ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠰᠠᠭᠤᠷᠢ ᠵᠢ ᠪᠡᠬᠢᠵᠢᠭᠦᠯᠬᠦ᠌ ᠢᠨᠵᠧᠨᠧᠷᠢᠩ ᠢ᠋ ᠨᠢᠬᠡᠨᠳᠡ ᠡᠬᠢᠯᠡᠭᠦᠯᠵᠦ᠂ ᠡᠨᠡ ᠵᠢᠯ 5 ᠲᠠᠯ᠎ᠠ ᠶ᠋ᠢᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠠᠪᠴᠦ ᠪᠠᠢᠭᠠᠳ ᠡᠨᠡ ᠬᠦ᠌ ᠤᠨᠴᠠᠯᠢᠭᠲᠦ ᠠᠵᠤ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠤᠯᠠᠨ ᠲᠦᠮᠡᠨ ᠢ᠋ ᠳᠠᠢᠴᠢᠯᠠᠨ ᠤᠷᠤᠯᠭ᠎ᠠ ᠵᠢ ᠨᠢ ᠨᠡᠮᠡᠭᠳᠡᠭᠦᠯᠬᠦ ᠪᠤᠯᠤᠨ᠎ᠠ᠃
ᠦᠶ᠋ᠯᠡᠳᠪᠦᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠲᠠ ᠵᠢ ᠴᠢᠩᠭᠠᠳᠬᠠᠵᠦ᠂ ᠭᠠᠷᠤᠯᠲᠠ ᠵᠢ ᠲᠣᠭ᠍ᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠤ ᠰᠠᠭᠤᠷᠢ ᠵᠢ ᠪᠡᠬᠢᠵᠢᠭᠦᠯᠦᠨ᠎ᠡ᠃ ᠪᠠᠷᠢᠮᠵᠢᠶᠠᠵᠢᠭᠤᠯᠤᠨ ᠲᠠᠷᠢᠬᠤ᠂ ᠵᠠᠬᠢᠶᠠᠯᠠᠭ᠎ᠠ ᠪᠡᠷ ᠦᠢᠯᠡᠳᠪᠦᠷᠢᠯᠡᠬᠦ᠌ ᠨᠢᠭᠡ ᠪᠦᠯᠦᠭ ᠰᠠᠭᠤᠷᠢᠨ ᠢ᠋ ᠭᠣᠣᠯᠳᠠᠯᠭ᠎ᠠ ᠲᠠᠶ ᠲᠡᠳᠬᠦᠨ ᠬᠥᠭ᠌ᠵᠢᠭᠦᠯᠵᠦ᠍᠂《ᠬᠠᠡᠭᠭᠠᠯᠭ᠎ᠠ ᠶ᠋ᠢᠨ ᠭᠠᠷᠠᠮ》 ᠪᠤᠯᠤᠨ 《ᠤᠮᠠᠷᠠᠲᠤ ᠣᠷᠣᠨ ᠤ᠋ ᠢᠳᠡᠰᠢᠨ ᠨᠣᠭᠣᠭ᠎ᠠ ᠵᠢ ᠡᠮᠦᠨᠡᠰᠢ ᠲᠡᠭᠡᠭᠡᠪᠦᠷᠢᠯᠡᠬᠦ᠌》 ᠠᠷᠭ᠎ᠠ ᠵᠠᠮ ᠢ᠋ ᠦᠷᠭᠡᠳᠬᠡᠨ᠂ ᠴᠢᠨᠠᠷ ᠰᠠᠢᠲᠠᠶ ᠬᠦᠢᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠦᠢᠯᠡᠳᠪᠦᠷᠢᠯᠡᠯ ᠤ᠋ᠨ ᠰᠠᠭᠤᠷᠢᠨ ᠢ᠋ 10 ᠪᠠᠢᠭᠤᠯᠵᠤ᠂ ᠶᠡᠷᠦᠩᠬᠡᠶ ᠲᠠᠯᠠᠪᠠᠶ ᠵᠢ ᠨᠢ 5 ᠲᠦᠮᠡᠨ ᠮᠦ᠍ ᠡᠴᠡ ᠲᠠᠬᠡᠭᠰᠢ ᠬᠦᠷᠬᠡᠨ᠎ᠠ ; ᠥᠨᠳᠥᠷ ᠪᠠᠷᠢᠮᠵᠢᠶᠠᠲᠤ ᠲᠦᠬᠦᠭᠡᠷᠦᠮᠵᠢᠲᠦ ᠬᠦᠷᠢᠶᠡᠯᠡᠩ ᠲᠣᠭᠣᠷᠢᠭ ᠢ᠋ 17 ᠱᠢᠨ᠎ᠡ ᠪᠡᠷ ᠪᠠᠢᠭᠤᠯᠬᠤ ᠪᠠ ᠥᠭᠡᠷᠡᠴᠢᠯᠡᠨ ᠪᠠᠢᠭᠤᠯᠵᠤ᠂ ᠪᠦᠬᠦ᠌ ᠣᠷᠣᠨ ᠢ᠋ ᠳᠠᠢᠴᠢᠯᠠᠨ ᠲᠦᠬᠦᠭᠡᠷᠦᠮᠵᠢᠲᠦ ᠲᠠᠷᠢᠶᠠᠯᠠᠡᠭ ᠤ᠋ᠨ ᠲᠠᠯᠠᠪᠠᠢ ᠵᠢ 4 ᠲᠦᠮᠡᠨ ᠮᠦ᠍ ᠨᠡᠮᠡᠭᠳᠡᠭᠦᠯᠤᠨ᠂ 6 ᠲᠦᠮᠡᠨ ᠮᠦ᠍ ᠶ᠋ᠢᠨ ᠢᠳᠡᠰᠢᠨ ᠨᠤᠭᠤᠭ᠎ᠠ ᠶ᠋ᠢᠨ ᠰᠠᠭᠤᠷᠢᠨ ᠢ᠋ ᠦᠬᠡᠷᠡᠴᠢᠯᠡᠨ ᠰᠢᠨᠡᠳᠭᠡᠵᠦ ᠳᠡᠰ ᠳᠡᠪᠰᠢᠭᠦᠯᠵᠦ᠂ ᠲᠦᠬᠦᠭᠡᠷᠦᠮᠵᠢᠲᠦ ᠢᠳᠡᠰᠢᠨ ᠨᠤᠭᠤᠭ᠎ᠠ ᠬᠢᠭᠡᠳ ᠶᠡᠬᠡ ᠲᠠᠷᠢᠶᠠᠨ ᠤ᠋ ᠢᠳᠡᠱᠢᠨ ᠨᠣᠭᠣᠭ᠎ᠠ ᠶ᠋ᠢᠨ ᠠᠵᠤ ᠦᠢᠯᠡᠰ ᠤ᠋ᠨ ᠬᠠᠷᠢᠯᠴᠠᠨ ᠵᠤᠬᠢᠴᠠᠯᠳᠤᠭᠰᠠᠨ ᠬᠥᠭ᠌ᠵᠢᠯᠲᠡ ᠶ᠋ᠢᠨ ᠪᠠᠢᠷᠢᠱᠢᠯ ᠢ᠋ ᠪᠤᠶ ᠪᠣᠯᠭᠠᠨ᠎ᠠ᠃
