ᠦᠪᠦᠷ ᠮᠤᠩᠭᠤᠯ ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ᠎ᠤᠨ ᠲᠦᠷᠦᠯ ᠲᠡᠮᠳᠡᠭ᠎ᠢ ᠡᠬᠦᠳᠦᠨ᠎ᠡ
2026-04-13 15:44:35
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 23 ᠎ᠤ᠋ ᠣᠷᠣᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠤᠳᠴᠤ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠭᠣᠣᠯᠯᠠᠨ ᠡᠷᠬᠢᠯᠡᠭᠰᠡᠨ《ᠰᠡᠳᠬᠢᠯ᠎ᠳᠦ ᠰᠠᠴᠤᠭᠰᠠᠨ ᠬᠡᠬᠡ》︱《ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》ᠤ᠋ᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ᠎ᠳᠦ ᠶᠠᠪᠤᠭᠳᠠᠪᠠ᠃ ᠦᠵᠡᠬᠦᠯᠭᠡ ᠨᠢ ᠰᠤᠷᠭᠠᠭᠤᠯᠢ᠎ᠶᠢᠨ ᠬᠦᠷᠢᠶᠡᠨ᠎ᠦ ᠨᠢᠭᠡ ᠡᠳᠦᠷ᠎ᠦᠨ ᠶᠣᠰᠣ᠌ ᠰᠤᠷᠲᠠᠬᠤᠨ᠎ᠤ ᠬᠥᠮᠦᠵᠢᠯ᠎ᠢᠶᠡᠷ ᠭᠣᠣᠯ ᠰᠢᠵᠢᠮ ᠪᠣᠯᠭᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠦᠨ ᠵᠠᠪᠰᠠᠷᠯᠠᠭ᠎ᠠ᠎ᠶᠢᠨ ᠠᠵᠢᠯᠯᠠᠭ᠎ᠠ᠂ ᠰᠤᠳᠤᠯᠤᠨ ᠰᠤᠷᠤᠯᠴᠠᠬᠤ ᠦᠢᠯᠡᠳᠦᠯᠭᠡ ᠳᠤᠮᠳᠠᠬᠢ ᠬᠥᠮᠥᠨ᠎ᠢ ᠬᠥᠮᠥᠵᠢᠭᠦᠯᠬᠦ ᠦᠵᠡᠭᠳᠡᠯ᠎ᠢ ᠲᠠᠢᠰᠠᠨ᠎ᠳᠤ ᠭᠠᠷᠭᠠᠵᠤ᠂ ᠰᠢᠨ᠎ᠡ᠎ᠶᠢ ᠡᠭᠦᠳᠬᠦ ᠮᠠᠶᠢᠭ᠋᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ᠎ᠢ ᠴᠣᠭᠴᠠᠯᠠᠪᠠ᠃

ᠦᠵᠡᠬᠦᠯᠭᠡ ᠨᠢ ᠨᠠᠢᠷᠠᠯ ᠬᠦᠭᠵᠢᠮ 《ᠴᠡᠴᠡᠬᠡᠰ ᠬᠢᠬᠡᠳ ᠪᠠᠭᠠᠴᠤᠳ》 ᠵᠢᠡᠷ ᠬᠦᠰᠢᠬᠡ ᠪᠠᠨ ᠢᠷᠠᠪᠡ᠃ ᠰᠤ᠌ ᠬᠤ᠌ ᠵᠡᠬᠡᠯᠢ ᠵᠢᠨ ᠳᠤᠷᠰᠢᠯᠳᠠ ᠵᠢᠨ ᠪᠠᠭ᠎ᠠ ᠰᠤᠷᠭᠠᠭᠤᠯᠢ ᠵᠢᠨ ᠠᠩᠬᠢ ᠵᠢᠨ ᠬᠤᠷᠠᠯ — 《ᠬᠦᠰᠡᠯᠡᠩ᠎ᠤᠨ ᠦᠷ᠎ᠠ 》 