— ᠬᠥᠯᠥᠨ ᠪᠣᠢᠷ ᠬᠣᠲᠠ ᠮᠢᠬᠠᠨ ᠤ᠋ ᠦᠬᠡᠷ ᠮᠢᠬᠠᠨ ᠤ᠋ ᠬᠣᠨᠢᠨᠦ ᠠᠵᠤ ᠦᠢᠯᠡᠰᠦᠨ ᠪᠥᠬᠥ᠌ ᠶᠠᠪᠤᠴᠠ ᠶ᠋ᠢᠨ ᠮᠦᠷᠳᠡᠯᠲᠡ ᠶ᠋ᠢᠨ ᠱᠢᠰᠲ᠋ᠧᠮ ᠤ᠋ᠨ ᠪᠠᠢᠭᠤᠯᠤᠯᠲᠠ ᠵᠢ ᠲᠦᠷᠭᠡᠳᠭᠡᠵᠦ᠍ ᠪᠠᠢᠨ᠎ᠠ
ᠲᠦᠷᠦᠬᠦᠬᠡᠨ᠂ ᠬᠠᠢᠯᠠᠷ ᠲᠣᠭᠣᠷᠢᠭ ᠡᠴᠡ ᠮᠠᠱᠢᠨ ᠲᠡᠷᠭᠡ ᠪᠡᠷ ᠪᠠᠷᠠᠭᠤᠨᠰᠢ ᠠᠶᠠᠯᠠᠨ ᠦᠷᠭᠡᠨ ᠠᠭᠤᠳᠠᠮ ᠬᠥᠯᠥᠨ ᠪᠤᠢ᠌ᠷ ᠤ᠋ᠨ ᠲᠠᠯ᠎ᠠ ᠨᠤᠳᠤᠭ ᠵᠢᠡᠷ ᠥᠩᠭᠡᠷᠡᠬᠦ ᠳ᠋ᠤ᠂ ᠬᠦᠭᠡ ᠤᠭᠲᠠᠷᠭᠤᠢ ᠬᠦᠪᠦᠡᠭ ᠴᠠᠭᠠᠨ ᠡᠭᠦᠯᠡᠨ ᠤ᠋ ᠳᠤᠤᠭᠤᠷ ᠬᠦᠪᠦᠯᠵᠡᠨ ᠪᠡᠯᠴᠢᠬᠦ ᠬᠤᠨ ᠴᠠᠭᠠᠨ ᠬᠤᠨᠢᠨ ᠰᠦᠷᠦᠭ ᠤ᠋ᠨ ᠰᠢᠷ᠎ᠡ ᠦᠡᠭᠭᠡ ᠶ᠋ᠢᠨ 《ᠡᠬᠡᠮᠦᠭ》 ᠤᠨᠴᠠ ᠶ᠋ᠢᠨ ᠢᠯᠡ ᠲᠠᠢ ᠬᠠᠷᠠᠭᠳᠠᠨ᠎ᠠ᠃ ᠡᠨᠡ ᠪᠤᠯ ᠲᠡᠳᠡᠨ ᠤ᠋ 《ᠲᠤᠭᠠᠴᠢᠯᠠᠭᠰᠠᠨ ᠨᠢᠭᠡ ᠨᠠᠰᠤ》 ᠵᠢ ᠲᠡᠮᠲᠡᠭᠯᠡᠭᠰᠡᠨ ᠡᠯᠧᠺᠲ᠋ᠷᠣᠨ ᠴᠢᠬᠢᠪᠴᠢ ᠶᠤᠮ᠃
ᠱᠢᠨ᠎ᠡ ᠪᠠᠷᠭᠤ ᠪᠠᠷᠠᠭᠤᠨ ᠬᠣᠱᠢᠭᠤᠨ ᠤ᠋ ᠮᠠᠯᠴᠢᠨ ᠪᠠᠲᠤ ᠳ᠋ᠦ ᠠᠪᠴᠤ᠌ ᠬᠡᠯᠡᠪᠡᠯ᠂ ᠬᠤᠨᠢᠨ ᠳ᠋ᠠᠭᠠᠨ ᠰᠢᠷ᠎ᠠ ᠦᠩᠬᠡ ᠵᠢᠨ《ᠡᠬᠡᠮᠦᠭ》 ᠵᠡᠬᠦᠯᠬᠡᠭᠰᠡᠨ ᠨᠢ 《ᠲᠩᠷᠢ ᠶ᠋ᠢᠨ ᠴᠢᠷᠠᠢ ᠬᠠᠷᠠᠵᠤ ᠮᠠᠯᠵᠢᠵᠤ》 ᠪᠠᠢᠭ᠍ᠰᠠᠨ ᠡᠴᠡ ᠪᠠᠨ ᠤᠶᠤᠨᠴᠢᠯᠠᠭᠰᠠᠨ ᠲᠤᠭᠠᠴᠢᠯᠠᠭᠰᠠᠨ ᠮᠠᠯᠵᠢᠯ ᠲᠠᠢᠰᠢ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠪᠠᠨ ᠬᠤᠪᠢᠷᠠᠭᠤᠯᠤᠭᠰᠠᠨ ᠢ᠋ ᠬᠠᠷᠠᠭᠤᠯᠵᠤ ᠪᠠᠢᠨ᠎ᠠ᠃
《ᠥᠩᠭᠡᠷᠡᠭ᠌ᠰᠡᠨ ᠳ᠋ᠤ ᠬᠣᠨᠢ ᠪᠠᠨ ᠬᠤᠳᠠᠯᠳᠤᠬᠤ ᠳ᠋ᠦ ᠶᠡᠷᠦ ᠨᠢ ᠰᠠᠨᠠᠭ᠎ᠠ ᠠᠮᠤᠷ ᠦᠭᠡᠶ ᠪᠠᠢᠵᠠᠶ᠃ ᠶᠠᠪᠤᠭᠤᠯ ᠮᠠᠢᠮᠠᠢᠴᠢᠨ ᠢᠷᠡᠭᠰᠡᠭᠡᠷ ᠦᠨ᠎ᠡ ᠳᠠᠷᠤᠭᠠᠳ ᠪᠠᠢᠨ᠎ᠠ》 ᠭᠡᠵᠦ ᠪᠠᠲᠤ ᠬᠡᠯᠡᠨ᠎ᠠ᠃ ᠲᠡᠷᠡ ᠪᠠᠰᠠ《ᠣᠲᠣ ᠠᠳᠠᠯᠢ ᠥᠬᠡᠶ ᠪᠣᠯᠵᠠᠶ᠂ ᠲᠦᠯ ᠲᠤᠰᠤᠭᠰᠠᠨ ᠡᠳᠦᠷ ᠡᠴᠡ ᠡᠬᠢᠯᠡᠨ ᠬᠤᠷᠠᠭ᠎ᠠ ᠳ᠋ᠠᠭᠠᠨ ᠬᠡᠵᠢᠶ᠎ᠡ ᠸᠠᠺᠼᠢᠨ ᠳᠠᠷᠢᠭ᠍ᠰᠠᠨ᠂ ᠠᠯᠢ ᠪᠡᠯᠴᠢᠭᠡᠷ ᠲᠦ᠍ ᠲᠠᠯᠪᠢᠭᠰᠠᠨ᠂ ᠬᠡᠳᠦᠶ ᠬᠣᠯᠠ ᠶᠠᠪᠤᠭ᠍ᠰᠠᠨ ᠵᠡᠷᠭᠡ ᠵᠢ ᠴᠦᠮ ᠱᠢᠰᠲ᠋ᠧᠮ ᠳ᠋ᠤ ᠲᠣᠳᠣᠷᠬᠠᠶ ᠲᠡᠮᠳᠡᠭ᠌ᠯᠡᠬᠦ ᠪᠤᠯᠵᠠᠢ᠃ ᠡᠨᠡ ᠬᠦ᠌ 〈ᠪᠡᠶ᠎ᠡ ᠶ᠋ᠢᠨ ᠦᠨᠡᠮᠯᠡᠯ〉ᠲᠠᠢ ᠪᠤᠯᠤᠭᠰᠠᠨ ᠡᠴᠡ ᠪᠢᠳᠡ ᠨᠠᠩ ᠢᠲᠡᠭᠡᠯ ᠲᠡᠭᠦᠯᠳᠡᠷ ᠪᠣᠯᠵᠣ᠂ ᠰᠠᠢᠨ ᠬᠣᠨᠢᠨ ᠮᠢᠬ᠎ᠠ ᠪᠠᠨ ᠡᠴᠦᠰ ᠲᠡᠬᠡᠨ ᠰᠠᠢᠨ ᠦᠨ᠎ᠡ ᠪᠡᠷ ᠬᠤᠳᠠᠯᠳᠤᠵᠤ ᠲᠠᠢᠯᠬᠦ ᠪᠤᠯᠤᠭᠰᠠᠨ ᠶᠤᠮ》 ᠭᠡᠵᠦ ᠲᠠᠨᠢᠯᠴᠠᠭᠤᠯᠤᠨ᠎ᠠ᠃
ᠪᠡᠲᠦ ᠶ᠋ᠢᠨ ᠢᠲᠡᠭᠡᠯ ᠵᠤᠷᠢᠭ ᠬᠥᠯᠥᠨ ᠪᠤᠢ᠌ᠷ ᠬᠤᠳᠠ ᠶ᠋ᠢᠨ ᠪᠦᠬᠦ᠌ ᠬᠦᠴᠦ᠍ ᠪᠡᠷ ᠶ᠋ᠢᠡᠨ ᠠᠬᠢᠭᠤᠯᠵᠤ ᠪᠠᠢᠭ᠎ᠠ ᠮᠠᠯ ᠠᠵᠤ ᠠᠬᠤᠢ ᠶ᠋ᠢᠨ 《ᠲᠣᠭᠠᠴᠢᠯᠠᠭ᠍ᠰᠠᠨ ᠬᠤᠪᠢᠰᠭᠠᠯ》 ᠡᠴᠡ ᠢᠷᠡᠯᠲᠡ ᠲᠡᠶ ᠶᠤᠮ᠃ ᠨᠤᠲᠤᠭ ᠪᠡᠯᠴᠢᠬᠡᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠤᠯᠠᠮᠵᠢᠯᠠᠯᠲᠤ ᠮᠠᠯ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠬᠤ ᠬᠤᠤᠰ ᠰᠡᠳᠦᠪ ᠤ᠋ᠨ ᠡᠮᠦᠨ᠎ᠡ᠂ ᠬᠥᠯᠥᠨ ᠪᠤᠢ᠌ᠷ ᠬᠤᠳᠠ 2025 ᠣᠨ ᠡᠴᠡ ᠨᠠᠭᠠᠰᠢ 《ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ ᠢ᠋ ᠱᠢᠰᠲ᠋ᠧᠮ ᠲᠡᠶ ᠱᠢᠢᠳᠪᠦᠷᠢᠯᠡᠵᠦ᠍᠂ ᠤᠯᠠᠮᠵᠢᠯᠠᠯᠲᠤ ᠮᠠᠯ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠠᠬᠢᠭᠤᠯᠬᠤ》 ᠪᠡᠷ ᠥᠭᠡᠷᠡᠴᠢᠯᠡᠯᠲᠡ ᠶ᠋ᠢᠨ ᠵᠠᠩᠭᠢᠯᠠᠭ᠎ᠠ ᠶ᠋ᠢᠨ ᠰᠡᠳᠦᠪ ᠶ᠋ᠢᠡᠨ ᠪᠣᠯᠭᠠᠵᠠᠢ᠃ ᠡᠭᠦᠨ ᠳ᠋ᠦ ᠬᠤᠨᠢᠨ ᠮᠢᠬ᠎ᠠ ᠶ᠋ᠢᠨ ᠪᠦᠬᠦ᠌ ᠶᠠᠪᠤᠴᠠ ᠶ᠋ᠢᠨ ᠮᠦᠷᠳᠡᠯᠲᠡ ᠶ᠋ᠢᠨ ᠱᠢᠰᠲ᠋ᠧᠮ ᠢ᠋ ᠪᠠᠢᠭᠤᠯᠬᠤ ᠪᠣᠯ ᠲᠡᠳᠡᠨ ᠤ᠋ ᠭᠣᠣᠯ ᠭᠠᠷᠳᠠᠴᠠ ᠪᠣᠯᠤᠨ᠎ᠠ᠃
