ᠦᠪᠦᠷ ᠮᠣᠩᠭᠣᠯ ᠰᠤᠷᠭᠠᠨ ᠬᠥᠮᠦᠵᠢᠯ᠎ᠦᠨ ᠰᠢᠰᠲᠸᠮ᠎ᠤᠨ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶᠢ ᠢᠯᠡᠳᠳᠡ ᠠᠬᠢᠭᠤᠯᠪᠠ
2026-04-13 15:59:55
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠲᠦᠷᠦᠭᠦᠬᠡᠨ ᠬᠤᠷᠠᠯᠳᠤᠭᠤᠯᠤᠭᠰᠠᠨ 2026 ᠣᠨ᠎ᠤ ᠪᠥᠬᠥ ᠣᠷᠣᠨ᠎ᠤ ᠰᠤᠷᠭᠠᠨ ᠬᠥᠮᠦᠵᠢᠯ᠎ᠦᠨ ᠭᠠᠳᠠᠭᠠᠳᠤ ᠶᠠᠪᠤᠳᠠᠯ᠎ᠤᠨ ᠠᠵᠢᠯ᠎ᠤᠨ ᠰᠣᠯᠢᠯᠴᠠᠭᠠᠨ᠎ᠤ ᠬᠤᠷᠠᠯ ᠵᠢᠴᠢ ᠰᠤᠷᠭᠠᠨ ᠬᠥᠮᠦᠵᠢᠯ᠎ᠦᠨ ᠰᠢᠰᠲᠧᠮ᠎ᠦᠨ ᠭᠠᠳᠠᠭᠠᠳᠤ ᠶᠠᠪᠤᠳᠠᠯ ᠪᠠ ᠰᠢᠶᠠᠩᠭᠠᠩ ᠣᠣᠮᠧᠨ ᠲᠠᠢᠸᠠᠨ᠎ᠤ ᠠᠵᠢᠯ᠎ᠤᠨ ᠪᠣᠯᠪᠠᠰᠤᠷᠠᠯ᠎ᠤᠨ ᠠᠩᠭᠢ ᠠ᠋ᠴᠠ ᠣᠢᠯᠠᠭᠠᠭᠰᠠᠨ ᠵᠢᠡᠷ᠂ 2025 ᠣᠨ᠎ᠳᠤ ᠥᠪᠥᠷ ᠮᠣᠩᠭᠣᠯ ᠰᠤᠷᠭᠠᠨ ᠬᠥᠮᠦᠵᠢᠯ᠎ᠦᠨ ᠣᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶᠢ ᠠᠬᠢᠭᠤᠯᠬᠤ ᠲᠠᠯ᠎ᠠ᠎ᠪᠠᠷ ᠢᠯᠡᠳᠲᠡ ᠠᠬᠢᠯᠳᠠ ᠳᠠᠢ ᠪᠤᠯᠵᠠᠢ᠃

ᠰᠤᠷᠭᠠᠨ ᠬᠥᠮᠦᠵᠢᠯ᠎ᠦᠨ ᠤᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠢ ᠥᠷᠭᠡᠳᠬᠡᠬᠦ ᠲᠠᠯ᠎ᠠ᠎ᠪᠠᠷ᠂ 2025 ᠣᠨ᠎ᠤ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠭᠠᠳᠠᠭᠠᠳᠤ ᠨᠡᠭᠡᠭᠡᠯᠲᠡ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠤᠷᠠᠯ ᠪᠣᠯᠣᠨ ᠤᠯᠠᠨ ᠤᠯᠤᠰ᠎ᠤᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠭᠡᠨ᠎ᠦ ᠬᠠᠮᠲᠤᠷᠠᠯᠴᠠᠭᠠᠨ᠎ᠤ ᠬᠤᠷᠠᠯ᠎ᠢ 3 ᠲᠠᠯᠠᠪᠤᠷ ᠡᠷᠬᠢᠯᠡᠵᠦ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ ᠪᠣᠯᠣᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠶᠡᠬᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ  24 ᠬᠠᠮᠲᠤᠷᠠᠯᠴᠠᠭᠠᠨ᠎ᠤ ᠵᠥᠪᠯᠡᠯᠴᠡᠭᠡᠷ ᠲᠤᠭᠳᠠᠵᠤ᠂ 5 ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠠᠭᠤᠷᠢᠨ (ᠲᠥᠪ) ᠢ᠋ ᠨᠠᠢᠳᠠᠪᠤᠷᠢᠵᠢᠭᠤᠯᠬᠤ᠎ᠶᠢ ᠠᠬᠢᠭᠤᠯᠪᠠ᠃ 10 ᠶᠡᠬᠡ ᠳᠡᠭᠡᠳᠦ ᠰᠤᠷᠭᠠᠭᠤᠯᠢ 38 ᠤᠳᠠᠭᠠᠨ᠎ᠤ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠬᠤᠷᠠᠯ ᠬᠤᠷᠠᠯᠳᠤᠭᠤᠯᠵᠤ᠂ 6000 ᠰᠢᠬᠠᠮ ᠳᠤᠮᠳᠠᠳᠤ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠬᠤᠷᠠᠯ᠎ᠳᠤ ᠣᠷᠣᠯᠴᠠᠵᠠᠢ ᠃

ᠣᠯᠠᠨ ᠤᠯᠤᠰᠴᠢᠯᠠᠭᠰᠠᠨ ᠰᠤᠷᠭᠠᠭᠤᠯᠢ ᠡᠷᠭᠢᠯᠡᠬᠦ ᠬᠡᠯᠪᠡᠷᠢ᠎ᠶᠢ ᠥᠷᠭᠡᠳᠬᠡᠬᠦ ᠲᠠᠯ᠎ᠠ᠎ᠪᠠᠷ᠂ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠭᠢᠯᠡᠬᠦ ᠲᠥᠷᠥᠯ ᠵᠦᠢᠯ ᠰᠢᠨ᠎ᠡ ᠠᠬᠢᠴᠠ᠎ᠲᠠᠢ ᠪᠣᠯᠵᠤ᠂ ᠪᠥᠬᠥ ᠣᠷᠣᠨ᠎ᠳᠤ 1 ᠵᠢᠩᠬᠢᠨᠢ ᠠᠩᠭᠢ᠎ᠶᠢᠨ ᠲᠠᠰ ᠳᠠᠪᠬᠤᠷᠭ᠎ᠠ᠂ 4 ᠲᠤᠰᠬᠠᠢ ᠠᠩᠭᠢ᠎ᠶᠢᠨ ᠲᠠᠰ ᠳᠠᠪᠬᠤᠷᠭ᠎ᠠ᠎ᠶᠢᠨ ᠳᠤᠮᠳᠠᠳᠤ ᠭᠠᠳᠠᠭᠠᠳᠤ᠎ᠶᠢᠨ ᠰᠤᠷᠭᠠᠭᠤᠯᠢ ᠡᠷᠭᠢᠯᠡᠬᠦ ᠲᠥᠷᠥᠯ ᠵᠦᠢᠯ ᠰᠢᠨ᠎ᠡ᠎ᠪᠡᠷ ᠨᠡᠮᠡᠭᠳᠡᠪᠡ᠃ ᠳᠤᠮᠳᠠᠳᠤ ᠤᠯᠤᠰ᠎ᠲᠤ ᠢᠷᠡᠵᠦ ᠰᠤᠷᠤᠯᠴᠠᠬᠤ ᠰᠤᠷᠤᠭ᠍ᠴᠢᠳ᠎ᠤᠨ ᠬᠡᠪᠴᠢᠶ᠎ᠡ ᠲᠣᠭᠲᠠᠭᠤᠨ᠎ᠢᠶᠠᠷ ᠨᠡᠮᠡᠭᠳᠡᠵᠦ᠂ ᠰᠤᠷᠤᠯᠭ᠎ᠠ᠎ᠶᠢᠨ ᠨᠠᠮᠲᠠᠷ᠎ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 3 ᠰᠤᠷᠭᠠᠭᠤᠯᠢ᠎ᠶᠢᠨ 《ᠤᠮᠠᠷᠠᠲᠤ ᠬᠢᠯᠢ᠎ᠶᠢᠨ ᠦᠢᠯᠡᠳᠬᠡᠯ᠎ᠦᠨ ᠭᠠᠵᠠᠷ》 ᠤ᠋ᠨ ᠲᠥᠷᠥᠯ ᠵᠦᠢᠯ ᠪᠠ ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 