ᠨᠢ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠰᠤᠩᠭᠤᠳᠠᠭ ᠨᠢᠭᠡᠨ ᠬᠢᠴᠢᠶᠡᠯ ᠪᠤᠯᠤᠯ᠎ᠠ᠃ ᠬᠦᠬᠡᠬᠤᠳᠠ ᠵᠢᠨ ᠬᠤᠶᠠᠳᠤᠭᠠᠷ ᠳᠤᠮᠳᠠᠳᠤ ᠰᠤᠷᠭᠠᠭᠤᠯᠢ ᠵᠢᠨ《ᠤᠯᠤᠰ᠎ᠤᠨ ᠵᠢᠡᠨ ᠲᠦᠯᠦᠬᠡ ᠳᠤᠷᠠᠳᠠᠶ᠎ᠠ ᠠᠮᠢ ᠨᠠᠰᠤ ᠪᠠᠨ ᠵᠤᠷᠢᠭᠤᠯᠤᠨ᠎ᠠ》 ᠭᠡᠬᠦ ᠪᠦᠳᠦᠬᠡᠯ ᠨᠢ ᠰᠠᠨᠰᠠᠷ᠎ᠤᠨ ᠠᠶᠠᠯᠠᠯ᠎ᠤᠨ ᠵᠣᠷᠢᠭ᠋ ᠰᠠᠨᠠᠭ᠎ᠠ ᠪᠣᠯᠣᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠭᠦᠨᠵᠡᠭᠡᠢ ᠰᠠᠢᠬᠠᠨ ᠠᠭᠤᠰᠤᠯᠴᠠᠭᠤᠯᠤᠯ᠎ᠠ; ᠪᠤᠭᠤᠳᠤ ᠬᠤᠳᠠ ᠵᠢᠨ ᠪᠠᠭᠠᠴᠤᠳ᠎ᠤᠨ ᠤᠷᠳᠤᠨ᠎ᠤ ᠰᠤᠳᠤᠯᠤᠨ ᠰᠤᠷᠤᠯᠴᠠᠬᠤ ᠮᠠᠶᠢᠭ᠎ᠤᠨ ᠳᠠᠭᠤᠤ ᠬᠦᠭᠵᠢᠮᠳᠤ ᠵᠦᠴᠦᠬᠡ 《ᠬᠠᠷᠢᠶᠠᠴᠠᠢ》ᠨᠢ ᠵᠠᠯᠠᠭᠤᠴᠤᠳ ᠪᠠᠭᠠᠴᠤᠳ᠎ᠤᠨ ᠨᠤᠳᠤᠭ ᠤᠰᠤᠨ᠎ᠤ ᠪᠠᠨ ᠲᠦᠯᠦᠭᠡ ᠴᠢᠷᠮᠠᠢᠨ ᠳᠡᠮᠡᠴᠡᠬᠦ ᠵᠤᠷᠢᠭ ᠰᠠᠨᠠᠭ᠎ᠠ ᠵᠢ ᠬᠦᠪᠴᠢᠯᠡᠪᠡ;ᠭᠤᠷᠪᠠᠨ ᠰᠤᠷᠭᠠᠭᠤᠯᠢ  ᠶ᠋ᠢᠨ ᠬᠠᠮᠲᠤᠷᠠᠨ ᠳᠡᠯᠭᠡᠨ ᠦᠵᠡᠭᠦᠯᠦᠭᠰᠡᠨ《ᠶᠡᠬᠡ ᠬᠢᠴᠢᠶᠡᠯ᠎ᠦᠨ ᠵᠠᠪᠰᠠᠷᠯᠠᠭ᠎ᠠ》 ᠨᠢ 《ᠠᠮᠢᠳᠤᠷᠠᠯ ᠲᠤᠮᠳᠠ ᠭᠠᠵᠠᠷ ᠪᠤᠯᠭᠠᠨ ᠳ᠋ᠤ ᠦᠵᠡᠯ ᠰᠠᠨᠠᠭ᠎ᠠ ᠤᠯᠤᠰ ᠲᠥᠷᠥ  ᠵᠢᠨ ᠬᠢᠴᠢᠶᠡᠯ ᠲᠠᠢ》 ᠭᠡᠳᠡᠭ ᠬᠥᠮᠥᠨ  ᠢ᠋ ᠬᠥᠮᠥᠵᠢᠭᠦᠯᠬᠦ ᠣᠢᠯᠠᠭᠠᠭᠳᠠᠬᠤᠨ  ᠢ᠋ ᠠᠮᠢᠳᠤᠯᠢᠭ᠋᠎ᠢᠶᠠᠷ ᠲᠠᠢᠯᠪᠤᠷᠢᠯᠠᠵᠠᠢ ᠁ ᠡᠨᠡ᠎ᠬᠦ 《ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》ᠨᠢ ᠤᠯᠠᠮᠵᠢᠯᠠᠯᠲᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠲᠤᠳᠠᠭᠤᠳᠠᠯ᠎ᠢ ᠢᠯᠠᠨ ᠲᠠᠪᠠᠵᠤ᠂ ᠠᠯᠢ ᠤᠯᠠᠨ ᠰᠢᠨ᠎ᠡ ᠰᠣᠷᠭᠣᠭ ᠦᠵᠡᠭᠳᠡᠯ᠎ᠦᠳ᠎ᠢᠶᠡᠷ ᠳᠠᠮᠵᠢᠭᠤᠯᠤᠨ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠠᠮᠢᠳᠤ ᠲᠦᠷᠰᠦᠯᠢᠭ ᠵᠢᠡᠷ ᠬᠦᠮᠦᠰ᠎ᠤᠨ ᠰᠡᠳᠬᠢᠯ ᠳ᠋ᠤ ᠬᠠᠳᠠᠩᠰᠢᠭᠤᠯᠵᠠᠢ᠃

ᠣᠢᠷ᠎ᠠ᠎ᠶᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢᠨ ᠲᠣᠭᠣᠷᠢᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ  ᠴᠤᠭᠴᠠᠯᠠᠬᠤ᠎ᠪᠠᠷ ᠭᠣᠣᠯ ᠰᠢᠵᠢᠮ ᠪᠣᠯᠭᠠᠨ᠂ 《ᠦᠵᠡᠯ ᠰᠠᠨᠠᠭ᠎ᠠ ᠤᠯᠤᠰ ᠲᠦᠷᠦ᠎ᠶᠢᠨ ᠬᠠᠮ ᠬᠢᠴᠢᠶᠡᠯ》 ᠤ᠋ᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》᠂ 《ᠵᠦᠴᠦᠭᠡ᠎ᠶᠢᠨ ᠲᠠᠯᠠᠪᠠᠢ᠎ᠳᠠᠬᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》᠂ 《ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠤ᠋ᠨ ᠬᠥᠮᠥᠨ᠎ᠢ ᠬᠥᠮᠥᠵᠢᠭᠦᠯᠬᠦ ᠵᠢᠭ᠍ᠰᠠᠭᠠᠯ᠎ᠢ ᠬᠦᠴᠦᠯᠡᠨ ᠪᠠᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ 《ᠪᠠᠭ᠎ᠠ ᠬᠢᠴᠢᠶᠡᠯ᠎ᠦᠨ ᠲᠠᠩᠬᠢᠮ》 ᠪᠣᠯᠣᠨ ᠨᠡᠢᠭᠡᠮ᠎ᠦᠨ《ᠶᠡᠬᠡ ᠬᠢᠴᠢᠶᠡᠯ᠎ᠦᠨ ᠲᠠᠩᠬᠢᠮ》 ᠤ᠋ᠨ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ᠎ᠶᠢ ᠦᠨᠡᠨᠬᠦ ᠳᠡᠭᠡᠭᠰᠢᠯᠡᠭᠦᠯᠪᠡ᠃ ᠲᠠᠷᠠᠭᠠᠴᠢ ᠪᠡᠷ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠰᠢᠨ᠎ᠡ ᠴᠠᠭ ᠦᠶ᠎ᠡ᠎ᠶᠢᠨ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠰᠢᠰᠲᠧᠮ᠎ᠲᠠᠢ ᠬᠡᠷᠡᠭᠵᠢᠭᠦᠯᠵᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠨᠠᠩ ᠣᠯᠠᠨ ᠰᠢᠨ᠎ᠡ ᠬᠥᠮᠥᠨ᠎ᠢ ᠬᠥᠮᠥᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号