ᠬᠥᠯᠥᠨ ᠪᠤᠢ᠌ᠷ ᠤ᠋ᠨ ᠠᠲᠠᠷ ᠬᠠᠭᠠᠯᠪᠤᠷᠢᠯᠠᠯᠲᠠ ᠶ᠋ᠢᠨ ᠪᠦᠯᠦᠭ᠌ᠯᠡᠯ ᠤ᠋ᠨ ᠲᠣᠭ᠎ᠠ ᠪᠠᠷᠢᠮᠲᠠ ᠶ᠋ᠢᠨ ᠲᠥᠪ ᠲᠦ᠍ ᠬᠦᠷᠬᠦ ᠳ᠋ᠦ ᠲᠤᠮᠤ ᠳᠡᠯᠭᠡᠴᠡᠨ ᠳ᠋ᠡᠬᠢ ᠲᠤᠭ᠎ᠠ ᠪᠠᠷᠢᠮᠳᠠ ᠴᠠᠭ ᠲᠤᠬᠠᠢ ᠳ᠋ᠤᠨᠢ ᠰᠢᠨᠡᠴᠢᠯᠡᠭᠳᠡᠵᠤ ᠪᠠᠢᠯ᠎ᠠ᠃ ᠡᠨᠡ ᠪᠣᠯ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠡᠴᠡ ᠨᠢᠭᠡᠳᠦᠯᠲᠡᠶ ᠲᠥᠯᠥᠪᠯᠡᠵᠦ᠍᠂ ᠬᠥᠯᠥᠨ ᠪᠣᠢᠷ ᠤ᠋ᠨ ᠰᠢᠯᠵᠢᠬᠡ ᠬᠤᠯᠪᠤᠭ᠎ᠠ ᠵᠢᠨ ᠺᠣᠮᠫᠠᠨᠢ ᠡᠴᠡ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠭ᠍ᠰᠠᠨ 《ᠣᠶᠤᠨᠴᠢ ᠮᠠᠯ ᠠᠵᠤ ᠠᠬᠤᠶ ᠶ᠋ᠢᠨ ᠲᠣᠭ᠎ᠠ ᠪᠠᠷᠢᠮᠲᠠ ᠶ᠋ᠢᠨ ᠲᠠᠪᠴᠠᠩ》 ᠪᠣᠯᠤᠨ᠎ᠠ᠃ ᠳᠡᠯᠭᠡᠴᠡᠡ ᠳᠡᠭᠡᠷ᠎ᠡ ᠮᠠᠯᠵᠢᠬᠤ ᠡᠷᠦᠬᠡ ᠶ᠋ᠢᠨ ᠬᠣᠨᠢᠨ ᠬᠤᠷᠤᠭ᠎ᠠ ᠡᠴᠡ ᠨᠢᠲᠤᠯᠵᠤ ᠪᠤᠯᠪᠠᠰᠤᠷᠠᠭᠤᠯᠬᠤ ᠲᠠᠰᠤᠭ ᠬᠦᠷᠲᠡᠯ᠎ᠡ᠂ ᠬᠦᠶ᠋ᠲᠡᠨ ᠬᠡᠯᠬᠢᠶᠡᠲᠦ ᠪᠠᠷᠠᠭᠠᠨ ᠤ᠋ ᠭᠦᠶ᠋ᠯᠭᠡᠭᠡ ᠵᠢᠨ ᠲᠡᠷᠭᠡ ᠡᠴᠡ ᠮᠢᠩᠭᠠᠨ ᠭᠠᠵᠠᠷ ᠤ᠋ᠨ ᠠᠯᠤᠰ ᠲᠡᠬᠢ ᠬᠤᠳᠠᠯᠳᠤᠭᠠᠨ ᠤ᠋ ᠬᠡᠲᠦ ᠳᠡᠯᠭᠡᠭᠦᠷ ᠤ᠋ᠨ ᠪᠠᠷᠠᠭᠠᠨ ᠤ᠋ ᠵᠢᠶᠠᠰᠠ ᠬᠦᠷᠲᠡᠯ᠎ᠡ᠂ ᠨᠢᠭᠡ ᠬᠣᠨᠢᠨ ᠤ᠋ 《ᠠᠮᠢ ᠨᠠᠰᠤᠨ ᠤ᠋ ᠤᠯᠠ ᠮᠦᠷ》 ᠢ ᠴᠦᠮ ᠲᠤᠪ ᠲᠣᠳᠣᠷᠬᠠᠶ ᠲᠡᠮᠲᠡᠭᠯᠡᠵᠦ ᠪᠤᠢ᠃
《ᠡᠨᠡ ᠪᠤᠯ ᠨᠢᠭᠡᠨ〈ᠡᠬᠡᠮᠦᠭ〉 ᠲᠡᠳᠦᠶ ᠪᠢᠰᠢ᠂ ᠬᠠᠷᠢᠨ〈ᠲᠡᠵᠢᠭᠡᠨ ᠦᠷᠡᠵᠢᠭᠦᠯᠬᠦ᠌ — ᠬᠢᠵᠢᠭ ᠢ᠋ ᠰᠡᠷᠭᠡᠢᠯᠡᠬᠦ᠌ — ᠨᠢᠲᠤᠯᠬᠤ — ᠪᠤᠯᠪᠠᠰᠤᠷᠠᠭᠤᠯᠬᠤ — ᠪᠣᠷᠣᠯᠠᠭᠤᠯᠬᠤ〉ᠪᠥᠬᠥ᠌ ᠬᠡᠯᠬᠢᠶ᠎ᠡ ᠵᠢ ᠬᠠᠮᠤᠷᠤᠭ᠍ᠰᠠᠨ ᠲᠣᠭ᠎ᠠ ᠪᠠᠷᠢᠮᠲᠠ ᠶ᠋ᠢᠨ ᠰᠦᠯᠵᠢᠶ᠎ᠡ ᠪᠣᠯᠤᠨ᠎ᠠ》 ᠭᠡᠵᠦ ᠬᠥᠯᠥᠨ ᠪᠣᠢᠷ ᠬᠣᠲᠠ ᠶ᠋ᠢᠨ ᠲᠠᠷᠢᠶᠠᠯᠠᠩ ᠮᠠᠯ ᠠᠵᠤ ᠠᠬᠤᠶᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠨ᠎ᠠ᠃ ᠲᠡᠭᠦᠨ ᠤ᠋ ᠲᠠᠨᠢᠯᠴᠠᠭᠤᠯᠬᠤ ᠪᠡᠷ᠂ ᠡᠳ᠋ ᠪᠠᠷᠠᠭᠠᠨ ᠤ᠋ ᠮᠡᠳᠡᠭᠡ ᠵᠠᠩᠭᠢ ᠶ᠋ᠢᠨ ᠰᠦᠯᠵᠢᠶ᠎ᠡ ᠪᠠ ᠲᠣᠮᠣ ᠳ᠋ᠠᠢᠲ᠋ᠠ ᠶ᠋ᠢᠨ ᠮᠡᠷᠭᠡᠵᠢᠯ ᠳ᠋ᠤ ᠲᠦᠱᠢᠭ᠌ᠯᠡᠨ᠂ ᠲᠠᠳᠠ ᠬᠣᠨᠢ ᠨᠢᠭᠡᠪᠦᠷᠢ ᠳ᠋ᠤ ᠡᠬᠢ ᠡᠭᠦᠰᠦᠯ ᠤ᠋ᠨ ᠮᠦᠷᠳᠡᠯᠲᠡ ᠶ᠋ᠢᠨ ᠲᠠᠩᠰᠠ ᠡᠪᠬᠡᠮᠡᠯ ᠢ᠋ ᠪᠠᠢᠭᠤᠯᠵᠤ ᠥᠭ᠌ᠴᠡᠶ᠃ 2025 ᠣᠨ ᠤ᠋ ᠰᠡᠭᠦᠯᠴᠢ ᠪᠣᠯᠲᠠᠯ᠎ᠠ ᠨᠢᠭᠡᠨᠲᠡ 20 ᠲᠦᠮᠡ ᠭᠠᠷᠤᠶ ᠮᠢᠬᠠᠨ ᠤ᠋ ᠬᠣᠨᠢ ᠳ᠋ᠤ ᠡᠢᠮᠦ᠍ᠷᠬᠦᠤ 《ᠲᠣᠭᠠᠴᠢᠯᠠᠭ᠍ᠰᠠᠨ ᠲᠠᠩᠰᠠ ᠡᠪᠬᠡᠮᠡᠯ》 ᠢ᠋ ᠪᠠᠢᠭᠤᠯᠵᠤ᠂ ᠢᠷᠡᠭᠡᠳᠦᠶ ᠳ᠋ᠤ ᠡᠨᠡ ᠬᠦ᠌ ᠲᠣᠭ᠎ᠠ ᠨᠢ 100 ᠲᠦᠮᠡ ᠵᠢ ᠳᠠᠪᠠᠬᠤ ᠪᠣᠯᠤᠨ᠎ᠠ᠃
ᠬᠠᠭᠤᠴᠢᠨ ᠪᠠᠷᠭᠤ ᠬᠣᠱᠢᠭᠤᠨ ᠳ᠋ᠦ ᠡᠨᠡ ᠬᠦ᠌ ᠱᠢᠰᠲ᠋ᠧᠮ ᠨᠢ ᠦᠨᠡᠨ ᠬᠦ᠌ ᠮᠠᠯᠴᠢᠳ ᠤ᠋ᠨ ᠬᠠᠷᠮᠠᠨ ᠳ᠋ᠠᠬᠢ ᠣᠷᠣᠯᠭ᠎ᠠ ᠪᠣᠯᠤᠨ ᠬᠤᠪᠢᠷᠠᠵᠤ ᠪᠠᠢᠨ᠎ᠠ᠃ ᠲᠤᠬᠠᠶ ᠶ᠋ᠢᠨ ᠭᠠᠵᠠᠷ ᠤ᠋ᠨ ᠬᠢᠨ ᠲᠠᠷᠢᠶᠠᠯᠠᠩ ᠮᠠᠯ ᠠᠵᠤ ᠠᠬᠤᠶ ᠶ᠋ᠢᠨ ᠮᠡᠳᠡᠭᠡ ᠵᠠᠩᠭᠢ ᠶ᠋ᠢᠨ ᠲᠣᠮᠣ ᠳ᠋ᠠᠢᠲ᠋ᠠ ᠶ᠋ᠢᠨ ᠮᠦᠷᠳᠡᠯᠲᠡ ᠬᠠᠮᠢᠶᠠᠷᠤᠯᠲᠠ ᠶ᠋ᠢᠨ ᠲᠠᠪᠴᠠᠩ ᠳ᠋ᠦ ᠲᠦᠱᠢᠭ᠌ᠯᠡᠨ᠂ ᠨᠢᠭᠡ ᠬᠣᠨᠢ ᠳ᠋ᠤ ᠨᠢᠭᠡ ᠺᠣᠳ᠋ ᠲᠠᠢ ᠪᠠᠢᠬᠤ ᠵᠢ ᠶᠡᠬᠡ ᠪᠡᠷ ᠬᠡᠷᠡᠭ᠌ᠵᠢᠭᠦᠯᠬᠦ᠌ ᠶ᠋ᠢᠨ ᠬᠠᠮᠲᠤ 《ᠬᠠᠭᠤᠴᠢᠨ ᠪᠠᠷᠭᠤ ᠬᠣᠱᠢᠭᠤᠨ ᠤ᠋ ᠤᠯᠠᠭᠠᠨ ᠲᠦᠷᠦᠭᠦᠲᠦ ᠬᠣᠨᠢ》ᠭᠡᠬᠦ᠌ ᠮᠥᠷᠳᠡᠵᠦ᠍ ᠪᠣᠯᠬᠤᠢᠴᠠ ᠲᠦᠷᠦᠯ ᠲᠡᠮᠳᠡᠭ᠌ᠲᠦ ᠪᠦᠲᠦᠭᠡᠭᠳᠡᠭᠦᠨ ᠢ᠋ ᠴᠤᠭᠴᠠᠯᠠᠪᠠ᠃ ᠪᠠᠰᠠ《ᠪᠢ ᠲᠠᠯ᠎ᠠ ᠨᠤᠲᠤᠭ ᠲᠦ᠍ ᠨᠢᠭᠡ ᠬᠣᠨᠢ ᠲᠠᠶ》 ᠵᠡᠷᠭᠡ ᠱᠢᠨ᠎ᠡ ᠵᠢ ᠡᠭᠦᠳᠦᠭᠰᠡᠨ ᠪᠣᠷᠣᠯᠠᠭᠤᠯᠭ᠎ᠠ ᠪᠠᠷ ᠳᠡᠮᠵᠢᠨ ᠬᠡᠷᠡᠭ᠌ᠯᠡᠭ᠌ᠴᠢᠳ ᠰᠦᠯᠵᠢᠶ᠎ᠡ ᠪᠡᠷ ᠬᠤᠳᠠᠯᠳᠤᠨ ᠠᠪᠴᠤ᠂ ᠬᠣᠨᠢᠨ ᠤ᠋ ᠦᠰᠦᠨ ᠪᠣᠢᠵᠢᠯᠲᠠ ᠵᠢ ᠴᠠᠭ ᠲᠤᠬᠠᠶ ᠳ᠋ᠤᠨᠢ ᠪᠠᠢᠴᠠᠭᠠᠨ ᠦᠵᠡᠵᠦ᠂ ᠨᠢᠳᠤᠯᠵᠤ ᠪᠤᠯᠪᠠᠰᠤᠷᠠᠭᠤᠯᠤᠭᠰᠠᠨ ᠤ᠋ ᠳᠠᠷᠠᠭ᠎ᠠ ᠬᠦᠶ᠋ᠲᠡᠨ ᠬᠡᠯᠬᠢᠶᠡᠲᠦ᠍ ᠪᠠᠷᠠᠭᠠᠨ ᠤ᠋ ᠭᠦᠢᠯᠭᠡᠭᠡ ᠪᠡᠷ ᠬᠡᠷ ᠲᠡᠭᠡᠨ ᠬᠦᠷᠭᠡᠯᠭᠡᠵᠦ ᠪᠤᠯᠤᠨ᠎ᠠ᠃ 2025 ᠣᠨ ᠳ᠋ᠦ ᠲᠣᠰ ᠬᠣᠱᠢᠭᠤ ᠡᠨᠡ ᠬᠦ᠌ ᠵᠠᠭ᠍ᠪᠤᠷ ᠶ᠋ᠢᠡᠷ ᠳᠠᠮᠵᠢᠨ ᠲᠤᠬᠠᠢ ᠶ᠋ᠢᠨ ᠭᠠᠵᠠᠷ ᠤ᠋ᠨ ᠶ᠋ᠢᠡᠨ 4.5 ᠲᠦᠮᠡᠨ ᠪᠡᠯᠴᠢᠬᠡᠷ ᠤ᠋ᠨ ᠬᠣᠨᠢ ᠵᠢ ᠪᠣᠷᠣᠯᠠᠭᠤᠯᠵᠤ᠂ ᠮᠠᠯᠴᠢᠳ ᠢ᠋ ᠱᠢᠭᠤᠳ ᠳᠠᠢᠴᠢᠯᠠᠨ ᠣᠷᠣᠯᠭ᠎ᠠ ᠵᠢ ᠨᠢ 300 ᠲᠦᠮᠡ ᠭᠠᠷᠤᠢ ᠲᠥᠭᠥᠷᠢᠭ ᠨᠡᠮᠡᠭᠳᠡᠬᠦᠯᠵᠠᠢ᠃