ᠦᠶ᠋ᠯᠡᠳᠪᠦᠷᠢᠯᠡᠯ ᠤ᠋ᠨ ᠲᠦᠪᠰᠢᠨ ᠢ᠋ ᠳᠡᠭᠡᠭ᠌ᠰᠢᠯᠡᠭᠦᠯᠵᠦ᠍᠂ ᠦᠷ᠎ᠡ ᠴᠢᠬᠢ ᠶ᠋ᠢᠨ ᠬᠠᠡᠭᠭᠠᠯᠭ᠎ᠠ ᠶ᠋ᠢᠨ ᠰᠠᠭᠤᠷᠢ ᠵᠢ ᠪᠡᠬᠢᠵᠢᠬᠦᠯᠦᠨᠠ᠃ ᠡᠨᠡ ᠵᠢᠯ ᠮᠠᠨ ᠤ᠋ ᠤᠷᠤᠨ ᠵᠢᠯ ᠳ᠋ᠤ 5000 ᠲᠦᠮᠡᠨ ᠰᠠᠭᠤᠷᠢ ᠡᠴᠡ ᠲᠠᠬᠡᠭᠰᠢ ᠴᠢᠬᠢ ᠦᠢᠯᠡᠳᠪᠦᠷᠢᠯᠡᠬᠦ ᠴᠢᠳᠠᠪᠤᠷᠢ ᠲᠠᠢ ᠡᠷᠴᠢᠮᠵᠢᠭᠦᠯᠦᠭᠰᠡᠨ᠂ ᠣᠶᠤᠨᠴᠢᠯᠠᠭ᠍ᠰᠠᠨ ᠴᠢᠬᠢ ᠪᠣᠢᠵᠢᠭᠤᠯᠬᠤ ᠲᠥᠪ ᠢ᠋ ᠱᠢᠨ᠎ᠡ ᠪᠡᠷ 4 ᠪᠠᠢᠭᠤᠯᠵᠤ᠂ ᠳᠠᠷᠢᠬᠤ᠂ ᠰᠣᠶᠣᠭᠠᠯᠠᠭᠤᠯᠬᠤ ᠪᠠ ᠵᠠᠯᠭᠠᠵᠤ ᠡᠷᠯᠢᠰᠡᠵᠢᠬᠦᠯᠬᠦ ᠵᠡᠷᠭᠡ ᠵᠠᠩᠭᠢᠯᠠᠭ᠎ᠠ ᠶ᠋ᠢᠨ ᠭᠣᠭ᠍ᠴᠣᠭᠠ ᠶ᠋ᠢᠨ ᠪᠥᠬᠥ᠌ ᠶᠠᠪᠤᠴᠠ ᠶ᠋ᠢᠨ ᠠᠦ᠋ᠲ᠋ᠣᠴᠢᠯᠠᠯᠲᠠ ᠵᠢ ᠪᠡᠶᠡᠯᠡᠭᠦᠯᠵᠦ᠍᠂ ᠦᠷ᠎ᠡ ᠴᠢᠬᠢ ᠶ᠋ᠢᠨ ᠶᠠᠰᠤ ᠴᠢᠨᠠᠷ ᠪᠠ ᠴᠢᠬᠢ ᠪᠣᠢᠵᠢᠭᠤᠯᠬᠤ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨ᠂ ᠪᠥᠬᠥ᠌ ᠣᠷᠣᠨ ᠤ᠋ ᠢᠳᠡᠰᠢᠨ ᠨᠤᠭᠤᠭ᠎ᠠ ᠵᠢᠨ ᠦᠷ᠎ᠡ ᠴᠢᠬᠢ ᠶ᠋ᠢᠨ ᠦᠢᠯᠡᠳᠪᠦᠷᠢᠯᠡᠯ ᠤ᠋ᠨ ᠴᠢᠳᠠᠪᠤᠷᠢ ᠵᠢ 40 ᠳ᠋ᠦᠩᠱᠢᠭᠤᠷ ᠰᠠᠭᠤᠷᠢ ᠵᠢ ᠳᠠᠪᠠᠭᠤᠯᠵᠤ᠂ ᠢᠳᠡᠰᠢᠨ ᠨᠤᠭᠤᠭ᠎ᠠ ᠵᠢᠨ ᠦᠷ᠎ᠡ ᠴᠢᠬᠢ ᠶ᠋ᠢᠨ ᠥᠪᠡᠷ ᠢ᠋ ᠪᠡᠨ ᠬᠠᠩᠭᠠᠬᠤ ᠨᠣᠷᠮ᠎ᠠ ᠵᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ ᠪᠡᠷ ᠪᠤᠢ᠃
