ᠸᠠᠩ ᠸᠧᠢ ᠵᠦᠩ ᠪᠦᠦ ᠭᠠᠩ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠤ᠌ ᠳ᠋ᠦᠩ ᠶᠡᠷᠦᠩᠬᠡᠢ ᠳᠠᠭᠠᠭᠠᠮᠠᠯ ᠭᠤᠤ ᠱ᠌ᠢ ᠭᠠᠩ ᠲᠠᠢ ᠠᠭᠤᠯᠵᠠᠪᠠ
2026-04-13 11:42:00
ᠵᠣᠬᠢᠶᠠᠭ᠍ᠴᠢ᠄
​ ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠤ᠌ ᠳ᠋ᠦᠩ᠂ ᠶᠡᠷᠦᠩᠬᠡᠢ ᠳᠠᠭᠠᠭᠠᠮᠠᠯ ᠭᠤᠤ ᠱ᠌ᠢ ᠭᠠᠩ᠎ᠲᠠᠶ ᠠᠭᠤᠯᠵᠠᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠸᠠᠩ ᠱᠤ᠌ ᠳ᠋ᠦᠩ᠂ ᠭᠤᠤ ᠱ᠌ᠢ ᠭᠠᠩ᠎ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ᠎ᠬᠢᠵᠠᠭᠠᠷᠲᠤ ᠺᠣᠮᠫᠠᠨᠢ ᠵᠢᠨ ᠣᠷᠳᠣ ᠬᠤᠭᠤᠴᠠᠭ᠎ᠠ᠎ᠪᠠᠷ ᠥᠪᠥᠷ ᠮᠣᠩᠭᠣᠯ᠎ᠳᠤ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠬᠦ᠌᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ ᠢᠯᠠᠩᠭᠤᠶ᠎ᠠ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠣᠳᠣᠬᠠᠨ᠎ᠳᠤ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠤᠯᠠᠮᠵᠢᠯᠠᠯᠲᠤ ᠡᠨᠧᠷᠭᠢ᠎ᠶ᠋ᠢᠨ ᠦᠨᠳᠦᠰᠦᠨ ᠵᠦᠶ᠋ᠯ᠎ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠴᠢᠩᠭᠠᠳᠭᠠᠵᠤ᠂ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠭᠠᠳᠠᠭ᠍ᠰᠢ ᠬᠦᠷᠭᠡᠬᠦ᠌ ᠪᠠ ᠲᠤᠬᠠᠶ᠎ᠶ᠋ᠢᠨ ᠭᠠᠵᠠᠷ᠎ᠲᠤᠨᠢ ᠱᠢᠩᠭᠡᠭᠡᠨ ᠠᠪᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭ᠌ᠴᠢ ᠨᠦᠭᠡᠴᠡ ᠡᠨ᠋ᠸᠷᠬᠢ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ ᠠᠯᠺᠣᠣᠯ᠂ ᠪᠣᠳᠣᠯᠲᠠ᠎ᠶᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ ᠵᠡᠷᠭᠡ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠡᠨᠧᠷᠭᠢ᠎ᠶ᠋ᠢᠨ ᠠᠵᠢᠯ ᠲᠥᠷᠥᠯ᠎ᠦᠨ ᠪᠣᠬᠢᠷᠲᠤᠯ ᠥᠬᠡᠶ᠂ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠪᠤᠢ᠃ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ ᠪᠠ ᠥᠪᠥᠷ ᠮᠣᠩᠭᠣᠯ᠎ᠤᠨ ᠠᠵᠤ ᠦᠶ᠋ᠯᠡᠰ᠎ᠦᠨ ᠵᠣᠬᠢᠴᠠᠯᠳᠤᠯ ᠥᠨᠳᠥᠷ ᠪᠠᠢᠵᠤ᠂ ᠬᠠᠮᠲᠤᠷᠠᠯᠴᠠᠭᠠᠨ᠎ᠤ ᠰᠠᠭᠤᠷᠢ ᠪᠠᠲᠤ ᠪᠠᠬᠢ ᠪᠠᠢᠨ᠎ᠠ᠃ ᠠᠵᠤ ᠠᠬᠤᠢᠯᠠᠯ᠎ᠤᠨ᠎ᠬᠢᠨ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠦᠷᠭᠦᠯᠵᠢᠯᠡᠨ ᠴᠢᠩᠭᠠᠳᠭᠠᠵᠤ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ ᠠᠯᠺᠣᠣᠯ᠂ ᠱᠢᠨ᠎ᠡ ᠡᠨᠧᠷᠭᠢ ᠎ᠶ᠋ᠢᠨ ᠡᠪᠴᠡᠯᠳᠦᠯ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠦᠨ ᠣᠷᠣᠭᠤᠯᠤᠯᠲᠠ ᠪᠠ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠨᠤᠲᠤᠭ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢᠨ ᠨᠠᠩ ᠥᠨᠳᠥᠷ ᠲᠦᠪᠱᠢᠨ ᠪᠥᠬᠥᠶ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠶ᠋ᠢ ᠭᠠᠷ ᠬᠣᠯᠪᠣᠨ ᠠᠬᠢᠭᠤᠯᠬᠤ᠎ᠶ᠋ᠢ ᠬᠦᠰᠡᠵᠦ᠍ ᠪᠠᠢᠨ᠎ᠠ᠃ ᠪᠢᠳᠠ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠪᠤᠢ ᠪᠣᠯᠭᠠᠵᠤ᠂ ᠡᠯ᠎ᠡ ᠲᠦᠷᠦᠯ᠎ᠦᠨ ᠠᠵᠤ ᠠᠬᠤᠢᠯᠠᠯ᠎ᠤᠨ ᠥᠪᠥᠷ ᠮᠣᠩᠭᠣᠯ᠎ᠳᠤ ᠪᠡᠯᠡ ᠣᠷᠣᠭᠤᠯᠤᠨ ᠠᠵᠤ ᠦᠢᠯᠡᠰ᠎ᠢᠶᠡᠨ ᠮᠠᠨᠳᠤᠭᠤᠯᠬᠤ᠌᠎ᠳᠦ ᠪᠦᠬᠦ᠌ ᠦᠶᠡᠯᠡᠯ᠎ᠦᠨ ᠬᠤᠭᠤᠴᠠᠭᠠᠨ᠎ᠤ᠂ ᠴᠢᠨᠠᠷ ᠰᠠᠢᠲᠠᠢ ᠦᠢᠯᠡᠴᠢᠯᠡᠭᠡ ᠬᠠᠩᠭᠠᠨ᠎ᠠ᠃ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠠᠮᠢᠨ ᠰᠤᠳᠠᠰᠤ ᠮᠥᠨ᠂ ᠳᠤᠮᠳᠠᠳᠤ ᠤᠯᠤᠰ᠎ᠤᠨ ᠵᠦᠩ ᠮᠧᠢ ᠡᠨᠧᠷᠭᠢ᠎ᠶ᠋ᠢᠨ ᠪᠦᠯᠦᠭ᠌ᠯᠡᠯ ᠦᠷᠭᠦᠯᠵᠢᠯᠡᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠮᠤᠷ ᠲᠦᠪᠱᠢᠨ ᠬᠥᠭ᠌ᠵᠢᠯᠲᠡ᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠬᠤ᠎ᠶ᠋ᠢ ᠬᠦᠰᠡᠵᠦ᠍ ᠪᠠᠢᠨ᠎ᠠ ᠭᠡᠪᠡ᠃