《ᠪᠤᠳᠤᠵᠤ ᠦᠵᠡᠪᠡᠯ᠂ ᠨᠢᠭᠡ ᠬᠤᠷᠠᠭ᠎ᠠ ᠵᠢ ᠢᠯᠡᠭᠦᠦ 538 ᠲᠥᠭᠥᠷᠢᠭ ᠵᠢᠡᠷ ᠬᠤᠳᠠᠯᠳᠤᠵᠤ᠂ ᠱᠢᠳᠦᠯᠡᠩ ᠬᠣᠨᠢ ᠵᠢ ᠢᠯᠡᠭᠦᠦ 775 ᠲᠥᠭᠥᠷᠢᠭ ᠵᠢᠡᠷ ᠬᠤᠳᠠᠯᠳᠤᠵᠤ ᠪᠠᠢᠨ᠎ᠠ》 ᠭᠡᠵᠦ ᠬᠠᠭᠤᠴᠢᠨ ᠪᠠᠷᠭᠤ ᠬᠣᠱᠢᠭᠤᠨ ᠤ᠋ ᠮᠠᠯ ᠤ᠋ᠨ ᠠᠱᠢᠭ ᠱᠢᠮᠡᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠲᠥᠪ ᠤ᠋ᠨ ᠠᠵᠢᠯᠲᠠᠨ ᠸᠠᠩ ᠵᠢᠶᠠ ᠲᠠᠩᠰᠠ ᠪᠤᠳᠤᠵᠤ ᠭᠠᠷᠤᠯ᠎ᠠ᠃ ᠲᠡᠬᠦᠨ ᠤ᠋ ᠬᠡᠯᠡᠬᠦ ᠪᠡᠷ᠂ ᠲᠣᠭ᠎ᠠ ᠪᠠᠷᠢᠮᠲᠠ ᠨᠢ ᠮᠠᠯ ᠠᠵᠤ ᠠᠬᠤᠢ ᠵᠢᠨ ᠰᠢᠨ᠎ᠡ ᠬᠦᠷᠦᠡᠭᠭᠡ ᠪᠤᠯᠵᠤ᠂ ᠲᠦᠷᠦᠯ ᠲᠡᠮᠳᠡᠭ ᠨᠢ ᠮᠠᠯ ᠠᠵᠤ ᠠᠬᠤᠢ ᠵᠢᠨ ᠰᠢᠨ᠎ᠡ ᠪᠠᠭᠠᠵᠢ ᠪᠤᠯᠵᠤ᠂ ᠠᠮᠢ ᠠᠬᠤᠢ ᠶ᠋ᠢᠨ ᠦᠷᠳᠡᠭ ᠢ᠋ ᠦᠨᠡᠨ ᠬᠦ᠌ ᠨᠢᠳᠦᠨ ᠳ᠋ᠦ ᠦᠵᠡᠭᠳᠡᠵᠦ ᠭᠠᠷ ᠲᠦ᠍ ᠪᠠᠷᠢᠭᠳᠠᠭᠰᠠᠨ ᠠᠵᠤ ᠠᠬᠤᠢ ᠶ᠋ᠢᠨ ᠠᠱᠢᠭ ᠣᠯᠵᠠᠪᠤᠷᠢ ᠪᠤᠯᠭᠠᠭᠰᠠᠨ ᠪᠠᠢᠨ᠎ᠠ᠃
ᠲᠠᠯ᠎ᠠ ᠨᠤᠲᠤᠭ ᠤ᠋ᠨ ᠮᠠᠯᠵᠢᠯ ᠢ᠋ 《ᠲᠣᠭᠠᠴᠢᠯᠠᠭ᠍ᠰᠠᠨ ᠨᠣᠲ》 ᠲᠠᠢ ᠤᠶᠠᠯᠳᠤᠭᠤᠯᠤᠭᠰᠠᠨ ᠨᠢ ᠵᠥᠪᠬᠡᠨ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠲᠡᠳᠦᠢ ᠪᠢᠰᠢ᠂ ᠨᠡᠩ ᠴᠤ᠌ ᠬᠥᠯᠥᠨ ᠪᠤᠢ᠌ᠷ ᠤ᠋ᠨ ᠬᠤᠨᠢᠨ ᠮᠢᠬ᠎ᠠ ᠶ᠋ᠢᠨ ᠬᠡᠷᠡᠭ᠌ᠯᠡᠭ᠌ᠴᠢᠳ ᠤ᠋ᠨ ᠰᠡᠳᠭᠢᠯ ᠳ᠋ᠡᠬᠢ ᠬᠤᠪᠢ ᠶ᠋ᠢᠨ ᠵᠢᠡᠭ ᠢ᠋ ᠬᠤᠪᠢᠷᠠᠭᠤᠯᠤᠭ᠍ᠰᠠᠨ ᠠᠵᠢ᠃
2025 ᠣᠨ ᠤ᠋ 9 ᠰᠠᠷ᠎ᠠ ᠳ᠋ᠦ᠂ ᠱᠢᠶᠠᠮᠧᠨ ᠤ᠋ ᠮᠢᠬᠠᠨ ᠤ᠋ ᠲᠦᠷᠦᠯ ᠤ᠋ᠨ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠬᠥᠭ᠌ᠵᠢᠯᠲᠡ ᠶ᠋ᠢᠨ ᠶᠡᠬᠡ ᠬᠤᠷᠠᠯ ᠤ᠋ᠨ ᠠᠬᠤᠢ ᠲᠠᠯᠠᠪᠠᠢ ᠳ᠋ᠦ 《ᠨᠡᠭᠦᠳᠡᠯ ᠮᠠᠯᠵᠢᠯ ᠤ᠋ᠨ ᠢᠷᠡᠯᠲᠡ》 ᠰᠢᠷᠢᠰ ᠬᠣᠨᠢᠨ ᠮᠢᠬ᠎ᠠ ᠵᠢᠨ ᠱᠢᠨ᠎ᠡ ᠪᠦᠲᠦᠭᠡᠭ᠌ᠳᠡᠬᠦᠨ ᠢ᠋ ᠳᠡᠯᠭᠡᠨ ᠪᠤᠷᠤᠯᠠᠭᠤᠯᠵᠤ᠂ ᠮᠠᠰᠢ ᠲᠦᠷᠭᠡᠨ ᠵᠢᠡᠷ ᠤᠯᠠᠨ ᠤ᠋ ᠠᠡᠭᠬᠠᠷᠤᠯ ᠳ᠋ᠤ ᠬᠦᠷᠴᠠᠢ᠃ ᠬᠤᠳᠠᠯᠳᠤᠨ ᠠᠪᠤᠭ᠍ᠴᠢᠳ ᠦᠵᠡᠰᠭᠦᠯᠡᠩ ᠤ᠋ᠨ ᠲᠠᠢᠰᠠᠨ ᠤ᠋ ᠡᠮᠦᠨ᠎ᠡ ᠬᠦᠷᠢᠶᠡᠯᠡᠵᠦ᠍᠂ ᠪᠦᠲᠦᠭᠡᠭ᠌ᠳᠡᠬᠦᠨ ᠤ᠋ ᠪᠣᠭᠣᠳᠠᠯ ᠳᠡᠭᠡᠷᠡᠬᠢ ᠬᠣᠶᠠᠷ ᠬᠡᠮᠵᠢᠯᠳᠦ ᠺᠣᠳ᠋ ᠢ᠋ ᠱᠢᠷᠪᠢᠭᠰᠡᠬᠡᠷ ᠡᠨᠡ ᠬᠣᠨᠢᠨ ᠤ᠋ ᠡᠬᠢ ᠡᠭᠦᠰᠦᠯ — ᠨᠤᠲᠤᠭ ᠪᠡᠯᠴᠢᠭᠡᠷ᠂ ᠲᠡᠵᠢᠭᠡᠨ ᠦᠷᠡᠵᠢᠭᠦᠯᠬᠦ᠌ ᠡᠷᠦᠬᠡ ᠶ᠋ᠢᠨ ᠮᠡᠳᠡᠭᠡ ᠵᠠᠩᠭᠢ ᠡᠴᠡ ᠬᠢᠵᠢᠭ ᠤ᠋ᠨ ᠪᠠᠢᠴᠠᠭᠠᠯᠲᠠ ᠶ᠋ᠢᠨ ᠭᠡᠷᠡᠴᠢ ᠲᠡᠮᠲᠡᠭᠯᠡᠯ᠂ ᠪᠤᠯᠪᠠᠰᠤᠷᠠᠭᠤᠯᠤᠭᠰᠠᠨ ᠡᠳᠦᠷ ᠬᠤᠭᠤᠴᠠᠭ᠎ᠠ ᠬᠦᠷᠲᠡᠯ᠎ᠡ᠂ ᠠᠯᠢ ᠪᠦᠬᠦᠨ ᠢ᠋ ᠲᠣᠪ ᠲᠣᠳᠣᠷᠬᠠᠶ ᠮᠡᠳᠡᠵᠦ ᠪᠤᠯᠳᠠᠭ ᠶᠤᠮ᠃
《ᠪᠦᠬᠦᠳᠡ ᠤᠯᠠᠨ ᠶ᠋ᠢᠡᠷ ᠶ᠋ᠢᠡᠨ ᠥᠪᠥᠷ ᠮᠣᠩᠭᠣᠯ ᠤ᠋ᠨ ᠬᠣᠨᠢᠨ ᠮᠢᠬ᠎ᠠ ᠵᠢ ᠰᠠᠢᠨ ᠭᠡᠳᠡᠭ᠂ ᠡᠳᠡᠭᠡᠷ ᠲᠣᠭ᠎ᠠ ᠪᠠᠷᠢᠮᠲᠠ ᠪᠣᠯ ᠳᠠᠷᠤᠢ ᠬᠦᠴᠦᠲᠡᠶ ᠲᠤᠯᠭᠠᠭᠤᠷᠢᠯᠠᠯ ᠪᠤᠯᠬᠤ ᠶᠤᠮ》 ᠭᠡᠵᠦ ᠬᠥᠯᠥᠨ ᠪᠣᠢᠷ ᠤ᠋ᠨ ᠠᠲᠠᠷ ᠬᠠᠭᠠᠯᠪᠤᠷᠢᠯᠠᠯᠲᠠ ᠶ᠋ᠢᠨ ᠪᠦᠯᠦᠭ᠌ᠯᠡᠯ ᠤ᠋ᠨ ᠠᠵᠢᠯᠴᠢᠨᠶᠡᠷᠢᠨᠡ᠃ ᠲᠡᠭᠦᠨ ᠤ᠋ ᠲᠠᠨᠢᠯᠴᠠᠭᠤᠯᠤᠭ᠍ᠰᠠᠨ ᠶ᠋ᠢᠡᠷ᠂ ᠶᠠᠭ ᠡᠨᠡ ᠬᠦ᠌ ᠮᠠᠯᠵᠢᠯ ᠤ᠋ᠨ ᠲᠠᠯᠠᠪᠠᠶ ᠡᠴᠡ ᠬᠣᠭᠣᠯᠠᠨ ᠱᠢᠷᠡᠭᠡ ᠬᠦᠷᠲᠡᠯᠡᠬᠢ ᠪᠥᠬᠥ᠌ ᠶᠠᠪᠤᠴᠠ ᠶ᠋ᠢᠨ ᠪᠢᠲᠡᠭᠦᠮᠵᠢᠯᠡᠭ᠌ᠰᠡᠨ ᠮᠥᠷᠳᠡᠵᠦ᠍ ᠪᠣᠯᠬᠤᠢᠴᠠ ᠱᠢᠰᠲ᠋ᠧᠮ ᠨᠢ ᠬᠥᠯᠥᠨ ᠪᠣᠢᠷ ᠤ᠋ᠨ ᠪᠡᠯᠴᠢᠬᠡᠷ ᠤ᠋ᠨ ᠬᠣᠨᠢᠨ ᠮᠢᠬ᠎ᠠ ᠵᠢ ᠬᠦᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠤ᠋ ᠬᠦᠳᠡᠬᠡ ᠠᠵᠤ ᠠᠬᠤᠢ ᠵᠢᠨ ᠨᠠᠷᠠᠲᠤ ᠲᠦᠷᠦᠯ ᠲᠡᠮᠳᠡᠭ ᠤ᠋ᠨ ᠰᠣᠳᠣᠨ ᠪᠦᠲᠦᠭᠡᠭ᠌ᠳᠡᠬᠦᠨ ᠢ᠋ ᠪᠣᠢᠵᠢᠭᠤᠯᠬᠤ ᠲᠥᠯᠥᠪᠯᠡᠭᠡ ᠳ᠋ᠤ ᠣᠷᠣᠭᠤᠯᠤᠭ᠍ᠰᠠᠨ ᠪᠥᠭᠡᠳ ᠲᠠᠯ᠎ᠠ ᠨᠤᠲᠤᠭ ᠤ᠋ᠨ ᠣᠨᠴᠠ ᠭᠠᠷᠤᠯᠲᠠ ᠡᠴᠡ ᠳᠡᠭᠡᠳᠦ ᠲᠠᠰ ᠤ᠋ᠨ ᠢᠳᠡᠭᠡᠨ ᠤ᠋ ᠮᠠᠲ᠋ᠧᠷᠢᠶᠠᠯ ᠬᠦᠷᠲᠡᠯᠡᠬᠢ ᠨᠠᠷᠠᠲᠤ ᠲᠦᠷᠦᠯ ᠲᠡᠮᠳᠡᠭ ᠤ᠋ᠨ ᠬᠤᠪᠢᠷᠠᠯᠲᠠ ᠵᠢ ᠪᠡᠶᠡᠯᠡᠭᠦᠯᠪᠡ᠃
2025 ᠤᠨ ᠤ᠋ 12 ᠰᠠᠷ᠎ᠠ ᠳ᠋ᠦ᠂ 1000 ᠺᠢᠯᠣᠭ᠌ᠷᠠᠮ ᠴᠢᠨᠠᠷ ᠰᠠᠢᠲᠠᠶ ᠦᠬᠡᠷ ᠬᠣᠨᠢᠨ ᠮᠢᠬ᠎ᠠ ᠵᠢ ᠲᠡᠭᠡᠭᠡᠭ᠌ᠰᠡᠨ ᠨᠢᠭᠡᠨ ᠡᠭᠡᠯᠵᠢ ᠶ᠋ᠢᠨ ᠨᠢᠰᠭᠡᠯ ᠬᠠᠢᠯᠠᠷ ᠲᠣᠭᠣᠷᠢᠭ ᠡᠴᠡ ᠨᠢᠰᠴᠦ᠍᠂ ᠱᠢᠭᠤᠳ ᠱᠠᠩᠬᠠᠶ ᠬᠤᠳᠠ ᠳ᠋ᠦ ᠬᠥᠷᠪᠡ᠃ ᠡᠨᠡ ᠪᠦᠯᠦᠭ ᠪᠦᠬᠦ ᠶᠠᠪᠤᠴᠠ ᠪᠡᠷ ᠬᠦᠶ᠋ᠲᠡᠨ ᠬᠡᠯᠬᠢᠶᠡᠲᠦ ᠱᠢᠨ᠎ᠡ ᠰᠣᠷᠭᠣᠭ ᠢ᠋ ᠪᠠᠲᠤᠯᠠᠬᠤ ᠮᠡᠷᠭᠡᠵᠢᠯ ᠳ᠋ᠦ ᠲᠦᠰᠢᠭᠯᠡᠨ ᠲᠡᠭᠡᠭᠡᠪᠦᠷᠢᠯᠡᠭᠰᠡᠨ 《ᠲᠠᠯ᠎ᠠ ᠨᠤᠲᠤᠭ ᠤ᠋ᠨ ᠰᠢᠨ᠎ᠡ ᠰᠤᠷᠭᠤᠭ ᠦᠨᠦᠷ ᠠᠮᠲᠠ》 ᠨᠢ ᠱᠠᠩᠬᠠᠶ ᠬᠣᠲᠠ ᠶ᠋ᠢᠨ ᠳᠡᠭᠡᠳᠦ ᠲᠠᠰ ᠤ᠋ᠨ ᠢᠳᠡᠭᠡᠨ ᠤᠮᠳᠠᠭᠠᠨ ᠤ᠋ ᠵᠠᠬ᠎ᠠ ᠳᠡᠯᠭᠡᠭᠦᠷ ᠲᠦ᠍ ᠪᠤᠷᠤᠯᠠᠭᠤᠯᠤᠭᠳᠠᠵᠤ᠂ 《ᠭᠠᠷᠤᠯᠲᠠ ᠶ᠋ᠢᠨ ᠣᠷᠣᠨ ᠡᠴᠡ ᠱᠢᠭᠤᠳ ᠬᠠᠩᠭᠠᠬᠤ + ᠠᠭᠠᠷ ᠤ᠋ᠨ ᠠᠶᠠᠯᠠᠯ ᠤ᠋ᠨ ᠲᠦᠷᠭᠡᠨ ᠤ᠋ ᠱᠤᠭᠤᠮ + ᠵᠠᠬ᠎ᠠ ᠳᠡᠯᠭᠡᠭᠦᠷ ᠤ᠋ᠨ ᠤᠷᠤᠨ ᠵᠠᠢ ᠵᠢ ᠡᠵᠡᠯᠡᠬᠦ》 ᠣᠷᠣᠨ ᠪᠦᠰᠡ ᠠᠯᠤᠰᠯᠠᠭ᠍ᠰᠠᠨ ᠬᠠᠩᠭᠠᠯᠭ᠎ᠠ ᠶ᠋ᠢᠨ ᠬᠡᠯᠬᠢᠶ᠎ᠡ ᠶ᠋ᠢᠨ ᠵᠠᠭ᠍ᠪᠤᠷ ᠢ ᠨᠠᠢᠳᠠᠪᠤᠷᠢᠵᠢᠭᠤᠯᠤᠭᠰᠠᠨ ᠪᠠᠢᠨ᠎ᠠ᠃
ᠬᠦᠯᠦᠨ ᠪᠤᠢᠷ ᠬᠤᠳᠠ ᠡᠭᠦᠯᠳᠡᠷ ᠤ᠋ᠨ ᠢᠷᠡᠯᠲᠡ ᠶ᠋ᠢᠨ ᠲᠡᠯ᠎ᠠ ᠪᠡᠷ᠂ ᠤᠯᠤᠰ ᠤ᠋ᠨ ᠲᠠᠰ ᠤ᠋ᠨ ᠭᠤᠤᠯ ᠪᠣᠯᠬᠤ ᠡᠭᠦᠯᠳᠡᠷ ᠪᠣᠢᠵᠢᠭᠤᠯᠬᠤ ᠲᠠᠯᠠᠪᠠᠶ ᠳ᠋ᠦ ᠲᠦᠱᠢᠭ᠌ᠯᠡᠨ ᠮᠠᠯᠵᠢᠬᠤ 4 ᠬᠣᠱᠢᠭᠤᠨ ᠳ᠋ᠦ ᠡᠭᠦᠯᠳᠡᠷ ᠤ᠋ᠨ ᠢᠷᠡᠯᠲᠡ ᠶ᠋ᠢᠨ ᠰᠠᠭᠤᠷᠢᠨ ᠢ᠋ ᠬᠤᠪᠢᠶᠠᠷᠢᠯᠠᠨ ᠲᠣᠭ᠍ᠲᠠᠭᠠᠵᠤ᠂ 《ᠬᠥᠯᠥᠨ ᠪᠣᠢᠷ ᠤ᠋ᠨ ᠬᠣᠨᠢ》 ᠵᠡᠷᠭᠡ ᠲᠤᠬᠠᠢ ᠶ᠋ᠢᠨ ᠭᠠᠵᠠᠷ ᠤ᠋ᠨ ᠰᠠᠢᠨ ᠡᠭᠦᠯᠳᠡᠷ ᠢ᠋ ᠤᠷᠢᠳᠴᠢᠯᠠᠨ ᠰᠤᠡᠭᠭᠤᠵᠤ ᠪᠠᠢᠨ᠎ᠠ; ᠪᠠᠷᠢᠮᠵᠢᠶ᠎ᠡ ᠶ᠋ᠢᠨ ᠲᠠᠯ᠎ᠠ ᠪᠡᠷ᠂ ᠬᠠᠮᠲᠤᠷᠠᠭ᠍ᠰᠠᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠲᠠᠢ ᠬᠤᠯᠪᠤᠭᠠᠯᠠᠨ ᠪᠥᠬᠥ᠌ ᠲᠠᠯ᠎ᠠ ᠵᠢ ᠬᠠᠮᠤᠷᠤᠭ᠍ᠰᠠᠨ ᠲᠡᠵᠢᠭᠡᠨ ᠦᠷᠡᠵᠢᠭᠦᠯᠬᠦ᠌ ᠪᠠ ᠪᠤᠯᠪᠠᠰᠤᠷᠠᠭᠤᠯᠬᠤ ᠳᠦᠷᠢᠮᠵᠢᠯ ᠢ᠋ ᠲᠣᠭ᠍ᠲᠠᠭᠠᠵᠤ᠂ ᠱᠢᠮ᠎ᠡ ᠲᠡᠵᠢᠭᠡᠯ ᠤ᠋ᠨ ᠶᠠᠰᠤ ᠴᠢᠨᠠᠷ ᠤ᠋ᠨ ᠳ᠋ᠠᠢᠲ᠋ᠠ ᠬᠥᠮᠥᠷᠭᠡ ᠵᠢ ᠪᠠᠢᠭᠤᠯᠪᠠ; ᠲᠥᠷᠥᠯ ᠲᠡᠮᠲᠡᠭ ᠤ᠋ᠨ ᠲᠠᠯ᠎ᠠ ᠪᠡᠷ᠂ 《ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠲᠡᠭ + ᠠᠵᠤ ᠠᠬᠤᠢᠯᠠᠯ ᠤ᠋ᠨ ᠲᠦᠷᠦᠯ ᠲᠡᠮᠲᠡᠭ + ᠪᠦᠲᠦᠭᠡᠭᠳᠡᠭᠦᠨ ᠤ᠋ ᠲᠦᠷᠦᠯ ᠲᠡᠮᠲᠡᠭ》 ᠤ᠋ᠨ ᠬᠦᠴᠦᠷᠬᠡᠭ ᠶᠡᠬᠡ ᠵᠢᠭ᠍ᠰᠠᠭᠠᠯ ᠢ᠋ ᠪᠠᠢᠭᠤᠯᠬᠤ ᠶ᠋ᠢᠨ ᠬᠠᠮᠲᠤ 《ᠬᠣᠨᠢ ᠬᠤᠳᠠᠯᠳᠤᠨ ᠠᠪᠴᠤ ᠲᠡᠵᠢᠭᠡᠬᠦ》 ᠵᠡᠷᠭᠡ ᠬᠠᠷᠢᠯᠴᠠᠨ ᠦᠢᠯᠡᠳᠦᠯᠴᠡᠬᠦ ᠡᠵᠡᠩᠨᠡᠨ ᠪᠣᠷᠣᠯᠠᠭᠤᠯᠬᠤ ᠠᠷᠭ᠎ᠠ ᠬᠡᠯᠪᠡᠷᠢ ᠵᠢ ᠰᠢᠨ᠎ᠡ ᠵᠢ ᠡᠭᠦᠳᠦᠨ ᠬᠡᠷᠡᠭᠵᠢᠭᠦᠯᠪᠡ᠃
ᠬᠥᠯᠥᠨ ᠪᠤᠢ᠌ᠷ ᠬᠤᠳᠠ ᠶ᠋ᠢᠨ ᠨᠠᠮ ᠤ᠋ᠨ ᠬᠤᠷᠢᠶ᠎ᠠ ᠵᠢᠨ ᠱᠦᠵᠢ ᠸᠠᠩ ᠸᠠᠩ ᠱᠧᠩ᠄《ᠮᠢᠬᠠᠨ ᠤ᠋ ᠦᠬᠡᠷ ᠮᠢᠬᠠᠨ ᠤ᠋ ᠬᠤᠨᠢ ᠵᠢᠨ ᠪᠦᠬᠦ᠌ ᠶᠠᠪᠤᠴᠠ ᠶ᠋ᠢᠨ ᠮᠦᠷᠳᠡᠯᠲᠡ ᠶ᠋ᠢᠨ ᠱᠢᠰᠲᠸᠮ ᠤ᠋ᠨ ᠪᠠᠢᠭᠤᠯᠤᠯᠲᠠ ᠪᠣᠯ ᠱᠢᠰᠲ᠋ᠧᠮᠲᠦ ᠴᠢᠨᠠᠷᠲᠠᠢ᠂ ᠪᠦᠬᠦᠯᠢ ᠴᠣᠭ᠍ᠴᠠᠲᠤ ᠴᠢᠨᠠᠷᠲᠠᠢ ᠠᠵᠢᠯ ᠮᠥᠨ᠂ ᠤᠯᠠᠮᠵᠢᠯᠠᠯᠲᠤ ᠮᠠᠯ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠠᠬᠢᠭᠤᠯᠬᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭ᠌ᠳᠡᠭᠦᠯᠦᠨ ᠪᠠᠶᠠᠵᠢᠬᠤ ᠵᠢ ᠠᠬᠢᠭᠤᠯᠬᠤ ᠲᠠᠯ᠎ᠠ ᠪᠡᠷ ᠴᠢᠬᠤᠯᠠ ᠠᠴᠢ ᠬᠣᠯᠪᠣᠭ᠍ᠳᠠᠯ ᠲᠠᠶ ᠶᠤᠮ》 ᠭᠡᠵᠦ ᠶᠠᠷᠢᠵᠤ ᠪᠠᠢᠯ᠎ᠠ᠃