ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶ᠋ᠢ ᠦᠨᠳᠦᠰᠦᠯᠡᠪᠡᠯ᠂ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠴᠢᠬᠤᠯᠠ ᠶᠡᠬᠡ ᠲᠦᠷᠦᠯ ᠵᠦᠢᠯ᠎ᠦᠨ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ᠎ᠢᠶᠡᠷ ᠭᠠᠷᠳᠠᠴᠠ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ᠎ᠶ᠋ᠢ ᠨᠠᠢᠳᠠᠪᠤᠷᠢᠵᠢᠭᠤᠯᠬᠤ ᠨᠤᠷᠮ᠎ᠠ᠎ᠶ᠋ᠢ ᠠᠳᠠᠯᠢ ᠬᠤᠭᠤᠴᠠᠭᠠᠨ᠎ᠤ ᠬᠢ᠎ᠡᠴᠡ 8% ᠡᠴᠡ ᠳᠣᠣᠷ᠎ᠠ ᠦᠭᠡᠢ ᠪᠠᠢᠯᠭᠠᠵᠤ᠂ ᠲᠦᠷᠦᠯ ᠵᠦᠢᠯ᠎ᠦᠨ ᠰᠦᠪᠡᠭ᠌ᠴᠢ᠎ᠶ᠋ᠢ ᠬᠤᠪᠢᠷᠠᠭᠤᠯᠬᠤ ᠨᠤᠷᠮ᠎ᠠ᠎ᠶ᠋ᠢ 30% ᠳ᠋ᠤ ᠬᠦᠷᠭᠡᠬᠦ᠌ ᠬᠠᠷᠠᠯᠲᠠ᠎ᠶ᠋ᠢ ᠬᠡᠷᠡᠭ᠌ᠵᠢᠭᠦᠯᠵᠦ᠍᠂ ᠬᠠᠷᠠᠯᠲᠠ᠎ᠲᠠᠶ᠎ᠪᠠᠷ ᠠᠷᠠᠯᠵᠢᠶᠠᠴᠢᠨ ᠤᠷᠢᠵᠤ᠂ ᠪᠡᠯᠡ ᠮᠦᠩᠬᠦ ᠣᠷᠣᠭᠤᠯᠤᠨ ᠠᠪᠴᠢᠷᠠᠬᠤ ᠬᠢᠷᠢ ᠬᠡᠮ ᠦᠷ᠎ᠡ ᠠᠱᠢᠭ᠎ᠤᠨ ᠬᠣᠣᠰ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃
2025 ᠣᠨ᠎ᠳᠤ᠂ ᠥᠪᠥᠷ ᠮᠣᠩᠭᠣᠯ᠎ᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠥᠷᠥᠯ ᠵᠦᠶ᠋ᠯ 6002 ᠳ᠋ᠦᠩᠱᠢᠭᠤᠷ ᠲᠥᠭᠥᠷᠢᠭ᠎ᠤᠨ ᠪᠡᠯᠡ ᠮᠦᠩᠬᠦ ᠵᠢ ᠨᠠᠢᠳᠠᠪᠤᠷᠢᠵᠢᠭᠤᠯᠵᠤ᠂ ᠡᠨᠡ ᠨᠢ ᠠᠳᠠᠯᠢ ᠬᠤᠭᠤᠴᠠᠭᠠᠨ᠎ᠤ᠎ᠬᠢ᠎ᠡᠴᠡ 7.7% ᠪᠠᠷ ᠨᠡᠮᠡᠭ᠌ᠳᠡᠵᠦ᠍᠂ ᠣᠨ᠎ᠤ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠂ ᠡᠨᠡ ᠵᠢᠯ ᠤᠯᠠᠮᠵᠢᠯᠠᠯᠲᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ᠂ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠬᠤ᠎ᠶ᠋ᠢᠨ ᠲᠣᠭᠣᠷᠢᠨ᠎ᠳᠤ ᠳᠥᠷᠪᠡᠨ ᠲᠠᠯ᠎ᠠ᠎ᠪᠠᠷ ᠣᠨᠢᠨ ᠳᠡᠭᠡᠷ᠎ᠡ᠎ᠨᠢ ᠬᠦᠴᠦᠯᠡᠬᠦ᠌ ᠪᠣᠯᠤᠨ᠎ᠠ᠃
ᠮᠠᠨ᠎ᠤ ᠣᠷᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢᠨ ᠲᠣᠭᠣᠷᠢᠨ᠎ᠳᠤ᠂ ᠡᠯ᠎ᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠲᠡᠶ ᠬᠠᠮᠵᠢᠯᠴᠠᠨ ᠤᠨᠢᠨ ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠠᠨᠳᠤᠯᠭᠠᠲᠤ ᠴᠢᠨᠠᠷᠲᠠᠶ᠎ᠪᠠᠷ ᠣᠷᠣᠭᠤᠯᠤᠨ ᠠᠪᠴᠢᠷᠠᠨ᠎ᠠ᠃ ᠡᠨᠧᠷᠭᠢ᠎ᠶ᠋ᠢᠨ ᠠᠴᠢᠶᠠᠯᠠᠪᠤᠷᠢ ᠥᠨᠳᠥᠷ ᠪᠣᠬᠢᠷᠲᠤᠯ ᠥᠬᠡᠶ ᠠᠵᠤ ᠦᠶ᠋ᠯᠡᠰ᠎ᠢ ᠬᠦᠭᠵᠢᠬᠦᠯᠬᠦ ᠲᠠᠯ᠎ᠠ᠎ᠪᠠᠷ᠂ ᠮᠠᠨ᠎ᠤ ᠣᠷᠣᠨ᠎ᠤ ᠪᠣᠬᠢᠷᠲᠤᠯ ᠥᠬᠡᠶ ᠴᠠᠬᠢᠯᠭᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠤᠨ᠂ ᠡᠨᠧᠷᠭᠢ᠎ᠶ᠋ᠢᠨ ᠠᠴᠢᠶᠠᠯᠠᠪᠤᠷᠢ ᠥᠨᠳᠥᠷ ᠪᠣᠬᠢᠷᠲᠤᠯ ᠥᠬᠡᠶ ᠠᠵᠤ ᠦᠶ᠋ᠯᠡᠰ ᠦᠨ ᠲᠤᠰᠭᠠᠶ ᠰᠡᠳᠦᠪ᠎ᠢᠶᠡᠷ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠍᠂ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠣᠯᠪᠣᠬᠤ ᠵᠠᠭ᠍ᠪᠤᠷ᠎ᠢ ᠳᠡᠯᠭᠡᠷᠡᠭᠦᠯᠦᠨ᠂ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶᠠᠨ᠎ᠤ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠪᠤᠳᠤᠯᠭ᠎ᠠ ᠵᠢᠨ ᠬᠦᠴᠦᠨ ᠴᠠᠬᠢᠯᠭᠠᠨ ᠬᠦᠴᠦᠨ᠎ᠢ ᠬᠠᠮᠵᠢᠯᠴᠠᠭᠤᠯᠬᠤ᠂ ᠰᠠᠯᠬᠢᠨ ᠬᠦᠴᠦᠨ ᠬᠡᠷᠡᠯᠴᠢ ᠴᠡᠨᠡᠭ ᠤᠰᠤᠲᠥ᠋ᠷᠥᠭ᠌ᠴᠢ ᠡᠨ᠋ᠸᠷᠬᠢ ᠬᠠᠳᠠᠭᠠᠯᠠᠬᠤ᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ ᠵᠡᠷᠭᠡ 