ᠪᠦᠬᠦ᠌ ᠬᠡᠯᠬᠢᠶ᠎ᠡ ᠶ᠋ᠢᠨ ᠬᠠᠩᠭᠠᠯᠭ᠎ᠠ ᠵᠢ ᠰᠠᠭᠠᠳ ᠦᠭᠡᠢ ᠨᠡᠪᠲᠡᠷᠡᠭᠦᠯᠵᠦ᠍᠂ ᠢᠳᠡᠬᠡᠮᠵᠢᠳᠠᠢ ᠢᠳᠡᠰᠢᠨ ᠨᠤᠭᠤᠭ᠎ᠠ ᠶ᠋ᠢᠨ ᠪᠠᠲᠤᠯᠠᠭ᠎ᠠ ᠵᠢᠨ ᠰᠠᠭᠤᠷᠢ ᠵᠢ ᠪᠡᠬᠢᠵᠢᠬᠦᠯᠦᠨᠠ᠃ ᠪᠠᠷᠢᠮᠵᠢᠶᠠᠵᠢᠭ᠍ᠰᠠᠨ ᠦᠢᠯᠡᠳᠪᠦᠷᠢᠯᠡᠯ ᠢ᠋ ᠴᠢᠩᠭ᠎ᠠ ᠬᠡᠷᠡᠭ᠌ᠵᠢᠭᠦᠯᠤᠨ᠂ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭᠠᠳᠭᠠᠵᠤ᠂ ᠭᠠᠷᠤᠯᠲᠠ ᠶ᠋ᠢᠨ ᠣᠷᠣᠨ ᠳ᠋ᠦ ᠪᠤᠯᠪᠠᠰᠤᠷᠠᠭᠤᠯᠬᠤ᠂ ᠱᠢᠨ᠎ᠡ ᠰᠣᠷᠭᠣᠭ ᠶ᠋ᠢᠡᠷ ᠬᠠᠳᠠᠭᠠᠯᠠᠬᠤ ᠪᠤᠯᠤᠨ ᠬᠦᠢᠲᠡᠨ ᠬᠡᠯᠬᠢᠶᠡᠲᠦ ᠬᠠᠩᠭᠠᠯᠭ᠎ᠠ ᠵᠡᠷᠭᠡ ᠪᠦᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭ᠌ᠵᠢᠯᠲᠡ ᠵᠢ ᠠᠬᠢᠭᠤᠯᠵᠤ᠂ ᠨᠥᠬᠥᠴᠡᠯ ᠲᠡᠶ ᠦᠢᠯᠡᠳᠪᠤᠷᠢᠯᠡᠯ ᠤ᠋ᠨ ᠰᠠᠭᠤᠷᠢᠨ ᠪᠠ ᠬᠦᠷᠢᠶᠡᠯᠡᠩ ᠲᠣᠭᠣᠷᠢᠭ ᠲᠦ᠍ ᠰᠢᠨ᠎ᠡ ᠰᠤᠷᠭᠤᠭ ᠶ᠋ᠢᠡᠷ ᠬᠠᠳᠠᠭᠠᠯᠠᠬᠤ᠂ ᠴᠡᠪᠡᠷᠯᠡᠨ ᠰᠣᠩᠭᠣᠵᠤ ᠳᠡᠰ ᠬᠤᠪᠢᠶᠠᠬᠤ᠂ ᠪᠣᠭᠣᠳᠠᠯᠯᠠᠬᠤ ᠵᠡᠷᠭᠡ ᠲᠥᠬᠥᠭᠡᠷᠦᠮᠵᠢ ᠲᠣᠬᠢᠷᠠᠭᠤᠯᠬᠤ ᠵᠢ ᠳᠠᠮᠵᠢᠵᠤ᠂ ᠰᠤᠳᠤᠨ ᠳᠡᠰ ᠤ᠋ᠨ ᠴᠡᠪᠡᠷᠰᠢᠭᠦᠯᠦᠭᠰᠡᠨ ᠢᠳᠡᠰᠢᠨ ᠨᠣᠭᠣᠭ᠎ᠠ ᠶ᠋ᠢᠨ ᠵᠠᠬ᠎ᠠ ᠳᠡᠯᠭᠡᠭᠦᠷ ᠲᠦ᠍ ᠭᠠᠷᠬᠤ ᠬᠠᠷᠢᠴᠠᠯ ᠢ᠋ ᠳᠡᠭᠡᠭ᠌ᠰᠢᠯᠡᠭᠦᠯᠦᠨᠡ᠃ 《ᠭᠠᠳᠠᠭᠰᠢ ᠭᠠᠷᠭᠠᠬᠤ᠂ ᠤᠷᠢᠵᠤ ᠤᠷᠤᠭᠤᠯᠬᠤ》 ᠠᠷᠭ᠎ᠠ ᠬᠡᠯᠪᠡᠷᠢ ᠵᠢ ᠠᠰᠢᠭᠯᠠᠨ ᠪᠡᠭᠡᠵᠢᠩ ᠤ᠋ᠨ ᠱᠢᠨ ᠹᠠ ᠳ᠋ᠢ᠂ ᠱᠠᠩᠬᠠᠶ ᠶ᠋ᠢᠨ ᠵᠢᠶᠠᠩ ᠴᠢᠶᠣᠤ᠂ ᠭᠤᠸᠠᠩᠵᠧᠦ᠍ ᠶ᠋ᠢᠨ ᠬᠤᠸᠠᠨᠠᠨ ᠵᠡᠷᠭᠡ ᠬᠥᠭ᠌ᠵᠢᠭ᠌ᠰᠡᠨ ᠭᠠᠵᠠᠷ ᠣᠷᠣᠨ ᠤ᠋ ᠶᠡᠬᠡ ᠬᠤᠲᠠ ᠶ᠋ᠢᠨ ᠲᠣᠮᠣ ᠬᠡᠯᠪᠡᠷᠢ ᠶ᠋ᠢᠨ ᠪᠥᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ ᠯᠤᠭᠡ ᠢᠳᠡᠪᠬᠢᠳᠠᠢ ᠵᠤᠯᠭᠠᠭᠤᠯᠵᠤ᠂ ᠦᠪᠤᠷ ᠮᠤᠩᠭᠤᠯ ᠤ᠋ᠨ ᠢᠳᠡᠱᠢᠨ ᠨᠣᠭᠣᠭ᠎ᠠ ᠶ᠋ᠢᠨ ᠡᠵᠡᠡᠭᠨᠡᠯᠲᠡ ᠶ᠋ᠢᠨ ᠭᠣᠣᠯ ᠴᠣᠭ᠍ᠴᠠ ᠶ᠋ᠢᠨ ᠨᠡᠷᠡᠰ ᠤ᠋ᠨ ᠵᠢᠭ᠍ᠰᠠᠭᠠᠯᠲᠠ ᠵᠢ ᠭᠠᠷᠭᠠᠨ᠂ ᠠᠵᠤ ᠦᠢᠯᠡᠰ ᠤ᠋ᠨ ᠶᠡᠬᠡ ᠬᠤᠷᠠᠯ᠂ ᠲᠠᠨᠢᠯᠴᠠᠭᠤᠯᠭ᠎ᠠ ᠶ᠋ᠢᠨ ᠬᠤᠷᠠᠯ ᠡᠷᠬᠢᠯᠡᠬᠦ᠌ ᠵᠡᠷᠭᠡ ᠬᠡᠯᠪᠡᠷᠢ ᠪᠡᠷ ᠪᠣᠯᠪᠠᠰᠤᠷᠠᠩᠭᠤᠶ ᠬᠠᠩᠭᠠᠯᠭ᠎ᠠ ᠶ᠋ᠢᠨ ᠬᠡᠯᠬᠢᠶ᠎ᠡ ᠲᠡᠶ ᠲᠣᠮᠣ ᠬᠡᠯᠪᠡᠷᠢ ᠶ᠋ᠢᠨ ᠡᠵᠡᠩᠨᠡᠨ ᠪᠣᠷᠣᠯᠠᠭᠤᠯᠬᠤ ᠠᠷᠠᠯᠵᠢᠶᠠᠴᠢᠨ ᠪᠤᠶᠤ ᠠᠵᠤ ᠠᠬᠤᠢᠯᠠᠯ ᠢ᠋ ᠤᠷᠢᠨ ᠣᠷᠣᠭᠤᠯᠵᠤ᠂ ᠪᠣᠷᠣᠯᠠᠭᠤᠯᠭ᠎ᠠ ᠶ᠋ᠢᠨ ᠠᠷᠭ᠎ᠠ ᠵᠠᠮ ᠵᠢᠡᠨ ᠦᠷᠭᠦᠯᠵᠢᠯᠡᠨ ᠥᠷᠭᠡᠳᠭᠡᠨ᠎ᠡ᠃
