4 ᠰᠠᠷ᠎ᠠ᠎ᠶ᠋ᠢᠨ 12᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠥᠬᠡᠬᠣᠲᠠ᠎ᠳᠤ ᠱᠢᠨᠬᠤᠸᠠ ᠴᠢᠮᠡᠭᠡᠯᠡᠯ᠎ᠤᠨ ᠬᠤᠷᠢᠶ᠎ᠠ ᠵᠢᠨ ᠬᠣᠷᠢᠶᠠᠨ ᠳᠠᠷᠤᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠦ᠋ ᠬᠤᠸᠠᠨᠠᠷᠲᠠᠶ ᠠᠭᠤᠯᠵᠠᠪᠠ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠹᠦ᠋ ᠬᠤᠸᠠᠨᠠᠷᠤᠨ ᠥᠪᠥᠷ ᠮᠣᠩᠭᠣᠯ᠎ᠳᠤ ᠪᠠᠢᠴᠠᠭᠠᠨ ᠰᠤᠳᠤᠯᠤᠯᠲᠠ ᠬᠢᠵᠦ᠍ ᠠᠵᠢᠯ ᠵᠢᠯᠣᠭᠣᠳᠭᠤ ᠪᠡᠷ ᠬᠦᠷᠦᠯᠴᠡᠨ ᠢᠷᠡᠭᠰᠡᠨ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠵᠦ᠍᠂ ᠱᠢᠨᠬᠤᠸᠠ ᠬᠣᠷᠢᠶ᠎ᠠ᠎ᠶ᠋ᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠳᠡᠮᠵᠢᠯᠭᠡ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠱᠢᠨᠬᠤᠸᠠ ᠬᠣᠷᠢᠢ᠎ᠠ ᠨᠢ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ᠎ᠤᠨ ᠭᠣᠣᠯ ᠬᠦᠴᠦᠨ᠂ ᠭᠣᠣᠯ ᠵᠠᠮ᠂ ᠭᠣᠣᠯ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ ᠢᠮᠠᠭ᠍ᠲᠠ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠵᠣᠭ᠍ᠰᠣᠴᠠ᠂ ᠭᠦᠨ ᠵᠤᠵᠠᠭᠠᠨ ᠠᠷᠠᠳ ᠲᠦᠮᠡᠨᠴᠢ ᠬᠠᠢᠷ᠎ᠠ ᠰᠡᠳᠭᠢᠯᠭᠡ᠂ ᠬᠤᠷᠴᠠ ᠰᠡᠷᠭᠡᠭ ᠴᠠᠭ ᠦᠶ᠎ᠡ᠎ᠶ᠋ᠢᠨ ᠲᠤᠬᠠᠢ ᠠᠵᠢᠭ᠍ᠯᠠᠯᠲᠠ᠎ᠪᠠᠷ᠂ ᠪᠦᠬᠦ᠌ ᠲᠠᠯ᠎ᠠ᠂ ᠤᠯᠠᠨ ᠬᠠᠷᠠᠭᠠᠰᠤ᠂ ᠭᠦᠨ ᠳᠠᠪᠬᠤᠷᠭ᠎ᠠ᠎ᠡᠴᠡ ᠨᠠᠮ᠎ᠤᠨ ᠵᠣᠷᠢᠯᠲᠠ᠎ᠶ᠋ᠢ ᠤᠬᠠᠭᠤᠯᠵᠤ᠂ ᠠᠷᠠᠳ ᠲᠦᠮᠡᠨ᠎ᠦ ᠰᠡᠳᠭᠢᠯ᠎ᠦᠨ ᠲᠠᠭᠤᠨ᠎ᠢ ᠲᠤᠰᠭᠠᠵᠤ᠂ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠵᠤ᠂ ᠨᠠᠮ ᠪᠣᠯᠤᠨ ᠤᠯᠤᠰ᠎ᠤᠨ ᠤᠯᠤᠰ᠎ᠤᠨ ᠳᠣᠲᠣᠭᠠᠳᠤ ᠭᠠᠳᠠᠭᠠᠳᠤ᠎ᠳᠡᠬᠢ ᠰᠠᠢ᠌ᠨ ᠰᠠᠢᠬᠠᠨ ᠲᠦᠷᠢ ᠲᠥᠷᠬᠦ᠌᠎ᠶ᠋ᠢ ᠬᠦᠴᠦᠲᠡᠢ ᠱᠤᠭᠤᠵᠠᠢ᠃ ᠣᠢᠷ᠎ᠠ᠎ᠶ᠋ᠢᠨ ᠵᠢᠯ᠎ᠦᠨ ᠲᠤᠷᠰᠢ᠂ ᠱᠢᠨᠬᠤᠸᠠ ᠬᠣᠷᠢᠶ᠎ᠠ ᠵᠢᠨ ᠬᠢᠨ ᠥᠪᠥᠷ ᠮᠣᠩᠭᠣᠯ᠎ᠤᠨ ᠠᠵᠢᠯ᠎ᠤᠨ ᠲᠤᠬᠠᠶ ᠤᠬᠠᠭᠤᠯᠭ᠎ᠠ ᠮᠡᠳᠡᠭᠡᠯᠡᠯ᠎ᠢᠶᠡᠨ ᠦᠷᠭᠦᠯᠵᠢᠯᠡᠨ ᠴᠢᠩᠭᠠᠳᠭᠠᠵᠤ᠂ ᠠᠯᠢ ᠣᠯᠠᠨ ᠴᠢᠨᠠᠷ ᠰᠠᠢᠲᠠᠶ᠂ ᠨᠥᠯᠥᠭᠡᠯᠡᠬᠦ᠌ ᠬᠦᠴᠦᠨ᠎ᠲᠡᠶ ᠰᠣᠳᠣᠨ ᠪᠦᠲᠦᠭᠡᠯ᠎ᠢ ᠭᠠᠷᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠬᠠᠢᠷ᠎ᠠ ᠬᠠᠯᠠᠮᠵᠢᠯᠠᠯ ᠳᠤᠤᠷ᠎ᠠ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠡᠷᠬᠡ ᠰᠦᠷᠲᠦ ᠲᠠᠭᠤᠨ᠂ ᠠᠮᠢᠳᠤᠯᠢᠭ ᠬᠡᠷᠡᠭ᠎ᠦᠨ ᠵᠢᠱ᠌ᠢᠶ᠎ᠡ᠂ ᠭᠦᠨᠵᠡᠭᠡᠢ ᠲᠠᠢᠯᠤᠮᠵᠢ᠎ᠪᠡᠷ ᠳᠠᠮᠵᠢᠭᠤᠯᠤᠨ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢ ᠪᠣᠶ ᠪᠣᠯᠭᠠᠵᠤ᠂ ᠭᠠᠳᠠᠭᠠᠳᠤᠶ᠋ᠢᠨᠬᠢᠨᠦ ᠥᠪᠥᠷ ᠮᠣᠩᠭᠣᠯ᠎ᠢ ᠪᠥᠬᠥ᠌ ᠲᠠᠯ᠎ᠠ᠎ᠪᠠᠷ ᠣᠢᠯᠠᠭᠠᠬᠤ᠎ᠳᠤ ᠴᠢᠬᠤᠯᠠ ᠴᠤᠩᠬᠤᠪᠴᠢ᠎ᠶ᠋ᠢ ᠨᠡᠭᠡᠭᠡᠵᠦ᠍ ᠥᠭ᠌ᠴᠡᠶ᠃ ᠣᠳᠣᠬᠠᠨ᠎ᠳᠤ᠂ ᠣᠷᠣᠨ ᠳᠠᠶᠠᠭᠠᠷ᠎ᠢᠶᠡᠨ ᠶᠠᠭ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠪᠣᠯᠤᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠵᠢ ᠪᠦᠬᠦ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ᠃ ᠰᠢᠨᠬᠤᠸᠠ ᠬᠣᠷᠢᠶ᠎ᠠ ᠥᠩᠭᠡᠷᠡᠭᠰᠡᠨ᠎ᠲᠠᠢ᠎ᠪᠡᠨ ᠠᠳᠠᠯᠢ᠎ᠪᠠᠷ ᠥᠪᠥᠷ ᠮᠣᠩᠭᠣᠯ᠎ᠢ ᠬᠠᠯᠠᠮᠵᠢᠯᠠᠨ᠂ ᠥᠪᠥᠷ ᠮᠣᠩᠭᠣᠯ᠎ᠢ ᠤᠬᠠᠭᠤᠯᠵᠤ᠂ ᠪᠦᠬᠦ ᠪᠥᠮᠪᠥᠷᠴᠡᠭ᠎ᠦᠨ ᠪᠠᠢᠷᠢᠰᠢᠭᠤᠯᠤᠯᠲᠠ᠂ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠥᠪᠡᠷᠮᠢᠴᠡ ᠳᠠᠪᠠᠭᠤᠯᠢᠭ᠋ᠵᠢᠡᠨ ᠭᠦᠢᠴᠡᠳ ᠪᠠᠳᠠᠷᠠᠭᠤᠯᠵᠤ᠂ ᠪᠢᠳᠡᠨ᠎ᠢ ᠬᠠᠪᠰᠤᠷᠤᠨ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠵᠤ᠂ ᠥᠪᠥᠷ ᠮᠣᠩᠭᠣᠯ᠎ᠤᠨ ᠲᠠᠭᠤᠨ᠎ᠢ ᠰᠠᠢᠲᠤᠷ ᠳᠠᠮᠵᠢᠭᠤᠯᠵᠤ᠂ ᠥᠪᠥᠷ ᠮᠣᠩᠭᠣᠯ᠎ᠤᠨ ᠳᠦᠷᠢ ᠲᠥᠷᠬᠦ᠎ᠶᠢ ᠰᠠᠢᠲᠤᠷ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠡᠩ ᠰᠠᠢᠲᠤᠷ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ᠃ ᠪᠢᠳᠡ ᠵᠣᠬᠢᠴᠠᠭᠤᠯᠤᠨ ᠬᠠᠮᠵᠢᠯᠴᠠᠬᠤ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠰᠢᠨᠬᠤᠸᠠ ᠬᠣᠷᠢᠶ᠎ᠡ ᠵᠢᠨ ᠥᠪᠥᠷ ᠮᠣᠩᠭᠣᠯ᠎ᠳᠤ ᠠᠵᠢᠯ ᠥᠷᠨᠢᠭᠦᠯᠬᠦ᠎ᠳᠦ ᠰᠠᠢᠨ ᠰᠠᠢᠬᠠᠨ ᠣᠷᠴᠢᠨ ᠨᠦᠭᠦᠴᠡᠯ᠎ᠢ ᠡᠭᠦᠳᠤᠨ᠎ᠡ ᠭᠡᠵᠤ ᠬᠡᠯᠡᠪᠡ᠃
ᠹᠦ ᠬᠤᠸᠠ ᠥᠪᠥᠷ ᠮᠣᠩᠭᠣᠯ᠎ᠤᠨ ᠤᠷᠳᠤ ᠬᠤᠭᠤᠴᠠᠭᠠᠨ᠎ᠤ ᠲᠤᠷᠰᠢ ᠰᠢᠨᠬᠤᠸᠠ ᠬᠣᠷᠢᠶ᠎ᠡ ᠵᠢᠨ ᠠᠵᠢᠯ᠎ᠢ ᠶᠡᠬᠡ ᠪᠡᠷ ᠳᠡᠮᠵᠢᠭᠰᠡᠨ᠎ᠳᠦ ᠲᠠᠯᠠᠷᠬᠠᠬᠤ᠎ᠶᠢᠨ ᠬᠠᠮᠲᠤ ᠰᠢᠨᠬᠤᠸᠠ ᠬᠣᠷᠢᠶ᠎ᠡ ᠵᠢᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠰᠢᠨᠬᠤᠸᠠ ᠬᠣᠷᠢᠶ᠎ᠠ ᠲᠤᠰ ᠪᠡᠶ᠎ᠡ᠎ᠶᠢᠨ ᠳᠠᠪᠠᠭᠤᠯᠢᠭ᠋᠎ᠢᠶᠠᠨ ᠨᠡᠩ ᠰᠠᠢᠲᠤᠷ ᠪᠠᠳᠠᠷᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢᠯᠠᠯ᠎ᠢ ᠰᠡᠳᠭᠢᠯ ᠲᠠᠯᠪᠢᠨ ᠰᠠᠢᠲᠤᠷ ᠤᠬᠠᠭᠤᠯᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠥᠪᠥᠷ ᠮᠣᠩᠭᠣᠯ᠎ᠳᠠᠬᠢ ᠠᠮᠢᠳᠤᠯᠢᠭ᠋ ᠦᠢᠯᠡᠳᠦᠯᠭᠡ᠎ᠶᠢ ᠰᠠᠢᠲᠤᠷ ᠢᠯᠡᠷᠡᠭᠦᠯᠵᠦ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ ᠲᠣᠭᠲᠠᠭᠤᠨ᠎ᠤ ᠳᠤᠮᠳᠠ ᠠᠬᠢᠵᠤ᠂ ᠦᠨᠳᠦᠰᠦᠲᠡᠨ᠎ᠤ ᠪᠦᠯᠬᠦᠮᠳᠡᠯ᠂ ᠠᠮᠢ ᠠᠬᠤᠢ ᠵᠢᠨ ᠰᠠᠢᠵᠢᠷᠠᠯ᠂ ᠠᠵᠤ ᠦᠢᠯᠡᠰ᠎ᠤᠨ ᠮᠠᠨᠳᠤᠯ᠂ ᠬᠢᠯᠢ ᠬᠢᠵᠠᠭᠠᠷ᠎ᠤᠨ ᠠᠮᠤᠷ ᠠᠮᠤᠭᠤᠯᠠᠩ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ ᠰᠠᠢᠨ ᠰᠠᠢᠬᠠᠨ ᠪᠠᠢᠳᠠᠯ᠎ᠢ ᠰᠠᠢᠲᠤᠷ ᠮᠡᠳᠡᠭᠡᠯᠡᠵᠦ᠂ ᠭᠢᠯᠠᠯᠵᠠᠮ᠎ᠠ ᠠᠮᠵᠢᠯᠲᠠ ᠪᠦᠲᠦᠮᠵᠢ᠂ ᠲᠤᠷᠰᠢᠯᠭ᠎ᠠ ᠠᠷᠭ᠎ᠠ ᠬᠢᠳᠡᠯ᠂ ᠠᠯᠤᠰ ᠢᠷᠡᠭᠡᠳᠦᠢ ᠲᠠᠯᠳᠠ ᠬᠦᠴᠦᠨ᠎ᠢ ᠭᠦᠢᠴᠡᠳ ᠠᠭᠤᠳᠠᠯᠵᠤ᠂ ᠴᠢᠨᠠᠷ ᠰᠠᠢᠲᠠᠢ ᠬᠥᠭᠵᠢᠯᠲᠡ᠎ᠶᠢᠨ ᠭᠣᠣᠯ ᠬᠦᠭ ᠠᠶᠠᠰ᠎ᠢ ᠦᠷᠭᠦᠯᠵᠢᠯᠡᠨ ᠴᠤᠤᠷᠢᠶᠠᠲᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠰᠠᠢᠲᠤᠷ ᠳᠡᠯᠭᠡᠨ ᠬᠠᠷᠠᠭᠤᠯᠵᠤ᠂ ᠳᠡᠯᠡᠬᠡᠢ ᠨᠡᠢᠭᠡᠮ᠎ᠳᠦ ᠬᠠᠨᠳᠤᠭᠤᠯᠤᠨ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠦᠯᠢᠭᠡᠷ᠎ᠢ ᠳᠣᠲᠣᠨᠣᠰᠤᠭ᠎ᠢᠶᠠᠷ ᠶᠠᠷᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠣᠷᠴᠢᠨ ᠨᠦᠭᠦᠴᠡᠯ᠎ᠢ ᠪᠤᠢ ᠪᠣᠯᠭᠠᠨ᠎ᠠ ᠭᠡᠵᠤ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠰᠢᠶᠠᠨ ᠬᠤᠸᠠ᠂ ᠢᠦᠢ ᠯᠢ ᠰᠢᠨ ᠣᠷᠣᠯᠴᠠᠵᠠᠢ᠃