ᠬᠠᠪᠤᠷ᠎ᠤᠨ ᠰᠠᠯᠬᠢ ᠠᠭᠤᠯᠠ ᠨᠢᠷᠤᠭᠤᠳ᠎ᠢ ᠢᠯᠪᠢᠵᠦ᠍᠂ ᠬᠠᠳᠤᠨ ᠭᠣᠣᠯ᠎ᠤᠨ ᠶᠡᠬᠡ ᠬᠠᠪᠴᠢᠯ᠎ᠤᠨ ᠬᠦᠪᠡᠬᠡᠳᠦ ᠠᠮᠢᠵᠢᠷᠠᠯ᠎ᠤᠨ ᠬᠦᠴᠦᠨ ᠪᠢᠯᠬᠠᠨ᠎ᠠ᠃
ᠣᠢᠷ᠎ᠠ᠎ᠳᠤ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠱᠢᠶᠣᠣ ᠲᠠᠨ ᠽᠢ ᠲᠣᠰᠭᠣᠨ᠂ ᠰᠢᠷᠡᠯᠵᠢᠳᠠᠢ ᠱᠢᠶᠠᠩ ᠵᠡᠷᠭᠡ ᠬᠠᠲᠤᠨ ᠭᠤᠤᠯ᠎ᠤᠨ ᠡᠷᠭᠢ ᠳᠠᠭᠠᠤ᠎ᠶ᠋ᠢᠨ ᠨᠤᠭᠤ ᠭᠠᠵᠠᠷ᠎ᠲᠤ ᠨᠡᠭᠦᠳᠡᠯ᠎ᠦᠨ ᠱᠢᠪᠠᠭᠤᠳ ᠵᠠᠯᠭ᠎ᠠ ᠪᠡᠷ ᠪᠠᠭᠤᠨ᠎ᠠ᠃ ᠠᠮᠢ ᠠᠬᠤᠶ᠎ᠶ᠋ᠢᠨ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠭ᠍ᠰᠠᠨ᠎ᠠᠴᠠ ᠪᠣᠯᠵᠤ᠂ ᠠᠩᠬᠢᠷ᠂ ᠬᠤᠨ ᠭᠠᠯᠠᠭᠤ᠂ ᠬᠥᠬᠡ ᠳᠡᠭᠡᠯᠡᠶ ᠲᠣᠭ᠍ᠲᠠᠭ᠍ᠰᠠᠨ ᠴᠠᠭ᠎ᠲᠠᠭᠠᠨ ᠪᠤᠴᠠᠵᠤ ᠢᠷᠡᠭᠡᠳ᠂ ᠭᠣᠣᠯ᠎ᠤᠨ ᠰᠠᠢᠷᠭᠠᠯ᠎ᠳᠤ ᠣᠷᠣᠩᠨᠠᠨ ᠢᠳᠡᠰᠢ ᠡᠷᠢᠵᠦ᠍᠂ ᠤᠰᠤ ᠳᠠᠭᠠᠵᠤ ᠨᠠᠭᠠᠳᠤᠨ ᠲᠣᠭ᠍ᠯᠠᠨ᠎ᠠ᠃
ᠬᠠᠲᠤᠨ ᠭᠣᠣᠯ ᠵᠡᠭᠦᠨᠭᠠᠷ ᠬᠣᠱᠢᠭᠤ᠎ᠪᠠᠷ 238 ᠺᠢᠯᠣᠮᠧᠲ᠋ᠷ ᠤᠷᠤᠰ᠎ᠤᠨ ᠥᠩᠭᠡᠷᠡᠵᠦ᠍᠂ ᠬᠠᠳᠤᠨ ᠭᠤᠤᠯ᠎ᠤᠨ ᠥᠪᠥᠷ ᠮᠣᠩᠭᠣᠯ᠎ᠤᠨ ᠤᠷᠤᠰᠬᠠᠯ᠎ᠤᠨ ᠬᠡᠰᠡᠭ᠎ᠦᠨ 28%᠎ᠶ᠋ᠢ ᠡᠵᠡᠯᠡᠨ᠎ᠡ᠃ ᠬᠠᠲᠤᠨ ᠭᠤᠤᠯ᠎ᠤᠨ 《ᠶᠡᠭᠡ ᠲᠤᠬᠤᠢ》 ᠵᠢᠨ ᠥᠷᠥᠴᠡ ᠭᠠᠵᠠᠷ᠂ ᠬᠠᠲᠤᠨ ᠭᠤᠤᠯ᠎ᠤᠨ ᠪᠦᠳᠦᠭᠦᠯᠢᠭ ᠡᠯᠡᠰᠦ ᠱᠢᠪᠠᠷ᠎ᠤᠨ ᠢᠷᠡᠯᠲᠡ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠡᠨᠳᠡᠬᠢ ᠨᠢ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠢᠯᠠᠩᠭᠤᠶ᠎ᠠ ᠵᠢᠵᠢᠭ ᠰᠠᠪᠠ ᠭᠠᠵᠠᠷ᠎ᠢ ᠵᠠᠰᠠᠬᠤ ᠡᠨᠡ ᠬᠦ᠌ ᠵᠠᠩᠭᠢᠯᠠᠭ᠎ᠠ᠎ᠶ᠋ᠢ ᠠᠳᠭᠤᠵᠤ᠂ ᠣᠲᠣ ᠪᠥᠬᠥ᠌ ᠬᠣᠱᠢᠭᠤᠨ᠎ᠤ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠵᠠᠰᠠᠭᠰᠠᠨ ᠬᠡᠮᠵᠢᠶ᠎ᠡ 57.92 % ᠪᠣᠯᠲᠠᠯ᠎ᠠ ᠳᠡᠭᠡᠭ᠌ᠰᠢᠯᠡᠵᠦ᠍᠂ ᠤᠷᠭᠤᠮᠠᠯ᠎ᠤᠨ ᠪᠦᠷᠬᠦᠴᠡ 76.2 % ᠲᠸ᠋ ᠬᠦᠷᠴᠡᠶ᠃
3 ᠰᠠᠷ᠎ᠠ᠎ᠶ᠋ᠢᠨ 24 ᠤ᠋ ᠡᠳᠦᠷ᠂ ᠱᠠᠭ᠍ᠳᠠᠷ ᠪᠠᠯᠭᠠᠰᠤᠨ᠎ᠤ ᠬᠠᠭᠤᠷᠠᠢ ᠰᠢᠯᠢ ᠲᠣᠰᠭᠣᠨ᠎ᠤ ᠳᠣᠪᠣᠴᠠᠭ ᠭᠠᠵᠠᠷ ᠭᠤᠤ ᠭᠠᠩᠭ᠎ᠠ᠎ᠶ᠋ᠢᠨ ᠬᠣᠭᠣᠷᠣᠨᠳᠣ ᠤᠬᠤᠭᠤᠷ ᠮᠠᠱᠢᠨ ᠨᠦᠬᠡ ᠮᠠᠯᠲᠠᠨ ᠡᠯᠡᠰᠦᠨ ᠬᠠᠱᠢᠯᠭ᠎ᠠ ᠪᠠᠢᠭᠤᠯᠵᠤ᠂ ᠠᠵᠢᠯᠴᠢᠳ ᠲᠤᠤᠷ ᠬᠦᠷᠢᠶ᠎ᠡ᠎ᠪᠡᠨ ᠱᠠᠯᠠᠪᠳᠠᠨ ᠪᠠᠢᠷᠢᠯᠠᠭᠤᠯᠵᠤ᠂ ᠣᠶ ᠮᠤᠳᠤ ᠪᠠᠨ ᠬᠠᠮᠠᠭᠠᠯᠠᠵᠤ ᠪᠠᠢᠯ᠎ᠠ᠃ ᠡᠨᠳᠡᠬᠢ ᠪᠣᠯ ᠤᠯᠤᠰ᠎ᠤᠨ ᠬᠥᠷᠥᠰᠥ᠍ ᠱᠢᠷᠣᠢ᠎ᠶ᠋ᠢ ᠬᠠᠮᠠᠭᠠᠯᠠᠬᠤ ᠭᠣᠣᠯᠳᠠᠯᠭ᠎ᠠ᠎ᠲᠠᠶ ᠢᠨᠵᠧᠨᠧᠷᠢᠩ — ᠬᠠᠭᠤᠷᠠᠢ ᠰᠢᠯᠢ ᠲᠤᠰᠬᠤᠨ᠎ᠤ ᠵᠢᠵᠢᠭ ᠤᠷᠤᠰᠬᠠᠯ᠎ᠤᠨ ᠰᠠᠪᠠ ᠭᠠᠵᠠᠷ᠎ᠤᠨ ᠴᠢᠨᠠᠷ ᠴᠢᠨᠰᠠᠭ᠎ᠠ ᠵᠢ ᠲᠡᠭᠡᠭᠰᠢᠯᠡᠬᠦᠯᠵᠦ ᠦᠷ᠎ᠡ ᠠᠰᠢᠭ᠎ᠢ ᠨᠡᠮᠡᠭᠳᠡᠬᠦᠯᠬᠦ ᠲᠦᠷᠦᠯ ᠵᠦᠢᠯ᠎ᠤᠨ ᠵᠠᠰᠠᠯᠳᠠ ᠵᠢᠨ ᠠᠬᠤᠢ ᠲᠠᠯᠠᠪᠠᠢ ᠪᠣᠯᠤᠨ᠎ᠠ᠃ ᠠᠭᠠᠷ᠎ᠤᠨ ᠳᠤᠯᠠᠭᠠᠨ ᠳᠡᠭᠡᠭ᠌ᠰᠢᠯᠡᠬᠦ᠌᠎ᠶ᠋ᠢ ᠳᠠᠭᠠᠯᠳᠤᠨ᠂ ᠡᠨᠡ ᠬᠡᠰᠡᠭ ᠣᠷᠣᠨ ᠪᠦᠰᠡ᠎ᠶ᠋ᠢᠨ ᠣᠢᠵᠢᠭᠤᠯᠵᠤ ᠨᠣᠭᠣᠭᠠᠷᠠᠭᠤᠯᠬᠤ ᠠᠵᠢᠯ ᠪᠥᠬᠥ᠌ ᠲᠠᠯ᠎ᠠ᠎ᠪᠠᠷ ᠡᠬᠢᠯᠡᠵᠦ᠍᠂ ᠬᠠᠪᠤᠷ᠎ᠤᠨ ᠤᠯᠠᠷᠢᠯ᠎ᠤᠨ ᠴᠢᠭᠢᠭᠬᠤᠷᠠ ᠵᠢ ᠠᠮᠵᠢᠨ ᠬᠠᠲᠤᠨ ᠭᠤᠤᠯ᠎ᠤᠨ 《 ᠶᠡᠭᠡ ᠲᠤᠬᠤᠢ 》 ᠳ᠋ᠤ ᠪᠠᠰᠠ ᠨᠢᠭᠡᠨ ᠠᠮᠢ ᠠᠬᠤᠶ᠎ᠶ᠋ᠢᠨ ᠬᠠᠯᠬᠠᠪᠴᠢ ᠬᠠᠩᠭᠠᠬᠤ ᠪᠤᠯᠤᠨ᠎ᠠ᠃
ᠡᠨᠡ ᠵᠢᠯ᠂ ᠵᠡᠭᠦᠨᠭᠠᠷ ᠬᠣᠱᠢᠭᠤ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠂ ᠨᠦᠯᠦᠮᠡᠯ ᠭᠠᠵᠠᠷ᠎ᠤᠨ ᠬᠠᠱᠢᠯᠭ᠎ᠠ᠎ᠶ᠋ᠢ ᠪᠡᠬᠢᠵᠢᠭᠦᠯᠬᠦ᠌᠂ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠵᠡᠷᠭᠡ ᠭᠤᠤᠯᠳᠠᠯᠭ᠎ᠠ᠎ᠲᠠᠶ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠠᠯᠪᠤᠷᠢ ᠤᠷᠤᠰᠭᠠᠯ᠎ᠤᠨ ᠡᠬᠢ ᠰᠤᠷᠪᠤᠯᠵᠢ᠎ᠡᠴᠡ ᠨᠢ ᠡᠯᠡᠰᠦ᠎ᠶ᠋ᠢ ᠪᠠᠭᠠᠰᠭᠠᠵᠤ᠂ ᠬᠥᠲᠥᠯ ᠭᠤᠤ ᠭᠠᠩᠭ᠎ᠠ᠎ᠵᠢᠨ ᠨᠤᠭᠤᠭᠠᠷᠠᠭᠤᠯᠤᠯᠳᠠ ᠵᠢ ᠬᠠᠮᠠᠭᠠᠯᠠᠵᠤ᠂ ᠡᠵᠢ ᠭᠤᠤᠯ᠎ᠢ ᠰᠠᠬᠢᠨ ᠬᠠᠮᠠᠭᠠᠯᠠᠬᠤ ᠬᠠᠷᠢᠭᠤᠴᠠᠯᠭ᠎ᠠ᠎ᠶ᠋ᠢ ᠦᠨᠡᠨ ᠪᠤᠳᠠᠳᠠᠢ ᠨᠠᠢᠳᠠᠪᠤᠷᠢᠵᠢᠭᠤᠯᠤᠨ᠎ᠠ᠃
