡᠷᠢ᠎ᠶ᠋ᠢᠨ ᠰᠣᠯᠪᠢᠴᠠᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠢ᠃ ᠠᠵᠤ ᠦᠶ᠋ᠯᠡᠰ᠎ᠦᠨ ᠪᠦᠲᠦᠴᠡ᠌ᠶ᠋ᠢ ᠦᠨᠳᠦᠰᠦᠯᠡᠨᠱᠢᠨᠵᠢᠯᠡᠭᠡᠨᠦ ᠰᠠᠯᠠᠭ᠎ᠠ᠎ᠶ᠋ᠢᠨ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠎ᠶ᠋ᠢ ᠣᠶᠤᠨᠴᠢ᠎ᠪᠠᠷ ᠲᠠᠰ ᠳᠡᠪᠱᠢᠭᠦᠯᠦᠨ ᠱᠢᠯᠢᠳᠡᠭ᠌ᠵᠢᠭᠦᠯᠦᠨ ᠳᠣᠭᠢᠷᠠᠭᠤᠯᠵᠤ᠂ ᠨᠢᠭᠡ ᠪᠦᠯᠦᠭ ᠱᠢᠨ᠎ᠡ ᠮᠡᠷᠭᠡᠵᠢᠯ᠂ ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠪᠠᠢᠳᠠᠯ᠎ᠳᠤ ᠵᠣᠬᠢᠴᠠᠭ᠍ᠰᠠᠨ ᠱᠢᠨᠵᠢᠯᠡᠭᠡᠨ᠎ᠦ ᠰᠠᠯᠠᠭ᠎ᠠ᠎ᠶ᠋ᠢᠨ ᠲᠤᠰᠭᠠᠶ ᠮᠡᠷᠭᠡᠵᠢᠯ᠎ᠢ ᠱᠢᠨ᠎ᠡ᠎ᠪᠡᠷ ᠪᠠᠢᠭᠤᠯᠬᠤ ᠬᠡᠷᠡᠭᠲᠡᠢ ᠭᠡᠵᠦ᠍ ᠱᠠᠭᠠᠷᠳᠠᠪᠠ᠃
ᠡᠭᠦᠨ᠎ᠡᠴᠡ ᠭᠠᠳᠠᠨ᠎ᠠ᠂ ᠠᠵᠢᠯᠯᠠᠭᠠᠨ᠎ᠤ ᠲᠥᠯᠥᠪᠯᠡᠭᠡ᠎ᠶ᠋ᠢ ᠦᠨᠳᠦᠰᠦᠯᠡᠪᠡᠯ᠂ ᠪᠠᠰᠠ ᠵᠣᠬᠢᠶᠠᠮᠠᠯ ᠣᠶᠤᠨ ᠴᠢᠳᠠᠪᠤᠷᠢ᠎ᠶ᠋ᠢ ᠠᠱᠢᠭ᠍ᠯᠠᠨ ᠰᠣᠷᠣᠭ᠍ᠴᠢ᠎ᠶ᠋ᠢᠨ ᠰᠤᠷᠤᠯᠴᠠᠯᠭ᠎ᠠ᠂ ᠰᠤᠷᠭᠠᠨ ᠬᠥᠮᠦᠵᠢᠯ᠎ᠤᠨ ᠵᠠᠰᠠᠯᠳᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌᠎ᠳᠤ ᠡᠨᠧᠷᠬᠢ ᠤᠯᠭᠤᠵᠤ᠂ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠤ᠋ᠨ ᠰᠠᠭᠤᠷᠢ ᠣᠷᠴᠢᠨ ᠨᠥᠬᠥᠴᠡᠯ ᠪᠠ ᠬᠥᠭ᠌ᠵᠢᠯᠲᠡ᠎ᠶ᠋ᠢᠨ ᠠᠮᠢ ᠠᠬᠤᠶ᠎ᠶ᠋ᠢ ᠪᠠᠢᠭᠤᠯᠤᠨ ᠬᠦᠴᠦᠷᠬᠡᠭ᠌ᠵᠢᠭᠦᠯᠬᠦ᠌ ᠪᠠ ᠱᠢᠯᠢᠳᠡᠭ᠌ᠵᠢᠭᠦᠯᠦᠨ᠎ᠡ᠃ 2030 ᠣᠨ ᠪᠣᠯᠬᠤ᠎ᠳᠤ᠂ ᠭᠤᠯᠳᠤ᠎ᠪᠠᠷ ᠨᠡᠪᠲᠡᠷᠡᠯᠴᠡᠭ᠌ᠰᠡᠨ᠂ ᠬᠥᠨᠳᠡᠯᠡᠨ᠎ᠢᠶᠡᠷ ᠬᠣᠯᠪᠣᠯᠳᠤᠨ ᠨᠡᠪᠲᠡᠷᠡᠯᠴᠡᠭ᠌ᠰᠡᠨ ᠵᠣᠬᠢᠶᠠᠮᠠᠯ ᠣᠶᠤᠨ ᠴᠢᠳᠠᠪᠤᠷᠢ᠎ᠶ᠋ᠢᠨ ᠪᠥᠬᠥ᠌ ᠰᠤᠷᠤᠯᠭ᠎ᠠ᠎ᠶ᠋ᠢᠨ ᠱᠠᠲᠤᠨ᠎ᠤ ᠰᠤᠷᠭᠠᠨ ᠬᠥᠮᠦᠵᠢᠯ ᠪᠠ ᠪᠥᠬᠥ᠌ ᠨᠡᠢᠭᠡᠮ᠎ᠦᠨ ᠶᠡᠷᠦᠩᠬᠡᠢᠯᠡᠭ᠌ᠰᠡᠨ ᠪᠣᠯᠪᠠᠰᠤᠷᠠᠯ᠎ᠤᠨ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠤᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)