《ᠪᠣᠬᠢᠷᠲᠤᠯ ᠥᠬᠡᠶ ᠴᠠᠬᠢᠯᠭᠠᠨ +》 ᠥᠨᠳᠥᠷ ᠨᠡᠮᠡᠯᠲᠡ ᠥᠷᠲᠡᠭ ᠲᠠᠢ ᠠᠵᠤ ᠦᠶ᠋ᠯᠡᠰ᠎ᠦᠨ ᠲᠥᠷᠥᠯ ᠵᠦᠶ᠋ᠯ᠎ᠢ ᠣᠨᠣᠴᠠᠳᠠᠢ᠎ᠪᠠᠷ ᠣᠷᠣᠭᠤᠯᠤᠨ ᠠᠪᠴᠢᠷᠠᠨ᠎ᠠ᠃ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠪᠣᠢᠵᠢᠭᠤᠯᠬᠤ ᠲᠠᠯ᠎ᠠ᠎ᠪᠠᠷ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠳᠤᠤᠷ᠎ᠠ ᠤᠭᠳᠠᠷᠭᠤᠢ ᠵᠢᠨ ᠠᠵᠤ ᠠᠬᠤᠶ᠂ ᠲᠣᠭᠠᠴᠢᠯᠠᠭ᠍ᠰᠠᠨ ᠠᠵᠤ ᠠᠬᠤᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠂ ᠠᠵᠢᠯ ᠲᠥᠷᠥᠯ᠎ᠦᠨ ᠲᠠᠭᠠᠭᠤᠯᠤᠭᠴᠢ ᠠᠵᠤ ᠠᠬᠤᠢᠯᠠᠯ ᠵᠢᠴᠢ ᠳᠡᠭᠡᠳᠦ ᠳᠤᠤᠷᠠᠳᠤ ᠤᠷᠤᠰᠭᠠᠯ᠎ᠤᠨ ᠢᠵᠢ ᠪᠥᠷᠢᠳᠦᠭᠦᠯᠬᠦ᠌ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠣᠷᠣᠭᠤᠯᠤᠨ ᠠᠪᠴᠢᠷᠠᠨ᠎ᠠ᠃ ᠢᠷᠡᠭᠡᠳᠦᠢ᠎ᠶ᠋ᠢᠨ ᠠᠵᠤ ᠦᠢᠯᠡᠰ᠎ᠢ ᠪᠠᠢᠷᠢᠰᠢᠭᠤᠯᠬᠤ ᠲᠠᠯ᠎ᠠ᠎ᠪᠠᠷ᠂ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠺᠸᠠᠨ᠋ᠲ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠭᠡᠯ᠂ ᠤᠰᠤᠲᠥ᠋ᠷᠥᠭ᠌ᠴᠢ᠎ᠳᠦ ᠡᠨᠧᠷᠭᠢ ᠪᠣᠯᠤᠨ ᠴᠥᠮ᠎ᠡ᠎ᠶ᠋ᠢᠨ ᠨᠡᠢᠯᠡᠯᠲᠡᠶ᠋ᠢᠨ ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ ᠵᠢᠷᠭᠤᠳᠤᠭᠠᠷ ᠦᠶ᠎ᠡ᠎ᠶ᠋ᠢᠨ ᠱᠢᠯᠵᠢᠭᠡ ᠴᠢᠮᠡᠭᠡ ᠬᠣᠯᠪᠣᠭ᠎ᠠ ᠵᠡᠷᠭᠡ ᠢᠷᠡᠭᠡᠳᠦᠢ᠎ᠶ᠋ᠢᠨ ᠠᠵᠤ ᠦᠢᠯᠡᠰ᠎ᠦᠨ ᠲᠦᠷᠦᠯ ᠵᠦᠢᠯ᠎ᠢ ᠣᠷᠣᠭᠤᠯᠤᠨ ᠠᠪᠴᠢᠷᠠᠨ᠎ᠠ᠃