ᠬᠠᠭᠤᠷᠠᠢ ᠰᠢᠯᠢ ᠲᠤᠰᠬᠤᠨ ᠬᠠᠲᠤᠨ ᠭᠤᠤᠯ᠎ᠤᠨ ᠳᠤᠮᠳᠠ ᠤᠷᠤᠰᠭᠠᠯ᠎ᠤᠨ ᠰᠠᠯᠪᠤᠷᠢ ᠭᠤᠤ᠎ᠳᠤ ᠪᠠᠢᠷᠢᠯᠠᠵᠤ᠂ ᠡᠨᠳᠡ ᠠᠷᠰᠧᠨ ᠴᠢᠯᠠᠭᠤᠯᠢᠭ ᠥᠷᠭᠡᠨ᠎ᠢᠶᠡᠷ ᠲᠠᠷᠬᠠᠵᠤ᠂ ᠬᠦᠷᠦᠰᠦ ᠰᠢᠷᠤᠢ ᠨᠢ ᠤᠰᠤᠦᠵᠡᠪᠡᠯ ᠱᠢᠪᠠᠷ ᠪᠣᠯᠵᠣ᠂ ᠰᠠᠯᠬᠢ ᠬᠦᠳᠡᠯᠪᠡᠯ ᠡᠯᠡᠰᠦ ᠪᠣᠯᠵᠣ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠭᠤᠤᠯᠳᠠᠯᠭ᠎ᠠ᠎ᠲᠠᠶ ᠵᠠᠰᠠᠬᠤ ᠣᠷᠣᠨ ᠪᠤᠯᠤᠨ᠎ᠠ᠃
2025 ᠣᠨ᠎ᠳᠤ ᠬᠠᠭᠤᠷᠠᠢ ᠰᠢᠯᠢ ᠵᠢᠨ ᠵᠢᠵᠢᠭ ᠤᠷᠤᠰᠬᠠᠯ᠎ᠤᠨ ᠰᠠᠪᠠ ᠭᠠᠵᠠᠷ᠎ᠤᠨ ᠵᠠᠰᠠᠯᠳᠠ ᠵᠢᠨ ᠲᠥᠷᠥᠯ ᠵᠦᠶ᠋ᠯ 1000 ᠲᠦᠮᠡᠨ ᠲᠥᠭᠥᠷᠢᠭ᠎ᠦᠨ ᠶᠡᠷᠦᠩᠬᠡᠶ ᠪᠠᠯᠠ ᠣᠷᠣᠭᠤᠯᠵᠤ᠂ ᠵᠠᠰᠠᠯᠳᠠ ᠵᠢᠨ ᠲᠠᠯᠠᠪᠠᠢ ᠨᠢ 20 ᠲᠡᠭ᠌ᠰᠢ ᠳᠥᠷᠪᠡᠯᠵᠢᠨ ᠺᠢᠯᠣᠮᠧᠲ᠋ᠷ ᠲᠸ᠋ ᠬᠦᠷᠴᠡᠢ᠃ ᠣᠳᠣᠬᠠᠨ᠎ᠳᠤ᠂ ᠴᠢᠴᠠᠷᠭᠠᠨ᠎ᠠ ᠲᠠᠷᠢᠬᠤ᠂ ᠵᠢᠯᠠᠭ᠎ᠠ ᠪᠠᠷᠢᠬᠤ ᠵᠡᠷᠭᠡ ᠰᠠᠭᠤᠷᠢ ᠢᠨᠵᠧᠨᠧᠷᠢᠩ᠎ᠢ ᠦᠨᠳᠦᠰᠦᠨ᠎ᠳᠡᠭᠡᠨ ᠪᠡᠶᠡᠯᠡᠭᠦᠯᠵᠦ᠍᠂ ᠪᠦᠬᠦᠯᠢ ᠴᠣᠭ᠍ᠴᠠ᠎ᠵᠢᠨ ᠵᠠᠰᠠᠯᠳᠠ ᠱᠢᠪᠲᠤᠷᠠᠭᠠᠨ᠎ᠳᠠᠭᠠᠨ ᠣᠷᠣᠪᠠ᠃
ᠵᠡᠭᠦᠨᠭᠠᠷ ᠬᠣᠱᠢᠭᠤᠨ᠎ᠤ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠎ᠶ᠋ᠢᠨ ᠤᠰᠤᠨ᠎ᠤ ᠬᠠᠮᠠᠭᠠᠯᠠᠯᠲᠠ᠎ᠶ᠋ᠢᠨ ᠭᠤᠤᠯᠳᠠᠯᠭ᠎ᠠ᠎ᠲᠠᠶ ᠵᠠᠰᠠᠯᠲᠠ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠬᠠᠷᠢᠭᠤᠴᠠᠯᠭᠠᠲᠠᠨ ᠮᠢᠶᠣᠣ ᠳ᠋ᠧ ᠱᠧᠩ᠂ ᠲᠥᠷᠥᠯ ᠵᠦᠶ᠋ᠯ᠎ᠨᠢ 《ᠨᠠᠯᠠᠸ᠋ ᠭᠠᠵᠠᠷ᠎ᠢ ᠣᠢᠵᠢᠭᠤᠯᠬᠤ + ᠭᠤᠤ ᠰᠤᠪᠠᠭᠲᠸ᠋ ᠡᠯᠡᠰᠦ᠎ᠶ᠋ᠢ ᠬᠣᠷᠢᠭ᠍ᠯᠠᠬᠤ》 ᠶᠡᠷᠦᠩᠬᠡᠢᠯᠡᠨ ᠵᠠᠰᠠᠬᠤ ᠵᠠᠭ᠍ᠪᠤᠷ᠎ᠢ ᠬᠡᠷᠡᠭᠵᠢᠬᠦᠯᠵᠡᠢ᠄ ᠯᠢᠶᠠᠩ ᠮᠤᠤ᠎ᠶ᠋ᠢᠨ ᠪᠡᠯ ᠳ᠋ᠤ ᠨᠠᠷᠠᠰᠤᠨ ᠮᠣᠳᠣ ᠵᠠᠢᠯᠠᠵᠤ᠂ ᠨᠠᠢᠯᠵᠠᠭᠤᠷ ᠮᠣᠳᠣ ᠳᠠᠷᠢᠵᠤ᠂ ᠬᠥᠷᠥᠰᠥ᠎ᠶ᠋ᠢ ᠲᠣᠭ᠍ᠲᠠᠪᠤᠷᠢᠵᠢᠭᠤᠯᠤᠨ ᠤᠰᠤ᠎ᠶ᠋ᠢ ᠬᠠᠮᠠᠭᠠᠯᠠᠪᠠ; ᡁᠢ ᠮᠤᠤ ᠭᠸᠦ ᠰᠤᠪᠠᠭ᠎ᠤᠨ ᠬᠣᠶᠠᠷ ᠲᠠᠯ᠎ᠠ᠎ᠳᠤ ᠴᠢᠴᠠᠷᠭᠠᠨ᠎ᠠ ᠲᠠᠷᠢᠵᠤ᠂ ᠪᠣᠳᠠ ᠮᠣᠳᠣᠨ᠎ᠤ ᠲᠤᠤᠷ᠎ᠢ ᠨᠢᠭ᠍ᠲᠠ ᠰᠦᠯᠵᠢᠪᠡ; ᠭᠤᠤ ᠰᠤᠪᠠᠭ᠎ᠲᠤ ᠲᠤᠭᠤᠯᠭᠠᠨ ᠱᠢᠷᠬᠡᠭ᠌ᠲᠦ ᠴᠢᠯᠠᠭᠤᠨ ᠱᠢᠩᠭᠡᠯᠢᠭ᠌ᠲᠦ ᠬᠥᠨᠳᠡᠶ ᠪᠠᠢᠭᠤᠯᠵᠤ᠂ ᠡᠯᠡᠰᠦ ᠱᠢᠪᠠᠷ᠎ᠢ ᠳᠠᠪᠬᠤᠷ ᠳᠠᠪᠬᠤᠷ ᠬᠠᠱᠢᠪᠠ᠃ ᠭᠤᠷᠪᠠᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ ᠲᠠᠭᠤᠰᠬᠠᠭᠰᠠᠨᠤ ᠲᠠᠷᠠᠭ᠎ᠠ ᠪᠣᠷᠣᠭᠠᠨ᠎ᠤ ᠤᠰᠤ ᠱᠢᠪᠠᠷ ᠭᠤᠤ᠎ᠳᠤ ᠦᠯᠡᠳᠡᠵᠦ᠍᠂ ᠬᠠᠲᠤᠨ ᠭᠤᠤᠯ᠎ᠳᠤ ᠱᠢᠭᠤᠳ ᠣᠷᠣᠬᠤ ᠵᠢ ᠰᠡᠷᠭᠡᠢᠯᠡᠵᠦ ᠴᠢᠳᠠᠪᠠ ᠬᠡᠵᠤ ᠲᠠᠨᠢᠯᠴᠠᠭᠤᠯᠪᠠ᠃
ᠲᠦᠷᠦᠯ ᠵᠦᠢᠯ᠎ᠨᠢ ᠪᠠᠰᠠ 2.65 ᠡᡁᠸᠺᠲ᠋ᠡᠷ ᠬᠦᠢᠯᠡᠰᠦᠨ ᠠᠵᠤ ᠠᠬᠤᠢ᠎ᠶ᠋ᠢᠨ ᠤᠢ ᠲᠠᠷᠢᠵᠤ᠂ ᠪᠠᠷᠢᠯᠭ᠎ᠠ᠎ᠶ᠋ᠢᠨ ᠭᠠᠵᠠᠷ᠎ᠡᠴᠡ ᠮᠣᠳᠣ ᠲᠠᠷᠢᠬᠤ ᠵᠢᠴᠢ ᠭᠤᠷᠪᠠᠨ ᠵᠢᠯ ᠬᠠᠮᠢᠶᠠᠷᠤᠨ ᠬᠠᠮᠠᠭᠠᠯᠠᠬᠤ᠎ᠶ᠋ᠢ ᠬᠠᠷᠢᠭᠤᠴᠠᠵᠤ᠂ ᠬᠤᠭᠤᠴᠠᠭ᠎ᠠ ᠨᠢ ᠳᠠᠭᠤᠰᠴᠤ᠌ ᠱᠢᠯᠭᠠᠨ ᠠᠪᠬᠤ᠎ᠳᠤ ᠬᠢᠷᠢ ᠲᠡᠩᠴᠡᠭ᠌ᠰᠡᠨᠦ ᠲᠠᠷᠠᠭ᠎ᠠ ᠲᠣᠰᠭᠣᠨ᠎ᠤ ᠬᠠᠮᠲᠤ᠎ᠶ᠋ᠢᠨ ᠡᠵᠡᠩᠨᠡᠯᠲᠡ᠎ᠳᠦ ᠱᠢᠯᠵᠢᠭᠦᠯᠬᠦ ᠪᠡᠷ ᠲᠦᠯᠦᠪᠵᠢᠬᠦᠯᠵᠦ ᠪᠤᠢ᠃
《ᠵᠢᠵᠢᠭ ᠰᠠᠪᠠ ᠭᠠᠵᠠᠷ᠎ᠤᠨ ᠵᠠᠰᠠᠯᠳᠠ ᠨᠢ ᠮᠠᠨ᠎ᠤ ᠡᠨᠡ ᠭᠠᠵᠠᠷ᠎ᠤᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠬᠢᠵᠠᠭᠠᠷᠯᠠᠬᠤ᠎ᠳᠤ ᠮᠠᠰᠢ ᠶᠡᠬᠡ ᠬᠠᠪᠰᠤᠷᠤᠯᠭ᠎ᠠ ᠦᠵᠡᠭᠦᠯᠵᠡᠶ᠂ ᠠᠮᠢ ᠠᠬᠤᠶ ᠰᠠᠢᠵᠢᠷᠠᠪᠠᠯ ᠤᠯᠠᠨ ᠲᠦᠮᠡᠨ ᠲᠠᠷᠢᠵᠤ ᠲᠠᠵᠢᠭᠡᠬᠦ ᠳ᠋ᠤ ᠴᠦᠮ ᠠᠰᠢᠭᠳᠠᠢ》 ᠭᠡᠵᠦ᠍ ᠬᠠᠭᠤᠷᠠᠢ ᠰᠢᠯᠢ ᠲᠣᠰᠭᠣᠨ᠎ᠤ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ ᠮᠠ ᠡᠯ ᠺᠤᠸᠠᠨ ᠬᠡᠷ᠎ᠦᠨ ᠡᠭᠦᠳᠡᠨ᠎ᠳᠡᠬᠢ ᠬᠤᠪᠢᠷᠠᠯᠲᠠ᠎ᠪᠠᠨ ᠶᠠᠷᠢᠨ᠎ᠠ᠃
ᠲᠣᠰ ᠲᠥᠷᠥᠯ ᠵᠦᠶ᠋ᠯ᠎ᠤᠨ ᠪᠦᠳᠦᠭᠡᠨ ᠪᠠᠢᠭᠤᠯᠤᠯᠳᠠ ᠵᠢ ᠪᠦᠬᠦᠨ᠎ᠢ ᠲᠠᠭᠤᠰᠬᠠᠭᠰᠠᠨᠤ ᠳᠠᠷᠠᠭ᠎ᠠ᠂ ᠰᠠᠪᠠ ᠭᠠᠵᠠᠷ᠎ᠤᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠵᠠᠰᠠᠭ᠍ᠰᠠᠨ ᠬᠡᠮᠵᠢᠶ᠎ᠡ᠎ᠨᠢ 92.66 % ᠳ᠋ᠤ ᠬᠦᠷᠴᠦ᠍᠂ ᠣᠶ ᠱᠢᠭᠤᠶ ᠡᠪᠡᠰᠦᠨ᠎ᠦ ᠪᠦᠷᠬᠦᠴᠡ᠎ᠶ᠋ᠢᠨ ᠨᠣᠷᠮ᠎ᠠ᠎ᠨᠢ 69.94 % ᠪᠣᠯᠤᠨ ᠳᠡᠭᠡᠭ᠌ᠰᠢᠯᠡᠵᠦ᠍᠂ ᠵᠢᠯ᠎ᠦᠨ ᠬᠥᠷᠥᠰᠥ᠍ ᠰᠢᠷᠤᠢ ᠵᠢ ᠬᠠᠮᠠᠭᠠᠯᠠᠬᠤ ᠬᠡᠮᠵᠢᠶ᠎ᠡ᠎ᠨᠢ 8.62 ᠲᠦᠮᠡᠨ ᠲᠣᠨ᠎ᠳᠤ ᠬᠦᠷᠴᠡᠶ᠂ ᠡᠨᠡ᠎ᠨᠢ ᠡᠬᠢ ᠡᠭᠦᠰᠦᠯ᠎ᠡᠴᠡ ᠨᠢ ᠦᠵᠡᠪᠡᠯ᠂ ᠵᠢᠯ ᠪᠦᠷᠢ 8 ᠲᠦᠮᠡ ᠭᠠᠷᠤᠶ ᠲᠣᠨ ᠡᠯᠡᠰᠤ ᠱᠢᠷᠣᠶ ᠭᠤᠤ ᠭᠠᠩᠭᠠᠳᠤ ᠦᠯᠡᠳᠡᠵᠦ᠍ ᠪᠠᠢᠬᠤ᠎ᠶ᠋ᠢ ᠬᠠᠷᠠᠭᠤᠯᠵᠤ ᠪᠠᠢᠨ᠎ᠠ᠃
ᠰᠤᠷᠪᠤᠯᠵᠢᠯᠠᠭ᠍ᠴᠢ ᠱᠠᠭ᠍ᠳᠠᠷ ᠪᠠᠯᠭᠠᠰᠤ᠎ᠠᠴᠠ ᠡᠮᠦᠨᠡᠰᠢ 50 ᠺᠢᠯᠣᠮᠧᠲ᠋ᠷ ᠵᠠᠢᠲᠠᠶ ᠪᠠᠢᠭ᠎ᠠ ᠯᠦᠩᠺᠸᠦ ᠪᠠᠯᠭᠠᠰᠤᠨ᠎ᠤ ᠴᠢ ᠯᠢ ᠭᠸᠦ ᠰᠠᠪᠠ ᠭᠠᠵᠠᠷ᠎ᠤᠨ ᠪᠠᠷᠢᠯᠭ᠎ᠠ᠎ᠶ᠋ᠢᠨ ᠲᠣᠭᠣᠷᠢᠭ᠎ᠲᠤ ᠬᠦᠷᠴᠤ ᠤᠴᠢᠪᠠ᠃ ᠡᠨᠡ ᠪᠣᠯ ᠬᠠᠳᠤᠨ ᠭᠤᠤᠯ ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ᠎ᠤᠨ ᠰᠠᠪᠠ ᠭᠠᠵᠠᠷ ᠪᠠᠢᠵᠤ᠂ ᠥᠩᠭᠡᠷᠡᠭ᠌ᠰᠡᠨ᠎ᠳᠦ ᠮᠦᠨ ᠬᠦᠷᠦᠰᠦ ᠰᠢᠷᠤᠢ ᠵᠢᠨ ᠢᠳᠡᠭ᠌ᠳᠡᠯᠶᠡᠭᠡ᠂ ᠭᠤᠤ ᠭᠠᠩᠭ᠎ᠠ ᠤᠯᠠᠨ ᠪᠠᠢᠪᠠ᠃ ᠰᠤᠷᠪᠤᠯᠵᠢᠯᠠᠭ᠍ᠴᠢ ᠡᠩᠬᠦᠯ ᠳᠤᠩᠬᠤᠯ ᠵᠥᠷᠢᠭ ᠵᠠᠮ᠎ᠢᠶᠠᠷ ᠠᠭᠤᠯᠠᠨ ᠪᠡᠯ ᠳ᠋ᠤ ᠭᠠᠷᠪᠠᠯ᠂ ᠱᠠᠲᠤ ᠱᠠᠲᠤ᠎ᠪᠠᠷ ᠱᠢᠪᠠᠷ᠎ᠢ ᠬᠠᠱᠢᠨ ᠤᠰᠤ ᠬᠠᠳᠠᠭᠠᠯᠠᠵᠤ᠂ ᠲᠤᠰᠤᠳᠤ ᠨᠠᠷᠠᠰᠤ ᠬᠥᠬᠡᠷᠡᠨ ᠨᠣᠭᠣᠭᠠᠷᠠᠵᠤ᠂ ᠤᠯᠠᠭᠠᠨ ᠵᠢᠮᠢᠰ᠎ᠦᠨ ᠮᠣᠳᠣ ᠢᠬᠴᠤᠷᠠᠨ ᠤᠷᠭᠤᠨ᠎ᠠ᠃