2 ᠶᠡᠬᠡ ᠳᠡᠭᠡᠳᠦ ᠰᠤᠷᠭᠠᠭᠤᠯᠢ᠎ᠶᠢᠨ《ᠤᠮᠠᠷᠠᠲᠤ ᠬᠢᠯᠢ᠎ᠶᠢᠨ ᠦᠢᠯᠡᠳᠬᠡᠯ᠎ᠦᠨ ᠭᠠᠵᠠᠷ》ᠤ᠋ᠨ ᠲᠥᠷᠥᠯ ᠵᠦᠢᠯ᠎ᠢ ᠲᠤᠭᠳᠠᠭᠠᠨ ᠪᠦᠲᠦᠭᠡᠨ ᠪᠠᠢᠭᠤᠯᠵᠤ᠂ ᠲᠦᠷᠦᠯ ᠵᠦᠢᠯ ᠵᠢᠡᠷ ᠴᠢᠳᠠᠪᠤᠷᠢᠳᠠᠨ ᠬᠦᠮᠦᠵᠢᠬᠦᠯᠬᠦ ᠵᠠᠭᠪᠤᠷ᠎ᠢ ᠬᠦᠭᠵᠢᠬᠦᠯᠪᠡ᠃ ᠪᠤᠭᠤᠲᠤ᠎ᠶᠢᠨ ᠬᠥᠩᠭᠡᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠮᠠᠳᠠᠭᠠᠰᠺᠠᠷ᠎ᠲᠤ 《ᠬᠢᠲᠠᠳ ᠬᠡᠯᠡᠨ᠎ᠦ ᠦᠢᠯᠡᠳᠬᠡᠯ᠎ᠦᠨ ᠭᠠᠵᠠᠷ》 ᠪᠠᠶ᠋ᠢᠭᠤᠯᠬᠤ᠎ᠶᠢ ᠠᠬᠢᠭᠤᠯᠪᠠ᠃ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ《ᠵᠥᠩ ᠺᠧᠨ ᠤᠷᠠᠨ ᠳᠠᠷᠬᠠᠨ᠎ᠤ ᠳᠡᠭᠡᠳᠦ ᠰᠤᠷᠭᠠᠭᠤᠯᠢ》 ᠺᠸᠨᠢᠶᠠ᠎ᠳᠤ ᠫᠠᠢᠰᠠ ᠰᠡᠬᠦᠬᠦ᠎ᠵᠢ ᠠᠬᠢᠭᠤᠯᠪᠠ᠃

ᠳᠤᠮᠳᠠᠳᠤ ᠭᠠᠳᠠᠭᠠᠳᠤ᠎ᠶᠢᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠠᠬᠢᠭᠤᠯᠬᠤ ᠲᠠᠯ᠎ᠠ᠎ᠪᠠᠷ᠂ 《ᠵᠠᠯᠠᠭᠤᠴᠤᠳ᠎ᠤᠨ ᠰᠤᠷᠤᠯᠴᠠᠨ ᠰᠣᠯᠢᠯᠴᠠᠬᠤ ᠲᠥᠯᠥᠪᠯᠡᠭᠡ (YES ᠲᠥᠷᠥᠯ ᠵᠦᠢᠯ)》 ᠵᠢ  ᠬᠡᠷᠡᠭᠵᠢᠭᠦᠯᠵᠦ᠂ ᠠᠮᠧᠷᠢᠺᠠ ᠵᠡᠷᠭᠡ ᠤᠯᠤᠰ᠎ᠤᠨ 93 ᠭᠠᠳᠠᠭᠠᠳᠤ᠎ᠶᠢᠨ ᠵᠠᠯᠠᠭᠤ ᠰᠤᠷᠤᠭ᠍ᠴᠢᠳ᠎ᠢ ᠥᠪᠥᠷ ᠮᠣᠩᠭᠣᠯ᠎ᠳᠤ ᠤᠷᠢᠵᠤ ᠰᠣᠯᠢᠯᠴᠠᠭ᠎ᠠ ᠬᠢᠯᠬᠡᠪᠡ᠃ 6 ᠶᠡᠬᠡ ᠳᠡᠭᠡᠳᠦ ᠰᠤᠷᠭᠠᠭᠤᠯᠢ᠎ᠶᠢᠨ  ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ  ᠣᠯᠠᠨ ᠤᠯᠤᠰ᠎ᠤᠨ ᠲᠦᠷᠦᠯ ᠵᠦᠢᠯ᠎ᠢ ᠬᠡᠷᠡᠭᠵᠢᠭᠦᠯᠵᠦ᠂ 11 ᠤᠯᠤᠰ᠎ᠤᠨ 160 ᠰᠢᠬᠠᠮ ᠪᠠᠭ᠍ᠰᠢ ᠰᠣᠷᠣᠭ᠍ᠴᠢ ᠥᠪᠥᠷ ᠮᠣᠩᠭᠣᠯ᠎ᠳᠤ ᠢᠷᠡᠵᠦ ᠰᠣᠯᠢᠯᠴᠠᠭ᠎ᠠ ᠬᠢᠪᠡ᠃