ᠭᠤᠸᠠᠩᠳᠦ᠋ᠩ᠂ ᠱᠧᠨᠵᠧᠨ᠎ᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ 《ᠪᠠᠶᠠᠨ ᠠᠭᠤᠷᠬᠠᠢ》 ᠵᠢ ᠦᠷᠭᠦᠯᠵᠢᠯᠡᠨ ᠭᠦᠨ ᠠᠭᠤᠳᠠᠯᠵᠤ᠂ ᠡᠮᠦᠨᠡᠬᠢ ᠬᠤᠭᠤᠴᠠᠭᠠᠨ᠎ᠤ ᠵᠣᠯᠭᠠᠯᠳᠤᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠵᠡᠭᠦᠨ ᠬᠡᠰᠡᠭ ᠵᠡᠷᠭᠡ ᠭᠠᠵᠠᠷ ᠣᠷᠣᠨ᠎ᠤ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ᠎ᠪᠡᠷ ᠵᠤᠯᠭᠠᠭᠤᠯᠤᠨ᠎ᠠ᠃ 《ᠥᠪᠥᠷ ᠮᠣᠩᠭᠣᠯ᠎ᠳᠤ ᠪᠠᠯᠠ ᠣᠷᠣᠭᠤᠯᠬᠤ》 ᠱᠢᠷᠢᠰ 《ᠭᠠᠷᠴᠤ᠌ ᠶᠠᠪᠤᠬᠤ》ᠰᠠᠯᠪᠤᠷᠢ ᠠᠩᠭᠢ᠎ᠶ᠋ᠢᠨ ᠬᠢᠨ᠎ᠤ ᠤᠨᠤᠴᠠᠳᠠᠢ ᠪᠡᠷ ᠠᠷᠠᠯᠵᠢᠶᠠᠴᠢᠨ ᠤᠷᠢᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠠᠵᠤ ᠦᠶ᠋ᠯᠡᠰ᠎ᠦᠨ ᠬᠡᠯᠬᠢᠶᠡᠨ᠎ᠤ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠲᠡᠶ ᠬᠠᠮᠲᠤᠷᠠᠨ ᠡᠯ᠎ᠡ ᠠᠢᠮᠠᠭ ᠬᠣᠲᠠ᠎ᠶ᠋ᠢ ᠵᠢᠯᠣᠭᠣᠳᠴᠤ᠌ ᠪᠠᠢᠭᠠᠳ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠴᠧᠩᠳᠦ᠋ ᠴᠦᠩᠴᠢᠩ᠂ ᠵᠡᠭᠦᠨ ᠬᠣᠢᠲᠤ ᠵᠢᠨ ᠭᠤᠷᠪᠠᠨ ᠮᠤᠵᠢ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠡᠭ᠎ᠡᠴᠡ ᠴᠡᠭ ᠲᠸ᠋ ᠬᠦᠷᠴᠦ᠂ ᠤᠨᠤᠴᠠᠳᠠᠢ ᠠᠷᠠᠯᠵᠢᠶᠠᠴᠢᠨ ᠤᠷᠢᠨ᠎ᠠ᠃ ᠭᠤᠸᠠᠩᠳᠦ᠋ᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠣᠷᠣᠨ ᠪᠦᠰᠡ᠎ᠶ᠋ᠢᠨ ᠳᠣᠲᠣᠷᠠᠬᠢ ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠵᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠮᠠᠨ᠎ᠤ ᠣᠷᠣᠨ᠎ᠤ ᠠᠵᠤ ᠦᠶ᠋ᠯᠡᠰ᠎ᠦᠨ ᠳᠠᠪᠠᠭᠤᠯᠢᠭ ᠪᠠ ᠠᠷᠠᠯᠵᠢᠶᠠᠴᠢᠨ ᠤᠷᠢᠬᠤ ᠲᠥᠷᠥ᠎ᠶ᠋ᠢᠨ ᠪᠣᠳᠣᠯᠭ᠎ᠠ᠎ᠶ᠋ᠢ ᠤᠨᠤᠴᠠᠳᠠᠢ ᠳᠠᠮᠵᠢᠭᠤᠯᠤᠨ᠎ᠠ᠃ 