ᠥᠪᠥᠷ ᠮᠣᠩᠭᠣᠯ ᠤ᠋ᠨ ᠢᠳᠡᠱᠢᠨ ᠨᠣᠭᠣᠭ᠎ᠠ ᠶ᠋ᠢᠨ ᠲᠥᠷᠥᠯ ᠲᠡᠮᠳᠡᠭ᠌ ᠢ᠋ ᠴᠤᠭᠴᠠᠯᠠᠵᠤ᠂ ᠵᠠᠬ᠎ᠠ ᠳᠡᠯᠭᠡᠭᠦᠷ ᠤ᠋ᠨ ᠥᠷᠢᠰᠦᠯᠳᠦᠬᠦ᠌ ᠬᠦᠴᠦᠨ ᠤ᠋ ᠰᠠᠭᠤᠷᠢ ᠵᠢ ᠪᠡᠬᠢᠵᠢᠬᠦᠯᠦᠨᠠ᠃ ᠦᠪᠤᠷ ᠮᠤᠩᠭᠤᠯ ᠤ᠋ᠨ ᠠᠭᠤᠷ ᠠᠮᠢᠰᠬᠤᠯ ᠭᠦᠢᠲᠡᠨ ᠰᠡᠷᠢᠭᠦᠨ᠂ ᠭᠡᠷᠡᠯ ᠤ᠋ᠨ ᠲᠤᠰᠤᠯᠲᠠ ᠭᠦᠢᠴᠡᠳ᠂ ᠬᠥᠷᠥᠰᠥ᠍ ᠱᠢᠷᠣᠶ ᠠᠷᠢᠭᠤᠨ ᠴᠡᠪᠡᠷ᠂ ᠡᠪᠡᠳᠴᠢᠨ ᠬᠣᠷᠣᠬᠠᠶ ᠶ᠋ᠢᠨ ᠬᠥᠨᠥᠭᠡᠯ ᠪᠠᠭ᠎ᠠ ᠵᠡᠷᠭᠡ ᠡᠬᠢ ᠪᠠᠶᠠᠯᠢᠭ ᠤ᠋ᠨ ᠳᠠᠪᠠᠭᠤᠯᠢᠭ ᠢ᠋ ᠭᠦᠢᠴᠡᠳ ᠠᠱᠢᠭ᠍ᠯᠠᠨ᠂ ᠴᠢᠨᠠᠷ ᠰᠠᠢᠲᠠᠶ ᠪᠣᠬᠢᠷᠲᠤᠯ ᠦᠭᠡᠶ ᠣᠷᠭᠠᠨᠢᠭ ᠢᠳᠡᠱᠢᠨ ᠨᠣᠭᠣᠭ᠎ᠠ ᠦᠢᠯᠡᠳᠪᠦᠷᠢᠯᠡᠵᠦ᠍᠂ ᠠᠢᠮᠠᠭ ᠬᠣᠲᠠ ᠨᠢᠬᠡ ᠪᠦᠷᠢ ᠨᠢ ᠪᠦᠬᠦ᠌ ᠤᠯᠤᠰ ᠲᠦ᠍ ᠨᠥᠯᠥᠭᠡᠯᠡᠬᠦ᠌ ᠬᠦᠴᠦᠨ ᠲᠡᠶ ᠢᠳᠡᠱᠢᠨ ᠨᠣᠭᠣᠭ᠎ᠠ ᠶ᠋ᠢᠨ ᠳᠠᠩ ᠲᠦᠷᠦᠯ ᠤ᠋ᠨ ᠪᠦᠲᠦᠭᠡᠭ᠌ᠳᠡᠬᠦᠨ ᠢ᠋ 1 — 2 ᠴᠢᠷᠮᠠᠢᠨ ᠡᠭᠦᠳᠬᠦ ᠵᠢᠨ ᠬᠠᠮᠳᠤ ᠣᠯᠠᠨ ᠠᠷᠭ᠎ᠠ ᠵᠠᠮ ᠶ᠋ᠢᠡᠷ ᠤᠬᠠᠭᠤᠯᠵᠤ᠂ ᠦᠪᠤᠷ ᠮᠤᠩᠭᠤᠯ ᠤ᠋ᠨ ᠢᠳᠡᠱᠢᠨ ᠨᠣᠭᠣᠭ᠎ᠠ ᠶ᠋ᠢᠨ ᠲᠥᠷᠥᠯ ᠲᠡᠮᠳᠡᠭ᠌ ᠤ᠋ᠨ ᠨᠡᠷ᠎ᠡ ᠠᠯᠳᠠᠷᠱᠢᠯ ᠪᠠ ᠵᠠᠬ᠎ᠠ ᠳᠡᠯᠭᠡᠭᠦᠷ ᠤ᠋ᠨ ᠥᠷᠢᠰᠥᠯᠳᠦᠬᠦ᠌ ᠬᠦᠴᠦᠨ ᠢ᠋ ᠳᠡᠭᠡᠭᠰᠢᠯᠡᠭᠦᠯᠦᠨ᠎ᠡ᠃
ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠵᠢ ᠴᠢᠡᠭᠭᠠᠳᠬᠠᠨ ᠠᠷᠭ᠎ᠠ ᠬᠡᠮᠵᠢᠶ᠎ᠡ ᠵᠢ ᠪᠣᠳᠠᠲᠠᠢᠵᠢᠭᠤᠯᠵᠤ᠂ ᠦᠷ᠎ᠡ ᠪᠦᠲᠦᠮᠵᠢ ᠣᠯᠬᠤ ᠰᠠᠭᠤᠷᠢ ᠵᠢ ᠪᠡᠬᠢᠵᠢᠬᠦᠯᠦᠨᠠ᠃ ᠮᠠᠨ ᠤ᠋ ᠤᠷᠤᠨ ᠲᠤᠰᠭᠠᠶ ᠪᠠᠯᠠ ᠮᠥᠩᠭᠥ᠌ ᠲᠣᠬᠢᠷᠠᠭᠤᠯᠤᠨ 《ᠤᠷᠢᠳ ᠶ᠋ᠢᠡᠷ ᠪᠠᠢᠭᠤᠯᠵᠤ ᠳᠠᠷᠠᠭ᠎ᠠ ᠨᠢ ᠨᠦᠬᠦᠪᠦᠷᠢᠯᠡᠬᠦ》 ᠠᠷᠭ᠎ᠠ ᠬᠡᠯᠪᠡᠷᠢ ᠪᠡᠷ ᠳᠠᠪᠠᠭᠤᠯᠢᠭᠲᠦ ᠭᠠᠵᠠᠷ ᠣᠷᠣᠨ ᠤ᠋ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠪᠡᠨ ᠪᠤᠳᠠᠳᠠᠢ ᠳ᠋ᠤ ᠨᠠᠢᠳᠠᠪᠤᠷᠢᠵᠢᠭᠤᠯᠬᠤ ᠵᠢ ᠳᠡᠮᠵᠢᠵᠦ᠍᠂ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠶ᠋ᠢᠨ ᠠᠵᠤ ᠦᠶ᠋ᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠪᠦᠬᠦ ᠤᠷᠤᠨ ᠤ᠋ ᠴᠢᠨᠠᠷ ᠰᠠᠢᠲᠠᠶ ᠢᠳᠡᠱᠢᠨ ᠨᠣᠭᠣᠭ᠎ᠠ ᠶ᠋ᠢᠨ ᠭᠠᠷᠤᠯᠲᠠ ᠵᠢ ᠲᠣᠭ᠍ᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠤ ᠡᠷᠴᠢᠮ ᠢ᠋ ᠴᠢᠡᠭᠭᠠᠷᠠᠭᠤᠯᠬᠤ ᠵᠢᠨ ᠤᠯᠠᠮ ᠵᠢᠡᠷ ᠮᠠᠯᠴᠢᠨ ᠲᠠᠷᠢᠶᠠᠴᠢᠳ ᠤ᠋ᠨ ᠣᠷᠣᠯᠭ᠎ᠠ ᠪᠠᠨ ᠨᠡᠮᠡᠭ᠌ᠳᠡᠭᠦᠯᠬᠦ᠌ ᠵᠢ ᠳᠠᠢᠴᠢᠯᠠᠬᠤ ᠪᠤᠯᠤᠨ᠎ᠠ᠃