ᠣᠢᠷ᠎ᠠ᠎ᠶ᠋ᠢᠨ 5 ᠵᠢᠯ᠎ᠦᠨ ᠲᠤᠷᠰᠢ᠂ ᠵᠡᠭᠦᠨᠭᠠᠷ ᠬᠣᠱᠢᠭᠤ ᠬᠠᠭᠤᠷᠠᠢ ᠰᠢᠯᠢ᠂ ᠴᠢ ᠯᠢ ᠭᠧᠦ ᠵᠡᠷᠭᠡ ᠨᠢᠭᠡ ᠪᠦᠯᠦᠭ ᠭᠤᠤᠯᠳᠠᠯᠭ᠎ᠠ᠎ᠲᠠᠶ ᠰᠠᠪᠠ ᠭᠠᠵᠠᠷ᠎ᠢ ᠵᠠᠰᠠᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠨᠡᠢᠲᠡ 1473.49 ᠲᠡᠭ᠌ᠰᠢ ᠳᠥᠷᠪᠡᠯᠵᠢᠨ ᠺᠢᠯᠣᠮᠧᠲ᠋ᠷᠵᠠᠰᠠᠵᠤ᠂ 217 ᠡᠯᠡᠰᠦᠨ ᠳᠠᠯᠠᠩ ᠪᠠᠢᠭᠤᠯᠵᠤ᠂ 81ᠨᠦᠯᠦᠮᠡᠯ ᠭᠠᠵᠠᠷ᠎ᠤᠨ ᠬᠠᠱᠢᠯᠭ᠎ᠠ᠎ᠶ᠋ᠢ ᠪᠡᠬᠢᠵᠢᠭᠦᠯᠵᠦ᠍᠂ ᠴᠢᠴᠠᠷᠭᠠᠨ᠎ᠠ᠎ᠪᠠᠷ ᠡᠯᠡᠰᠦᠷᠭᠡᠭᠵᠢᠯ᠎ᠢ ᠪᠠᠭᠠᠰᠭᠠᠬᠤ ᠢᠨᠵᠧᠨᠧᠷᠢᠩ ᠢ ᠬᠡᠷᠡᠭᠵᠢᠬᠦᠯᠵᠦ᠂ ᠵᠢᠯ ᠪᠦᠷᠢ 1144 ᠲᠦᠮᠡᠨ ᠲᠣᠨᠡᠯᠡᠰᠦ ᠮᠠᠩᠬ᠎ᠠ ᠵᠢ ᠬᠤᠷᠢᠭᠯᠠᠪᠠ᠃
ᠬᠦᠳᠦᠯ ᠲᠤᠪᠤ ᠵᠢ ᠣᠢᠵᠢᠭᠤᠯᠬᠤ ᠡᠴᠡ ᠭᠤᠤ ᠰᠤᠪᠠᠭ ᠲᠸ᠋ ᠡᠯᠡᠰᠦ ᠮᠠᠩᠬ᠎ᠠ ᠵᠢ ᠬᠤᠷᠢᠬᠯᠠᠬᠤ ᠬᠦᠷᠲᠡᠯ᠎ᠡ᠂ ᠠᠮᠢ ᠠᠬᠤᠢ᠎ᠶ᠋ᠢ ᠰᠡᠷᠭᠦᠭᠡᠬᠦ᠌᠎ᠡᠴᠡ ᠠᠷᠠᠳ᠎ᠢ ᠪᠠᠶᠠᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠬᠦᠷᠲᠡᠯ᠎ᠡ᠂ ᠵᠡᠭᠦᠨᠭᠠᠷ ᠬᠣᠱᠢᠭᠤ ᠨᠢᠭᠡ ᠭᠤᠤ ᠨᠢᠭᠡ ᠬᠥᠲᠥᠯᠦᠨ 《ᠪᠢᠴᠢᠯ ᠵᠠᠰᠠᠯᠲᠠ》 ᠪᠡᠷ ᠬᠠᠳᠤᠨ ᠭᠣᠣᠯ᠎ᠤᠨ 《ᠶᠡᠭᠡ ᠲᠤᠬᠤᠢ》 ᠵᠢᠨ ᠠᠮᠢ ᠠᠬᠤᠢ ᠵᠢ ᠰᠠᠬᠢᠨ ᠬᠠᠮᠠᠭᠠᠯᠠᠨ᠎ᠠ᠃ ᠦᠶ᠎ᠡ ᠦᠶ᠎ᠡ ᠵᠢᠨ ᠬᠦᠮᠦᠰ᠎ᠤᠨ ᠴᠦᠬᠦᠷᠡᠰᠢ ᠦᠭᠡᠢ ᠴᠢᠷᠮᠠᠢᠯᠭ᠎ᠠ ᠪᠡᠷ᠂ ᠬᠦᠳᠦᠯ ᠭᠤᠤ ᠵᠠᠯᠭᠠᠯᠳᠤᠨ ᠨᠣᠭᠣᠭᠠᠷᠠᠵᠤ᠂ ᠬᠠᠲᠤᠨ ᠭᠤᠤᠯ᠎ᠤᠨ ᠡᠷᠭᠢᠲᠠᠭᠠᠤ ᠦᠪᠴᠢ ᠨᠤᠮᠢᠨ ᠲᠤᠯᠬᠢᠶᠠᠨ ᠬᠠᠶᠠᠯᠠᠨ᠎ᠠ᠃