2026 ᠤᠨ᠎ᠤ ᠥᠪᠥᠷ ᠮᠣᠩᠭᠣᠯ ᠳ᠋ᠦ ᠪᠡᠯᠡ ᠮᠦᠩᠬᠦ ᠤᠷᠤᠭᠤᠯᠬᠤ ᠠᠵᠤ ᠦᠶ᠋ᠯᠡᠰ᠎ᠢ ᠵᠣᠯᠭᠠᠭᠤᠯᠬᠤ ᠶᠡᠬᠡ ᠬᠤᠷᠠᠯ᠂ ᠲᠦᠷᠪᠡᠳᠦᠭᠡᠷ ᠬᠤᠭᠤᠴᠠᠭᠠᠨ᠎ᠤ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ᠎ᠤ ᠵᠥᠪᠳᠡᠯᠴᠡᠬᠡᠷ᠎ᠤᠨ ᠬᠤᠷᠠᠯ ᠵᠡᠷᠭᠡ ᠭᠤᠤᠯᠳᠠᠯᠭ᠎ᠠ᠎ᠲᠠᠶ ᠠᠷᠠᠯᠵᠢᠶᠠᠴᠢᠨ ᠤᠷᠢᠬᠤ ᠠᠵᠢᠯᠯᠠᠭ᠎ᠠ᠎ᠶ᠋ᠢ ᠡᠷᠭᠢᠯᠡᠵᠦ᠍᠂ ᠥᠨᠳᠥᠷ ᠲᠦᠪᠱᠢᠨ ᠪᠥᠬᠥᠶ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠢ ᠪᠠᠢᠭᠤᠯᠤᠨ᠎ᠠ᠃ ᠳᠤᠮᠳᠠᠳᠤ ᠣᠷᠣᠰ᠎ᠤᠨ ᠦᠵᠡᠰᠭᠦᠯᠡᠩ᠂ ᠲᠣᠷᠭ᠎ᠠ ᠲᠤᠷᠳᠤᠩ᠎ᠤᠨ ᠦᠵᠡᠰᠭᠦᠯᠡᠩ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠴᠢᠬᠤᠯᠠ ᠦᠵᠡᠰᠭᠦᠯᠡᠩᠳᠦ ᠢᠳᠡᠪᠬᠢᠲᠡᠢ ᠣᠷᠣᠯᠴᠠᠵᠤ᠂ ᠠᠷᠠᠯᠵᠢᠶᠠᠴᠢᠨ ᠤᠷᠢᠬᠤ ᠪᠦᠷᠬᠦᠴᠡ᠎ᠶ᠋ᠢ ᠤᠯᠠᠮ ᠨᠢᠭᠡ ᠠᠯᠬᠤᠮ ᠥᠷᠭᠡᠳᠭᠡᠨ᠂ ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠨ ᠣᠨᠣᠴᠠᠲᠠᠢ ᠣᠢᠯᠠᠭᠠᠵᠤ᠂ ᠠᠷᠠᠯᠵᠢᠶᠠᠴᠢᠨ ᠤᠷᠢᠬᠤ ᠪᠣᠳᠠᠲᠤ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃
《ᠬᠠᠷᠠᠯᠲᠠᠲᠦ》 ᠠᠷᠭ᠎ᠠ ᠵᠠᠮ᠎ᠢ ᠰᠠᠢᠳᠤᠷ ᠡᠵᠡᠮᠳᠡᠨ᠎ᠡ᠃ ᠨᠢᠭᠡ ᠲᠠᠯ᠎ᠠ᠎ᠪᠠᠷ᠂ ᠤᠨᠳᠤᠤ ᠭᠠᠵᠠᠷ᠎ᠲᠡᠬᠢ ᠥᠪᠥᠷ ᠮᠣᠩᠭᠣᠯ᠎ᠤᠨ ᠬᠤᠳᠠᠯᠳᠤᠭᠠᠴᠢᠳ᠎ᠤᠨ ᠡᠪᠯᠡᠯ᠂ ᠭᠠᠳᠠᠷ ᠣᠷᠣᠨ᠎ᠤ ᠬᠤᠳᠠᠯᠳᠤᠭᠠᠴᠢᠳ᠎ᠤᠨ ᠡᠪᠯᠡᠯᠯᠦᠭᠡ ᠨᠡᠪᠲᠡᠷᠡᠯᠴᠡᠵᠦ᠍ ᠬᠠᠮᠲᠤᠷᠠᠨ ᠬᠥᠳᠡᠯᠦᠯᠴᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠬᠤᠳᠠᠯᠳᠤᠭᠠᠴᠢᠳ᠎ᠤᠨ ᠨᠡᠢᠭᠡᠮᠯᠢᠭ᠎ᠦᠨ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ ᠨᠠᠢᠳᠠᠨ ᠬᠠᠮᠲᠤᠷᠠᠯᠴᠠᠬᠤ ᠵᠡᠷᠭᠡ ᠠᠷᠭ᠎ᠠ ᠮᠠᠶᠢᠭ᠎ᠢᠶᠠᠷ ᠡᠯ᠎ᠡ ᠲᠥᠷᠥᠯ᠎ᠦᠨ ᠪᠠᠯᠠ ᠣᠷᠣᠭᠤᠯᠤᠯᠲᠠ᠎ᠶ᠋ᠢᠨ ᠮᠡᠳᠡᠭᠡ ᠵᠠᠩᠭᠢ᠎ᠶ᠋ᠢ ᠥᠷᠭᠡᠨ᠎ᠢᠶᠡᠷ ᠴᠤᠭ᠍ᠯᠠᠭᠤᠯᠤᠨᠠ᠃ ᠨᠥᠭᠥᠭᠡ ᠲᠠᠯ᠎ᠠ᠎ᠪᠠᠷ᠂ ᠲᠡᠷᠢᠭᠦᠨ᠎ᠦ ᠪᠣᠬᠢᠷᠲᠤᠯ ᠥᠬᠡᠶ ᠡᠨᠧᠷᠭᠢ᠎ᠶ᠋ᠢᠨ ᠠᠴᠢᠶᠠᠯᠠᠪᠤᠷᠢ ᠥᠨᠳᠥᠷ ᠠᠵᠤ ᠦᠶ᠋ᠯᠡᠰ᠂ ᠵᠡᠰ ᠪᠣᠯᠪᠠᠰᠤᠷᠠᠭᠤᠯᠬᠤ᠂ ᠬᠠᠲᠠᠭᠤ ᠲᠦᠯᠦᠪᠲᠦ ᠴᠠᠬᠢᠯᠭᠠᠨ ᠴᠡᠨᠡᠭ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ᠂ ᠴᠢᠨᠠᠷ ᠰᠠᠢᠲᠠᠶ ᠪᠠᠯᠠ ᠣᠷᠣᠭᠤᠯᠤᠯᠲᠠ᠎ᠶ᠋ᠢᠨ ᠰᠦᠪᠡᠭ᠌ᠴᠢ᠎ᠶ᠋ᠢ ᠣᠨᠣᠴᠠᠲᠠᠶ ᠤᠢᠯᠠᠭᠠᠨ ᠵᠢᠭ᠍ᠰᠠᠭᠠᠵᠤ᠂ ᠭᠦᠨᠵᠡᠭᠡᠶ ᠠᠭᠤᠳᠠᠯᠤᠨ᠂ ᠰᠦᠪᠡᠭ᠌ᠴᠢ᠎ᠶ᠋ᠢᠨ ᠡᠬᠡ ᠲᠠᠩᠰᠠ᠎ᠶ᠋ᠢ ᠪᠠᠢᠭᠤᠯᠵᠤ᠂ ᠲᠥᠷᠥᠯ ᠬᠤᠪᠢᠶᠠᠨ ᠬᠠᠮᠢᠶᠠᠷᠬᠤ᠎ᠶ᠋ᠢ ᠴᠢᠩᠭᠠᠳᠭᠠᠨ᠎ᠠ᠃ ᠡᠭᠦᠨ᠎ᠦ ᠬᠠᠮᠲᠤ᠂ ᠪᠡᠭᠡᠵᠢᠩ᠎ᠳᠦ ᠰᠠᠭᠤᠭ᠎ᠠ ᠠᠯᠪᠠᠨ ᠬᠡᠷ᠂ ᠱᠠᠩᠬᠠᠶ᠎ᠳᠤ ᠰᠠᠭᠤᠭ᠎ᠠ ᠠᠯᠪᠠᠨ ᠬᠡᠷ᠂ ᠱᠧᠨᠵᠧᠨ᠎ᠳᠦ ᠰᠠᠭᠤᠭ᠎ᠠ ᠠᠯᠪᠠᠨ ᠬᠡᠷ ᠵᠡᠷᠭᠡ ᠭᠠᠳᠠᠷ ᠮᠤᠵᠢ᠎ᠳᠤ ᠰᠠᠭᠤᠭ᠎ᠠ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠦ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠠᠵᠤ ᠦᠶ᠋ᠯᠡᠰ᠎ᠦᠨ ᠱᠢᠯᠵᠢᠯᠲᠡ ᠪᠠ ᠬᠥᠷᠥᠩᠭᠡ᠎ᠶ᠋ᠢᠨ ᠡᠷᠭᠢᠯᠲᠡ᠎ᠶ᠋ᠢᠨ ᠬᠠᠨᠳᠤᠰᠢ᠎ᠶ᠋ᠢ ᠴᠢᠩᠭ᠎ᠠ ᠠᠩᠬᠠᠷᠴᠤ᠌᠂ ᠣᠷᠣᠨ ᠪᠦᠰᠡ ᠠᠯᠤᠰᠯᠠᠨ ᠪᠠᠯᠠ ᠣᠷᠣᠭᠤᠯᠬᠤ ᠠᠵᠠ ᠲᠣᠬᠢᠶᠠᠯ᠎ᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠤᠨ᠎ᠠ᠃
ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠪᠥᠬᠥ᠌ ᠦᠶᠡᠯᠡᠯ᠎ᠦᠨ ᠬᠤᠭᠤᠴᠠᠭᠠᠨ᠎ᠤ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠨ᠎ᠡ᠃《ᠥᠪᠥᠷ ᠮᠣᠩᠭᠣᠯ᠎ᠳᠤ ᠪᠠᠯᠠ ᠣᠷᠣᠭᠤᠯᠬᠤ》 ᠮᠡᠳᠡᠭᠡ ᠵᠠᠩᠭᠢ᠎ᠶ᠋ᠢᠨ ᠭᠤᠤᠯ ᠲᠠᠪᠴᠠᠩ᠎ᠤᠨ ᠴᠢᠳᠠᠮᠵᠢ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠰᠦᠪᠡᠭ᠌ᠴᠢ᠎ᠶ᠋ᠢᠨ ᠬᠠᠮᠢᠶᠠᠷᠤᠯᠲᠠ᠎ᠶ᠋ᠢᠨ ᠲᠡᠰ ᠲᠠᠷᠠᠭᠠᠯᠠᠯ᠎ᠢ ᠱᠢᠯᠢᠳᠡᠭ᠌ᠵᠢᠭᠦᠯᠦᠨ᠂ ᠠᠷᠠᠯᠵᠢᠶᠠᠴᠢᠨ ᠤᠷᠢᠬᠤ ᠰᠦᠪᠡᠭ᠌ᠴᠢ᠎ᠶ᠋ᠢ ᠴᠤᠭ᠍ᠯᠠᠭᠤᠯᠬᠤ᠂ ᠱᠢᠯᠢᠬᠦ᠌᠂ ᠰᠠᠯᠭᠠᠬᠤ᠎ᠠᠴᠠ ᠮᠥᠷᠳᠡᠬᠦ᠌᠂ ᠬᠠᠷᠢᠭᠤ ᠲᠤᠰᠭᠠᠬᠤ ᠬᠦᠷᠲᠡᠯᠡᠬᠢ ᠪᠥᠬᠥ᠌ ᠶᠠᠪᠤᠴᠠ ᠵᠢᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠰᠦᠪᠡᠭ᠌ᠴᠢ ᠨᠢᠭᠡᠪᠦᠷᠢ᠎ᠶ᠋ᠢ ᠴᠥᠮ ᠣᠨᠣᠴᠠᠲᠠᠶ᠎ᠪᠠᠷ ᠵᠣᠯᠭᠠᠭᠤᠯᠬᠤ᠂ ᠥᠨᠳᠥᠷ ᠪᠦᠲᠦᠮᠵᠢᠲᠡᠶ᠎ᠪᠡᠷ ᠠᠬᠢᠭᠤᠯᠬᠤ᠎ᠶ᠋ᠢ ᠦᠨᠡᠨᠬᠦ᠌ ᠪᠠᠲᠤᠯᠠᠨ᠎ᠠ᠃ ᠡᠭᠦᠨ᠎ᠦ ᠬᠠᠮᠲᠤ᠂ ᠴᠢᠬᠤᠯᠠ ᠶᠡᠬᠡ ᠲᠥᠷᠥᠯ ᠵᠦᠶ᠋ᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠶᠠᠪᠤᠴᠠ᠎ᠳᠠᠬᠢ ᠡᠪᠡᠷᠱᠢᠶᠡᠯ᠂ ᠲᠦᠭ᠌ᠵᠢᠷᠡᠯ᠂ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠵᠠᠷ ᠱᠢᠷᠣᠶ᠂ ᠡᠨᠧᠷᠭᠢ᠎ᠶ᠋ᠢᠨ ᠬᠣᠷᠣᠭ᠍ᠳᠠᠯ᠂ ᠪᠤᠬᠢᠷᠳᠤᠯ ᠦᠭᠡᠢ ᠴᠠᠬᠢᠯᠭᠠᠨ ᠵᠡᠷᠭᠡ ᠵᠠᠩᠭᠢᠯᠠᠭ᠎ᠠ᠎ᠶ᠋ᠢᠨ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠲᠥᠷᠥᠯ ᠵᠦᠶ᠋ᠯ᠎ᠢ ᠡᠷᠲᠡᠬᠡᠨ ᠭᠡᠷ᠎ᠡ ᠲᠣᠭ᠍ᠲᠠᠬᠤ᠂ ᠡᠷᠲᠡᠬᠡᠨ ᠨᠠᠢᠳᠠᠪᠤᠷᠢᠵᠢᠭᠤᠯᠬᠤ᠂ ᠡᠷᠲᠡᠬᠡᠨ ᠠᠱᠢᠭ᠍ᠯᠠᠯᠲᠠ᠎ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