ᠸᠠᠩ ᠱᠤ᠌ ᠳ᠋ᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ ᠎ᠳᠦ ᠦᠵᠡᠭᠦᠯᠦᠭ᠌ᠰᠡᠨ ᠳᠡᠮᠵᠢᠯᠭᠡ ᠪᠣᠯᠤᠨ ᠬᠠᠪᠰᠤᠷᠤᠯᠭ᠎ᠠ᠎ᠳᠤ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠠᠵᠤ ᠠᠬᠤᠢᠯᠠᠯ᠎ᠤᠨ ᠬᠥᠭ᠌ᠵᠢᠯᠲᠡ ᠪᠣᠯᠤᠨ ᠥᠪᠥᠷ ᠮᠣᠩᠭᠣᠯ᠎ᠳᠠᠬᠢ ᠲᠦᠷᠦᠯ ᠵᠦᠢᠯ᠎ᠦᠨ ᠪᠠᠢᠷᠢᠱᠢᠭᠤᠯᠤᠯᠲᠠ᠎ᠶ᠋ᠢᠨ ᠪᠠᠢᠳᠠᠯ᠎ᠢ ᠲᠦᠬᠦᠮ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠵᠥᠩ ᠮᠧᠶ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ ᠥᠪᠥᠷ ᠮᠣᠩᠭᠣᠯ᠎ᠢ ᠢᠮᠠᠭ᠍ᠲᠠ ᠪᠠᠢᠯᠳᠤᠬᠤ ᠪᠣᠳᠣᠯᠭ᠎ᠠ᠎ᠶ᠋ᠢᠨ ᠭᠤᠤᠯᠳᠠᠯᠭ᠎ᠠ ᠲᠠᠢ ᠭᠠᠵᠠᠷ᠂ ᠬᠥᠭ᠌ᠵᠢᠯᠲᠡ᠎ᠶ᠋ᠢᠨ ᠴᠢᠬᠤᠯᠠ ᠭᠠᠵᠠᠷ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠬᠤᠭᠤᠴᠠᠭᠠᠨ᠎ᠳᠤ ᠥᠪᠥᠷ ᠮᠣᠩᠭᠣᠯ᠎ᠳᠤ ᠪᠠᠯᠠ ᠣᠷᠣᠭᠤᠯᠤᠨ ᠬᠥᠭ᠌ᠵᠢᠭᠦᠯᠬᠦ᠌ ᠳᠠᠯᠳᠠ ᠬᠦᠴᠦᠨ᠎ᠢ ᠭᠦᠨ ᠠᠭᠤᠳᠠᠯᠵᠤ᠂ ᠨᠡᠭᠦᠷᠡᠰᠦᠨ᠎ᠦ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠤᠰᠭᠠᠶ ᠮᠡᠷᠭᠡᠵᠢᠯ᠎ᠦᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ 《ᠰᠠᠯᠬᠢᠨ ᠬᠦᠴᠦᠨ ᠬᠡᠷᠡᠯᠴᠢ ᠴᠡᠨᠡᠭ ᠢᠯᠴᠢ ᠨᠦᠭᠡᠴᠡ ᠡᠨ᠋ᠸᠷᠬᠢ ᠤᠰᠤᠲᠥ᠋ᠷᠥᠭ᠌ᠴᠢ ᠱᠢᠪᠲᠦᠷ ᠪᠤᠳᠤᠯᠲᠠ᠎ᠶᠢᠨ ᠬᠦᠴᠦᠨ》 ᠤ᠋ ᠶᠡᠷᠦᠩᠬᠡᠢᠯᠡᠭ᠌ᠰᠡᠨ ᠡᠨᠧᠷᠭᠢ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ᠂ ᠪᠣᠬᠢᠷᠲᠤᠯ ᠥᠬᠡᠶ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠢ ᠬᠦᠭᠵᠢᠬᠦᠯᠬᠦ᠂ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠣᠯᠪᠣᠬᠤ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ ᠵᠡᠷᠭᠡ᠎ᠶ᠋ᠢᠨ ᠲᠣᠭᠣᠷᠢᠨ᠎ᠳᠤ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ 《ᠨᠡᠭᠦᠷᠡᠰᠦ — ᠴᠠᠬᠢᠯᠭᠠᠨ — ᠬᠢᠮᠢ — ᠱᠢᠨ᠎ᠡ ᠡᠨ᠋ᠸᠷᠬᠢ》 ᠎ᠢ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠨ ᠬᠠᠮᠵᠢᠯᠴᠠᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠳᠠᠢᠴᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号