ᠥᠪᠥᠷ ᠮᠣᠩᠭᠣᠯ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠴᠢᠳᠠᠪᠤᠷᠢ᠎ᠶᠢ ᠳᠡᠬᠡᠭᠰᠢᠯᠡᠬᠦᠯᠪᠡ
2026-04-13 15:54:32
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

 3 ᠰᠠᠷ᠎ᠠ᠎ᠶᠢᠨ 23᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠰᠣᠶᠣᠯ ᠵᠢᠭᠤᠯᠴᠢᠯᠠᠯ᠎ᠤᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠪᠡᠶ᠎ᠡ᠎ᠶᠢᠨ ᠲᠠᠮᠢᠷ᠎ᠤᠨ ᠲᠣᠪᠴᠢᠶ᠎ᠠ  ᠬᠠᠮᠲᠤᠷᠠᠨ ᠪᠥᠬᠥ ᠣᠷᠣᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠲᠤᠰᠬᠠᠢ ᠰᠡᠳᠦᠪᠲᠦ ᠲᠠᠢᠯᠤᠮᠵᠢ ᠡᠷᠭᠢᠯᠡᠵᠦ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠬᠢᠷᠢ ᠲᠦᠪᠰᠢᠨ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃

ᠬᠥᠬᠡᠬᠣᠲᠠ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶᠢᠨ ᠢᠨᠵᠧᠨᠧᠷ ᠯᠢᠦ ᠵᠢᠩ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠭᠦᠨᠵᠡᠭᠡᠢ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳ᠋ᠤ ᠪᠠᠢᠩᠭᠤ ᠲᠣᠬᠢᠶᠠᠯᠳᠤᠬᠤ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠳᠠᠯᠳᠠ ᠬᠡᠮ ᠵᠢᠴᠢ ᠰᠡᠷᠭᠡᠢᠯᠡᠨ ᠡᠵᠡᠮᠳᠡᠬᠦ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠬᠤ᠂ ᠰᠣᠷᠢᠯᠲᠠ ᠬᠢᠬᠦ ᠵᠡᠷᠭᠡ ᠠᠭᠤᠯᠭ᠎ᠠ᠎ᠶᠢᠨ ᠲᠤᠬᠠᠢ ᠭᠣᠣᠯᠳᠠᠯᠭ᠎ᠠ᠎ᠲᠠᠢ ᠭᠦᠨᠵᠡᠭᠡᠢ ᠪᠥᠭᠡᠳ ᠣᠢᠯᠠᠭᠠᠮᠵᠢᠲᠠᠢ ᠵᠠᠳᠠᠯᠤᠯᠲᠠ ᠲᠠᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠵᠢᠷᠭᠤᠭᠠᠨ ᠰᠠᠯᠠᠭ᠎ᠠ ᠮᠥᠴᠢᠷ᠎ᠡᠴᠡ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠪᠠᠲᠤ ᠴᠢᠩᠭ᠎ᠠ ᠡᠭᠦᠷᠭᠡᠯᠡᠵᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠎ᠤᠨ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠡᠳᠦᠷ ᠲᠤᠲᠤᠮ᠎ᠤᠨ ᠲᠣᠭᠣᠷᠢᠨ ᠪᠠᠢᠴᠠᠭᠠᠬᠤ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠂ ᠬᠢᠨᠠᠨ ᠵᠢᠯᠤᠭᠣᠳᠴᠤ ᠪᠠᠢᠴᠠᠭᠠᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂  ᠬᠠᠷᠢᠭᠤᠴᠠᠯᠭ᠎ᠠ᠎ᠶᠢ ᠪᠤᠳᠠᠳᠠᠢ ᠳ᠋ᠤ ᠨᠠᠢᠳᠠᠪᠤᠷᠢᠵᠢᠭᠤᠯᠵᠤ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠵᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠥᠬᠥ ᠬᠦᠴᠦᠨ᠎ᠢᠶᠡᠷ᠎ᠢᠶᠡᠨ ᠪᠠᠲᠤ ᠴᠤᠭᠴᠠᠯᠠᠬᠤ ᠬᠡᠷᠡᠭᠲᠡᠢ᠃ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠨᠤᠭᠤᠳ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠭᠠᠯ ᠰᠡᠷᠬᠡᠢᠯᠡᠵᠦ ᠭᠠᠯ ᠤᠨᠲᠠᠷᠠᠭᠠᠬᠤ ᠲᠥᠬᠦᠭᠡᠷᠦᠮᠵᠢ᠎ᠵᠢ ᠪᠦᠷᠢᠨ ᠭᠦᠢᠴᠡᠳ ᠲᠣᠬᠢᠷᠠᠭᠤᠯᠵᠤ᠂ ᠳᠠᠯᠳᠠ ᠬᠡᠮ᠎ᠢ ᠥᠪᠡᠷ᠎ᠢᠶᠡᠨ ᠪᠠᠢᠴᠠᠭᠠᠵᠤ ᠥᠪᠡᠷ᠎ᠢᠶᠡᠨ ᠥᠭᠡᠷᠡᠴᠢᠯᠡᠬᠦ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠎ᠢ ᠲᠣᠭᠲᠠᠭᠠᠬᠤ᠎ᠶᠢᠨ ᠬᠠᠮᠲᠤ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠭᠠᠯ ᠰᠡᠷᠬᠡᠢᠯᠡᠵᠦ ᠭᠠᠯ ᠤᠨᠲᠠᠷᠠᠭᠠᠬᠤ ᠰᠣᠷᠢᠯᠲᠠ ᠪᠠ ᠠᠮᠤᠷ ᠲᠦᠪᠰᠢᠨ᠎ᠦ ᠪᠣᠯᠪᠠᠰᠤᠷᠠᠯ ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ᠂ ᠲᠣᠭᠲᠠᠭᠠᠯ  ᠠ᠋ᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠵᠠᠮ᠎ᠢ ᠪᠥᠭᠯᠡᠬᠦ᠂ ᠪᠠᠭᠠᠵᠢ ᠲᠦᠬᠦᠬᠡᠷᠦᠮᠵᠢ ᠨᠢ ᠡᠪᠳᠡᠷᠡᠵᠦ ᠦᠢᠯᠡᠳᠦᠯ ᠴᠢᠳᠠᠪᠬᠢ ᠪᠠᠨ ᠠᠯᠳᠠᠬᠤ ᠵᠡᠷᠭᠡ ᠡᠯ᠎ᠡ ᠲᠥᠷᠥᠯ᠎ᠦᠨ ᠠᠮᠤᠷ ᠲᠦᠪᠰᠢᠨ᠎ᠦ ᠳᠠᠯᠳᠠ ᠬᠡᠮ᠎ᠢ ᠡᠷᠡᠰ ᠲᠠᠰᠤ ᠬᠣᠷᠢᠭ᠍ᠯᠠᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠠᠵᠢᠯ᠎ᠤᠨ ᠪᠠᠢᠷᠢ ᠨᠢᠭᠡ ᠪᠦᠷᠢ᠂ ᠭᠣᠭᠴᠣᠭ᠎ᠠ ᠨᠢᠭᠡ ᠪᠦᠷᠢ᠂ ᠬᠥᠮᠥᠨ ᠨᠢᠭᠡ ᠪᠦᠷᠢ᠎ᠳᠦ ᠦᠨᠡᠨ᠎ᠬᠦ ᠨᠠᠢᠳᠠᠪᠤᠷᠢᠵᠢᠭᠤᠯᠬᠤ ᠬᠡᠷᠡᠭᠲᠡᠢ ᠬᠡᠵᠦ ᠱᠠᠭᠠᠷᠳᠠᠪᠠ᠃

ᠪᠣᠯᠪᠠᠰᠤᠷᠠᠯ᠎ᠢ ᠸᠢᠳᠢᠤ᠋ ᠬᠡᠯᠪᠡᠷᠢ᠎ᠪᠡᠷ ᠶᠠᠪᠤᠭᠳᠠᠭᠤᠯᠵᠤ᠂ ᠡᠯ᠎ᠡ ᠠᠢᠮᠠᠭ ᠬᠣᠲᠠ᠎ᠶᠢᠨ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠵᠢᠴᠢ ᠪᠥᠬᠥ ᠣᠷᠣᠨ᠎ᠤ 2600 ᠭᠠᠷᠤᠢ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠬᠠᠷᠢᠭᠤᠴᠠᠯᠭᠠᠲᠠᠨ ᠰᠦᠯᠵᠢᠶᠡᠨ ᠳᠡᠭᠡᠷ᠎ᠡ ᠪᠣᠯᠪᠠᠰᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号