ᠲᠥᠪ᠎ᠦᠨ ᠲᠠᠪᠬᠤᠷᠭ᠎ᠠ ᠵᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠠᠵᠢᠯ᠎ᠤᠨ ᠲᠤᠰᠬᠠᠢ ᠠᠩᠬᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠠᠯᠪᠠᠨ ᠲᠢᠩᠬᠢᠮ᠎ᠡᠴᠡ ᠰᠸᠴᠤᠸᠠᠨ ᠮᠤᠵᠢ᠎ᠶ᠋ᠢᠨ ᠵᠤᠤ ᠵᠢᠤᠸᠠᠢ ᠱᠢᠶᠠᠨ ᠬᠤᠪᠸᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠴᠢ ᠬᠤᠪᠸᠢ ᠵᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ ᠨᠢ ᠬᠡᠯᠪᠡᠢᠭᠦᠦ ᠪᠠᠢᠵᠤ ᠪᠣᠳᠠᠲᠠᠢ ᠪᠠᠢᠳᠠᠯ᠎ᠢ ᠬᠠᠢᠬᠤᠷᠬᠤ ᠦᠭᠡᠢ ᠪᠡᠷ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠬᠡᠷᠡᠭ᠌ᠯᠡᠭᠰᠡᠨ ᠠᠰᠠᠭᠤᠳᠠᠯ᠎ᠢ ᠢᠯᠡ ᠪᠡᠷ ᠵᠠᠷᠯᠠᠨ ᠮᠡᠳᠡᠭ᠌ᠳᠡᠪᠡ
2026-04-13 09:28:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠲᠥᠪ᠎ᠦᠨ ᠲᠠᠪᠬᠤᠷᠭ᠎ᠠ ᠵᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠠᠵᠢᠯ᠎ᠤᠨ ᠲᠤᠰᠬᠠᠢ ᠠᠩᠬᠢ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠠᠯᠪᠠᠨ ᠲᠢᠩᠬᠢᠮ᠎ᠡᠴᠡ ᠰᠸᠴᠤᠸᠠᠨ ᠮᠤᠵᠢ᠎ᠶ᠋ᠢᠨ ᠵᠤᠤ ᠵᠢᠤᠸᠠᠢ ᠱᠢᠶᠠᠨ᠂ ᠬᠤᠪᠸᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠴᠢ ᠬᠤᠪᠸᠢ ᠵᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ ᠨᠢ ᠬᠡᠯᠪᠡᠢᠭᠦᠦ ᠪᠠᠢᠵᠤ᠂ ᠪᠣᠳᠠᠲᠠᠢ ᠪᠠᠢᠳᠠᠯ᠎ᠢ ᠬᠠᠢᠬᠤᠷᠬᠤ ᠦᠭᠡᠢ ᠪᠡᠷ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ  ᠬᠡᠷᠡᠭ᠌ᠯᠡᠭᠰᠡᠨ ᠠᠰᠠᠭᠤᠳᠠᠯ᠎ᠢ ᠢᠯᠡ ᠪᠡᠷ ᠵᠠᠷᠯᠠᠨ ᠮᠡᠳᠡᠭ᠌ᠳᠡᠪᠡ᠃