ᠰᠢᠶᠠᠩᠭᠠᠩ ᠣᠣᠮᠧᠨ ᠲᠠᠢᠸᠠᠨ ᠯᠤᠭ᠎ᠠ᠎ᠶᠢᠨ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠰᠣᠯᠢᠯᠴᠠᠭ᠎ᠠ᠎ᠶᠢ ᠠᠬᠢᠭᠤᠯᠬᠤ ᠲᠠᠯ᠎ᠠ᠎ᠪᠠᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠢᠨ ᠬᠢᠨ᠎ᠤ ᠰᠢᠶᠠᠩᠭᠠᠩ᠎ᠤᠨ ᠱᠣ᠌ ᠷᠧᠨ ᠶᠡᠬᠡ ᠰᠤᠷᠭᠠᠭᠤᠯᠢ᠂ ᠣᠣᠮᠧᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠲᠠᠢ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷ᠎ᠤᠨ ᠥᠰᠥᠭ ᠵᠢᠷᠤᠬᠤ᠎ᠶᠢ ᠠᠬᠢᠭᠤᠯᠵᠤ᠂ ᠦᠪᠦᠷ ᠮᠣᠩᠭᠣᠯ ᠰᠢᠶᠠᠩᠭᠠᠩ᠎ᠤᠨ 10 ᠳᠤᠮᠳᠠᠳᠤ ᠪᠠᠭ᠎ᠠ ᠰᠤᠷᠭᠠᠭᠤᠯᠢ᠎ᠳᠤ 《ᠡᠭᠡᠴᠢ ᠳᠡᠭᠦᠦ ᠰᠤᠷᠭᠠᠭᠤᠯᠢ》 ᠵᠢ ᠪᠠᠢᠭᠤᠯᠪᠠ᠃ 3 ᠶᠡᠬᠡ ᠳᠡᠭᠡᠳᠦ ᠰᠤᠷᠭᠠᠭᠤᠯᠢ ᠵᠢᠨ ᠰᠢᠶᠠᠩᠭᠠᠩ ᠣᠣᠮᠧᠨ ᠲᠠᠢᠸᠠᠨ᠎ᠡᠴᠡ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠬᠢᠷᠢ ᠬᠡᠮ᠎ᠦᠨ ᠵᠥᠪᠰᠢᠶᠡᠷᠡᠯ ᠣᠯᠬᠤ᠎ᠶᠢ ᠠᠬᠢᠭᠤᠯᠪᠠ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠬᠢᠭᠡᠳ ᠰᠢᠶᠠᠩᠭᠠᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠵᠦᠩᠱᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠤᠳᠤᠯᠭᠠᠨ᠎ᠤ ᠬᠦᠷᠢᠶᠡᠯᠡᠩ᠎ᠤᠨ 《ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠬᠠᠮᠲᠤᠷᠠᠭᠰᠠᠨ ᠲᠤᠷᠰᠢᠯᠲᠠ᠎ᠶᠢᠨ ᠲᠠᠰᠤᠭ》 ᠪᠠᠶ᠋ᠢᠭᠤᠯᠬᠤ᠎ᠶᠢ ᠠᠬᠢᠭᠤᠯᠵᠤ᠂ 10 ᠰᠣᠷᠣᠭ᠍ᠴᠢ᠎ᠶᠢ ᠵᠣᠬᠢᠶᠠᠨ ᠪᠠᠢᠭᠤᠯᠤᠨ ᠣᠣᠮᠧᠨ᠎ᠦ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ ᠣᠴᠢᠭᠤᠯᠵᠤ ᠵᠣᠨ᠎ᠤ ᠠᠮᠠᠷᠠᠯᠲᠠ᠎ᠶᠢᠨ ᠦᠢᠯᠡᠳᠦᠯᠬᠡ ᠳ᠋ᠤ ᠤᠷᠤᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号