ᠤᠳᠤᠭ᠎ᠤᠨ ᠪᠤᠶᠡᠨ ᠨᠤᠳᠤᠭ᠎ᠤᠨ ᠭᠡᠰᠢᠭ — ᠠᠷᠪᠡᠰ᠎ᠤᠨ ᠴᠠᠭᠠᠨ ᠢᠮᠠᠭ᠎ᠠ
2026-04-13 16:10:24
ᠵᠣᠬᠢᠶᠠᠭ᠍ᠴᠢ᠄
ᠪᠠᠢ ᠰᠠᠢᠨᠪᠢᠯᠢᠭ᠌
ᠣᠩᠱᠢᠭ᠍ᠰᠠᠨ ᠣᠳᠠᠭ᠎ᠠ᠄
★★★☆☆

ᠭᠠᠵᠠᠷ ᠣᠷᠣᠨ᠎ᠤ ᠪᠠᠢᠭᠠᠯᠢ᠎ᠶᠢᠨ ᠠᠪᠢᠰᠢᠭ ᠪᠣᠯᠣᠨ ᠮᠠᠯᠴᠢᠳ᠎ᠤᠨ ᠦᠶ᠎ᠡ᠎ᠶᠢᠨ ᠦᠶ᠎ᠡ᠎ᠳᠡᠭᠡᠨ ᠮᠠᠯ ᠠᠬᠤᠢ ᠪᠡᠨ ᠡᠳ᠋ᠯᠡᠨ ᠡᠵᠡᠨᠭᠨᠡᠭᠰᠡᠨ ᠬᠦᠰᠡᠯ ᠢᠳᠡᠬᠡᠯ ᠵᠢᠡᠷ ᠡᠳᠦᠭᠡ ᠠᠷᠪᠠᠰ᠎ᠤᠨ ᠴᠠᠭᠠᠨ ᠢᠮᠠᠭ᠎ᠠ ᠨᠢ ᠪᠦᠬᠦ ᠤᠯᠤᠰ᠎ᠲᠤ ᠠᠯᠳᠠᠷᠰᠢᠵᠤ᠂ ᠭᠠᠵᠠᠷ ᠵᠦᠢ᠎ᠶᠢᠨ ᠢᠯᠡᠷᠬᠡᠢᠯᠡᠯᠳᠦ ᠪᠦᠲᠦᠭᠡᠭᠳᠡᠬᠦᠨ ᠪᠤᠯᠵᠦ᠂ ᠬᠥᠭᠵᠢᠯᠲᠡ᠎ᠶᠢᠨ ᠶᠠᠪᠤᠴᠠ ᠨᠢ ᠣᠨᠴᠠᠯᠢᠭ᠍ᠲᠤ ᠠᠵᠤ ᠦᠢᠯᠡᠰ᠎ᠦᠨ ᠬᠥᠭᠵᠢᠨ ᠮᠠᠨᠳᠤᠭᠰᠠᠨ ᠲᠡᠦᠬᠡ ᠪᠣᠯᠤᠭᠰᠠᠨ ᠵᠢᠡᠷ ᠪᠠᠷᠠᠬᠤ ᠦᠭᠡᠢ᠂ ᠨᠡᠩ ᠴᠤ᠌ ᠤᠲᠤᠭ ᠬᠣᠰᠢᠭᠤᠨ᠎ᠤ ᠭᠠᠵᠠᠷ᠎ᠤᠨ ᠲᠥᠷᠬᠦ᠂ ᠠᠭᠤᠷ ᠠᠮᠢᠰᠬᠤᠯ ᠪᠣᠯᠣᠨ ᠰᠣᠶᠣᠯ ᠢᠷᠭᠡᠨᠰᠢᠯ ᠲᠡᠦᠬᠡ᠎ᠶᠢᠨ ᠭᠦᠨᠵᠡᠭᠡᠢ ᠠᠭᠤᠰᠤᠯᠴᠠᠭᠰᠠᠨ ᠠᠮᠢᠳᠤᠯᠢᠭ᠋ ᠬᠤᠷᠢᠶᠠᠩᠭᠤᠢ ᠳᠦᠷᠰᠦ ᠪᠡᠷ ᠵᠢᠡᠨ ᠲᠠᠯ᠎ᠠ ᠨᠤᠲᠤᠭ᠎ᠤᠨ ᠥᠪᠡᠷᠮᠢᠴᠡ ᠷᠢᠳᠢ ᠰᠢᠳᠢ ᠪᠣᠯᠣᠨ ᠴᠠᠭ ᠦᠶ᠎ᠡ᠎ᠶᠢᠨ ᠠᠮᠢᠵᠢᠷᠠᠯ᠎ᠤᠨ ᠬᠦᠴᠦᠨ᠎ᠢ ᠬᠠᠷᠠᠭᠤᠯᠵᠤ ᠪᠠᠢᠨ᠎ᠠ᠃


b35809e8-3d95-4297-a473-a77da1c88e71.png


ᠠᠷᠪᠠᠰ ᠠᠭᠤᠯᠠ ᠰᠡᠬᠦᠢᠨ ᠬᠥᠨᠳᠡᠯᠢᠰᠴᠦ᠂ ᠭᠤᠤ ᠭᠠᠩᠭ᠎ᠠ ᠰᠦᠯᠵᠢᠯᠳᠦᠨ᠎ᠠ᠃ ᠤᠳᠤᠭ ᠬᠣᠰᠢᠭᠤ ᠨᠢ ᠪᠠᠷᠠᠭᠤᠨ ᠬᠣᠢᠲᠤ ᠳᠠᠯ᠎ᠠ ᠪᠡᠷ ᠵᠢᠡᠨ ᠥᠨᠳᠥᠷ᠂ ᠵᠡᠭᠦᠨ ᠡᠮᠦᠨ᠎ᠡ ᠪᠡᠨ ᠳᠣᠣᠷ᠎ᠠ ᠡᠷᠭᠦᠭᠳᠡᠴᠡ᠎ᠶᠢᠨ ᠵᠥᠷᠢᠶ᠎ᠡ ᠨᠢ ᠣᠯᠠᠨ ᠡᠰᠢᠲᠦ ᠠᠮᠢ ᠠᠬᠤᠢ᠎ᠶᠢᠨ ᠣᠷᠴᠢᠨ᠎ᠢ ᠪᠤᠶ ᠪᠣᠯᠭᠠᠭᠰᠠᠨ ᠪᠠᠢᠨ᠎ᠠ᠃ ᠴᠦᠯᠯᠡᠷᠭᠡᠭ ᠲᠠᠯ᠎ᠠ ᠨᠤᠲᠤᠭ ᠪᠣᠯᠣᠨ ᠠᠭᠤᠯᠠᠷᠬᠠᠭ ᠤᠷᠤᠨ᠎ᠤ ᠭᠠᠵᠠᠷ᠎ᠤᠨ ᠭᠠᠳᠠᠷᠭᠤ᠎ᠶᠢᠨ ᠣᠨᠴᠠᠯᠢᠭ᠋᠎ᠢ ᠬᠠᠪᠰᠤᠷᠭᠠᠵᠤ᠂ ᠡᠪᠡᠰᠦ ᠪᠡᠯᠴᠢᠭᠡᠷ ᠨᠢ ᠦᠩ ᠰᠢᠮᠡᠯᠢᠭ᠂ ᠠᠭᠤᠯᠠᠨ ᠳᠤᠮᠳᠠ ᠪᠡᠨ ᠭᠣᠷᠣᠬ᠎ᠠ ᠭᠤᠷᠴᠢᠭᠢᠨᠠᠨ ᠤᠷᠤᠰᠴᠤ᠂ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠋ ᠴᠤ᠌ ᠡᠯᠪᠡᠭ᠂ ᠪᠤᠯᠠᠭ᠎ᠤᠨ ᠤᠰᠤ ᠨᠢ ᠣᠯᠠᠨ ᠵᠦᠢᠯ᠎ᠦᠨ ᠡᠷᠦᠳᠡᠰᠦ ᠪᠣᠳᠠᠰ  ᠠᠭᠤᠯᠵᠤ᠂ ᠠᠷᠪᠡᠰ᠎ᠤᠨ ᠴᠠᠭᠠᠨ ᠢᠮᠠᠭᠠᠨ᠎ᠤ ᠪᠠᠢᠭᠠᠯᠢ᠎ᠶᠢᠨ ᠴᠢᠨᠠᠷ ᠰᠠᠢᠲᠠᠢ ᠤᠤᠭᠤᠬᠤ ᠤᠰᠤᠨ᠎ᠤ ᠡᠬᠢ ᠰᠤᠷᠪᠤᠯᠵᠢ ᠪᠣᠯᠤᠭᠰᠠᠨ ᠪᠠᠢᠨ᠎ᠠ᠃ ᠥᠷᠭᠡᠨ ᠠᠭᠤᠳᠠᠮ ᠪᠡᠯᠴᠢᠭᠡᠷ ᠨᠢ ᠪᠠᠶᠠᠯᠢᠭ᠋ ᠤᠷᠭᠤᠮᠠᠯ᠎ᠤᠨ ᠬᠤᠴᠢᠯᠭ᠎ᠠ᠎ᠶᠢ ᠪᠣᠢᠵᠢᠭᠤᠯᠵᠤ᠂ ᠠᠷᠪᠠᠰ᠎ᠤᠨ ᠴᠠᠭᠠᠨ ᠢᠮᠠᠭ᠎ᠠ᠎ᠳᠤ ᠭᠦᠢᠴᠡᠳ ᠪᠠᠢᠭᠠᠯᠢ᠎ᠶᠢᠨ ᠥᠭᠶᠥᠭᠡ ᠬᠠᠩᠭᠠᠪᠡ᠃ 《ᠠᠭᠤᠯᠠ᠎ᠪᠠᠷ ᠨᠦᠮᠦᠷᠢ ᠪᠣᠯᠭᠠᠵᠤ᠂ ᠤᠰᠤ᠎ᠪᠠᠷ ᠰᠤᠳᠠᠯ ᠪᠣᠯᠭᠠᠵᠤ᠂ ᠡᠪᠡᠰᠦ᠎ᠪᠡᠷ ᠰᠢᠮ᠎ᠠ ᠪᠤᠯᠭᠠᠭᠰᠠᠨ》ᠥᠪᠡᠷᠮᠢᠴᠡ ᠠᠮᠢ ᠠᠬᠤᠢ᠎ᠶᠢᠨ ᠰᠢᠰᠲᠧᠮ᠎ᠢ ᠪᠦᠷᠢᠯᠳᠦᠭᠦᠯᠦᠭᠰᠡᠨ ᠵᠢᠡᠷ ᠮᠢᠬ᠎ᠠ ᠪᠡ ᠨᠤᠤᠯᠤᠭᠤᠷ᠎ᠤᠨ ᠴᠢᠨᠠᠷ ᠨᠢ ᠰᠠᠢᠨ ᠪᠠᠢᠬᠤ᠎ᠳᠤ ᠨᠦᠬᠦᠴᠡᠯ ᠪᠦᠷᠢᠯᠳᠦᠬᠦᠯᠤᠨ ᠦᠭᠴᠦ᠂ 《ᠮᠢᠬᠠᠨ᠎ᠤ ᠳᠦᠷᠦᠯ᠎ᠤᠨ ᠣᠷᠬᠣᠳᠠᠢ》 ᠬᠡᠮᠡᠭᠳᠡᠭᠰᠡᠨ ᠠᠷᠪᠠᠰ᠎ᠤᠨ ᠴᠠᠭᠠᠨ ᠢᠮᠠᠭᠠᠨ᠎ᠤ ᠮᠢᠬ᠎ᠠ᠂ 《ᠵᠦᠬᠡᠯᠡᠨ ᠠᠯᠳᠠ》 ᠬᠡᠮᠡᠬᠳᠡᠭᠰᠡᠨ ᠰᠠᠢᠨ ᠨᠤᠤᠯᠤᠭᠤᠷ ᠵᠢᠡᠷ ᠵᠢᠡᠨ ᠠᠯᠳᠠᠷᠰᠢᠪᠠ᠃ ᠲᠤᠬᠠᠢ᠎ᠶᠢᠨ ᠭᠠᠵᠠᠷ᠎ᠤᠨ ᠡᠪᠦᠯ᠎ᠦᠨ ᠤᠯᠠᠷᠢᠯ ᠣᠷᠳᠣ᠌ ᠪᠦᠬᠡᠳ ᠬᠠᠬᠢᠷ ᠬᠦᠢᠲᠡᠨ᠂ ᠠᠭᠠᠷ᠎ᠤᠨ ᠳᠤᠯᠠᠭᠠᠨ ᠲᠡᠭ᠎ᠡᠴᠡ ᠳᠣᠷᠣᠭ᠍ᠰᠢ 20 ᠭᠷᠡᠳᠦ᠋ᠰ ᠪᠠᠢᠵᠤ᠂ ᠵᠣᠨ᠎ᠤ ᠤᠯᠠᠷᠢᠯ ᠣᠬᠣᠷᠬᠠᠨ ᠠᠭᠠᠭᠢᠮ᠎ᠠ ᠬᠠᠯᠠᠭᠤᠨ᠂ ᠬᠠᠮᠤᠭ᠎ᠤᠨ ᠥᠨᠳᠥᠷ ᠠᠭᠠᠷ᠎ᠤᠨ ᠳᠤᠯᠠᠭᠠᠨ ᠨᠢ 30 ᠭᠷᠡᠳᠦ᠋ᠰ᠎ᠡᠴᠡ ᠳᠡᠭᠡᠭᠰᠢ ᠭᠥᠷᠳᠡᠭ᠂ ᠭᠠᠩ ᠬᠠᠭᠤᠷᠠᠢ ᠠᠭᠤᠷ ᠠᠮᠢᠰᠬᠤᠯ᠎ᠤᠨ ᠨᠥᠬᠥᠴᠡᠯ ᠨᠢ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠭᠠᠩ᠎ᠳᠤ ᠲᠡᠰᠪᠦᠷᠢᠲᠡᠢ᠂ ᠰᠢᠮ᠎ᠡ ᠲᠡᠵᠢᠭᠡᠯ ᠡᠯᠪᠡᠭ ᠪᠤᠯᠭᠠᠵᠦ᠂ ᠬᠦᠮᠡᠯᠢ᠂ ᠰᠢᠬᠢᠷ ᠡᠪᠡᠰᠦ᠂ ᠬᠤᠨᠴᠢᠷ ᠵᠡᠷᠭᠡ 300 ᠭᠠᠷᠤᠢ ᠵᠦᠢᠯ᠎ᠦᠨ ᠴᠢᠨᠠᠷ ᠰᠠᠢᠲᠠᠢ ᠲᠡᠵᠢᠭᠡᠯ ᠡᠪᠡᠰᠦ᠎ᠶᠢ ᠪᠣᠢᠵᠢᠭᠤᠯᠵᠤ᠂ ᠢᠮᠠᠭᠠᠨ᠎ᠳᠤ ᠪᠠᠢᠭᠠᠯᠢ᠎ᠶᠢᠨ 《ᠡᠮᠲᠦ ᠬᠣᠭᠣᠯᠠ》 ᠪᠣᠯᠵᠠᠢ ᠁

ᠢᠨᠭᠬᠢᠵᠦ᠂ ᠠᠷᠪᠡᠰ᠎ᠤᠨ ᠴᠠᠭᠠᠨ ᠢᠮᠠᠭᠠᠨ᠎ᠤ ᠮᠢᠬ᠎ᠠ᠎ᠨᠢ ᠤᠭᠤᠷᠠᠭ ᠶᠡᠬᠡᠲᠡᠢ᠂ ᠥᠭᠡᠬᠦ ᠪᠠᠭ᠎ᠠ᠎ᠲᠠᠢ᠂ ᠰᠢᠨᠭᠭᠡᠭ ᠦᠨᠦᠷ ᠦᠭᠡᠢ᠂ ᠮᠢᠬᠠᠨ᠎ᠤ ᠴᠢᠨᠠᠷ ᠨᠢ ᠵᠥᠭᠡᠯᠡᠨ ᠥᠪᠡᠷᠮᠢᠴᠡ᠂ ᠬᠥᠮᠥᠨ᠎ᠦ ᠪᠡᠶ᠎ᠡ᠎ᠳᠦ ᠬᠡᠷᠡᠭᠴᠡᠭᠡ ᠲᠡᠢ ᠤᠯᠠᠨ ᠵᠦᠢᠯ᠎ᠦᠨ ᠤᠭᠤᠷᠠᠭ᠂ ᠰᠢᠪᠲᠦᠷᠲᠦ ᠬᠦᠴᠢᠯ ᠠᠭᠤᠯᠵᠦ᠂ ᠰᠥᠰᠥᠨ᠎ᠦ ᠭᠤᠨᠠᠨ ᠠᠯᠺᠣᠣᠯ᠎ᠤᠨ ᠠᠭᠤᠯᠤᠭᠳᠠᠴᠠ ᠳᠣᠣᠷ᠎ᠠ᠂ ᠲᠡᠮᠦᠷ᠎ᠤᠨ ᠰᠢᠮ᠎ᠠ ᠳᠡᠵᠢᠬᠡᠯ ᠡᠯᠪᠡᠭ ᠠᠭᠤᠯᠤᠭᠰᠠᠨ᠎ᠵᠢᠡᠷ ᠪᠤᠰᠤᠳ ᠭᠠᠵᠠᠷ ᠣᠷᠣᠨ᠎ᠤ ᠮᠢᠬᠠᠨ᠎ᠤ ᠳᠦᠷᠦᠯ᠎ᠠᠴᠠ ᠢᠯᠭᠠᠭᠳᠠᠵᠤ᠂ ᠲᠡᠭᠦᠨ᠎ᠦ ᠣᠷᠣᠯᠠᠭᠤᠯᠵᠤ ᠪᠣᠯᠣᠰᠢ ᠦᠭᠡᠢ ᠥᠷᠢᠰᠦᠯᠳᠦᠬᠦ ᠬᠦᠴᠦᠨ ᠪᠤᠯᠪᠠ᠃ ᠨᠤᠤᠯᠤᠭᠤᠷ᠎ᠤᠨ ᠬᠤᠪᠢ᠎ᠳᠤ᠂ ᠳᠤᠮᠳᠠᠴᠢ ᠨᠠᠷᠢᠯᠢᠭ᠍ᠴᠠ ᠨᠢ14Lmᠣᠷᠴᠢᠮ ᠪᠠᠢᠵᠤ᠂ ᠰᠢᠷᠬᠡᠭᠯᠢᠭ᠎ᠦᠨ ᠣᠷᠳᠣ᠌ ᠨᠢ ᠪᠠᠷᠤᠭ 4.4cm᠂ ᠠᠮᠠᠷᠬᠠᠨ ᠳᠠᠰᠤᠷᠠᠬᠤ ᠦᠬᠡᠢ᠂ ᠪᠦᠬᠡᠮᠨᠡᠷᠡᠬᠦ ᠦᠬᠡᠢ᠂ ᠬᠢᠯᠠᠭᠠᠷ ᠮᠦᠷᠳᠡᠬᠡᠨ ᠰᠢᠷᠬᠡᠭ ᠨᠢ ᠨᠢᠠᠠᠳᠠ᠂ ᠨᠣᠤᠯᠤᠭᠤᠷ᠎ᠤᠨ ᠴᠡᠪᠡᠷᠴᠡ ᠵᠢᠨ ᠨᠣᠷᠮ᠎ᠠ ᠨᠢ ᠨᠡᠢᠳᠡᠮ᠎ᠳᠡᠭᠡᠨ 60% ᠡᠴᠡ ᠳᠡᠭᠡᠭᠰᠢ ᠪᠠᠢᠵᠦ᠂ ᠡᠳ᠋ᠰᠢᠭᠦᠯᠬᠦ ᠬᠣᠷᠣᠭᠳᠠᠯ᠎ᠢᠶᠠᠷ ᠳᠣᠣᠷ᠎ᠠ᠂ ᠳᠤᠯᠠᠭᠠᠨ᠎ᠢ ᠬᠠᠳᠠᠭᠠᠯᠠᠬᠤ ᠴᠢᠨᠡᠷ ᠵᠢᠡᠷ ᠦᠨᠳᠦᠷ ᠵᠡᠷᠬᠡ ᠤᠨᠴᠠᠯᠢᠭ ᠳᠠᠢ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号