ᠪᠠᠢᠴᠠᠭᠠᠭ᠍ᠰᠠᠨ᠎ᠢᠶᠠᠷ᠂ ᠰᠸᠴᠤᠸᠠᠨ ᠮᠤᠵᠢ᠎ᠶ᠋ᠢᠨ ᠵᠣᠣ ᠵᠢᠤᠸᠠᠢ ᠱᠢᠶᠠᠨ ᠨᠢ ᠥᠩᠭᠡᠷᠡᠭ᠌ᠰᠡᠨ᠎ᠦ ᠶᠠᠳᠠᠭᠤ ᠬᠦᠴᠢᠷᠳᠡᠯᠲᠡᠶ ᠱᠢᠶᠠᠨ ᠪᠣᠯᠤᠭ᠍ᠰᠠᠨ᠎ᠤ ᠬᠤᠪᠢ᠎ᠳᠤ᠂ ᠡᠳ᠋᠎ᠦᠨ ᠵᠠᠰᠠᠭ᠎ᠤᠨ ᠵᠠᠷᠤᠯᠭ᠎ᠠ᠎ᠨᠢ ᠭᠤᠤᠯᠳᠠᠭᠤ ᠳᠡᠭᠡᠳᠦ ᠱᠠᠲᠤᠨ᠎ᠤ ᠱᠢᠯᠵᠢᠭᠦᠯᠦᠨ ᠥᠭ᠌ᠬᠦ᠎ᠳᠦ ᠲᠦᠱᠢᠭ᠌ᠯᠡᠵᠦ ᠪᠠᠢᠵᠠᠢ᠂ ᠡᠳ᠋᠎ᠦᠨ ᠵᠠᠰᠠᠭ᠎ᠤᠨ ᠪᠠᠯᠠ ᠮᠥᠩᠭᠥ᠌᠎ᠶᠢ ᠳᠣᠭᠢᠷᠠᠭᠤᠯᠵᠤ ᠪᠠᠢᠭᠠᠳ ᠰᠣᠶᠣᠯ ᠵᠢᠭᠤᠯᠴᠢᠯᠠᠯ᠎ᠤᠨ 3 ᠤᠬᠠᠭᠤᠯᠭ᠎ᠠ᠎ᠶ᠋ᠢᠨ ᠳᠠᠭᠤᠤ᠎ᠶ᠋ᠢ ᠦᠢᠯᠡᠳᠦᠨ ᠳᠡᠯᠭᠡᠷᠡᠭᠦᠯᠵᠦ᠂ ᠲᠦᠰᠦᠪ ᠨᠢ 149 ᠲᠦᠮᠡᠨ ᠲᠥᠭᠥᠷᠢᠭ᠎ᠲᠤ᠌ ᠬᠦᠷᠦᠭᠰᠡᠨ ᠪᠠᠢᠨ᠎ᠠ; ᠬᠤᠪᠸᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠢᠨ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢ ᠬᠡᠷᠡᠭ᠌ᠯᠡᠨ᠂ ᠲᠡᠭᠦᠨ᠎ᠦ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠪᠤᠯᠬᠤ ᠬᠤᠪᠸᠢ ᠵᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠪᠡᠷ ᠰᠤᠶᠤᠯ ᠵᠢᠭᠤᠯᠴᠢᠯᠠᠯ᠎ᠤᠨ 1 ᠪᠠᠳᠠᠭ ᠤᠬᠠᠭᠤᠯᠭ᠎ᠠ᠎ᠶ᠋ᠢᠨ ᠳᠠᠭᠤᠤ ᠵᠢ ᠦᠢᠯᠡᠳᠦᠨ ᠳᠡᠯᠭᠡᠷᠡᠭᠦᠯᠬᠦ᠌᠎ᠪᠡᠷ ᠲᠣᠬᠢᠷᠠᠭᠤᠯᠵᠤ᠂ ᠲᠦᠰᠦᠪ ᠨᠢ 300 ᠲᠦᠮᠡᠨ ᠲᠥᠭᠥᠷᠢᠭ᠎ᠲᠤ᠌ ᠬᠦᠷᠦᠭᠰᠡᠨ ᠪᠠᠢᠨ᠎ᠠ᠃ ᠰᠤᠷᠤᠯᠴᠠᠯᠭ᠎ᠠ ᠬᠥᠮᠦᠵᠢᠯ ᠡᠬᠢᠯᠡᠭ᠌ᠰᠡᠨ᠎ᠦ ᠳᠠᠷᠠᠭ᠎ᠠ᠂ ᠰᠸᠴᠤᠸᠠᠨ ᠮᠤᠵᠢ᠎ᠶ᠋ᠢᠨ ᠵᠤᠤ ᠵᠢᠤᠸᠠᠢ ᠱᠢᠶᠠᠨ᠂ ᠬᠤᠪᠸᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠴᠢ ᠬᠤᠪᠸᠢ ᠵᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠠᠮ᠎ᠤᠨ ᠲᠥᠪ ᠬᠤᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠲᠠᠢ ᠪᠠᠷᠢᠮᠵᠢᠶᠠᠯᠠᠵᠤ ᠪᠠᠢᠭᠠᠳ ᠳᠡᠭᠡᠷ᠎ᠡ ᠳᠤᠷᠠᠳᠤᠭ᠍ᠰᠠᠨ ᠲᠦᠷᠦᠯ ᠵᠦᠢᠯ᠎ᠳᠦ ᠣᠷᠣᠱᠢᠵᠤ ᠪᠠᠢᠭ᠎ᠠ ᠠᠰᠠᠭᠤᠳᠠᠯ᠎ᠢ ᠪᠠᠢᠴᠠᠭᠠᠨ ᠳᠡᠯᠭᠡᠵᠦ ᠢᠯᠡᠷᠡᠬᠦᠯᠦᠭᠰᠡᠨ ᠦᠭᠡᠢ᠂ ᠬᠠᠮᠢᠶ᠎ᠠ ᠪᠦᠬᠦᠢ ᠬᠤᠳᠠᠯᠳᠤᠨ ᠠᠪᠬᠤ ᠠᠵᠢᠯ᠎ᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ᠎ᠢ ᠴᠠᠭ ᠲᠤᠬᠠᠢ᠎ᠳᠤᠨᠢ ᠲᠦᠷ ᠵᠣᠭ᠍ᠰᠣᠭᠠᠭ᠍ᠰᠠᠨ ᠦᠭᠡᠢ; ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠲᠤᠬᠠᠶ ᠨᠠᠮ᠎ᠤᠨ ᠲᠥᠪ ᠬᠤᠷᠢᠶ᠎ᠠ᠎ᠶᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠥᠬᠡᠶ᠂ ᠤᠬᠠᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠨᠠᠷᠢᠨ ᠬᠢᠨᠠᠮᠠᠭᠠᠶ ᠦᠨᠡᠯᠡᠨ ᠵᠢᠱ᠌ᠢᠭ᠌ᠰᠡᠨ ᠥᠬᠡᠶ ᠪᠠᠢᠳᠠᠯ ᠳᠤᠤᠷ᠎ᠠ᠂ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶ᠋ᠢᠨ ᠳᠠᠭᠤᠤ ᠬᠤᠳᠠᠯᠳᠤᠨ ᠠᠪᠬᠤ ᠲᠥᠷᠥᠯ ᠵᠦᠶ᠋ᠯ᠎ᠢ ᠳᠠᠭᠠᠵᠤ ᠳᠡᠷᠪᠡᠨ ᠠᠬᠢᠭᠤᠯᠪᠠ; ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠶᠠᠪᠤᠴᠠ ᠨᠢ ᠱᠢᠨᠵᠢᠯᠡᠬᠦ᠌ ᠤᠬᠠᠭᠠᠨᠴᠢ ᠴᠢᠩᠭ᠎ᠠ ᠨᠢᠮᠪᠠᠢ ᠪᠢᠰᠢ᠂ ᠭᠦᠢᠴᠡᠳ ᠨᠤᠲᠠᠯᠠᠯᠲᠠ ᠬᠢᠭ᠌ᠰᠡᠨ ᠦᠭᠡᠢ᠂ ᠪᠡᠶᠡᠴᠢ ᠪᠦᠭᠡᠳ ᠰᠣᠬᠣᠷ ᠪᠠᠯᠠᠢ ᠴᠢᠨᠠᠷ᠎ᠲᠠᠶ ᠪᠠᠢᠵᠤ᠂ ᠡᠨᠡ ᠪᠣᠯ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ ᠬᠡᠯᠪᠡᠢᠬᠦᠦ ᠪᠠᠢᠬᠤ ᠨᠡᠢᠲᠡᠯᠢᠭ ᠠᠰᠠᠭᠤᠳᠠᠯ ᠪᠤᠯᠤᠨ᠎ᠠ᠃

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠰᠠᠭᠤᠳᠠᠯ ᠪᠣᠯ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠳᠤ ᠬᠣᠯᠪᠣᠭ᠍ᠳᠠᠬᠤ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠮᠥᠨ᠃ ᠨᠠᠮ᠎ᠤᠨ ᠲᠥᠪ ᠬᠣᠷᠢᠶ᠎ᠠ ᠪᠠᠢᠨ ᠳᠠᠬᠢᠨ ᠵᠠᠷᠯᠢᠭ ᠪᠠᠭᠤᠯᠭᠠᠵᠤ᠂ ᠬᠦᠴᠦᠲᠡᠶ ᠴᠣᠬᠢᠯᠲᠠ ᠥᠭ᠌ᠴᠦ᠂ ᠡᠨᠡ ᠵᠢᠯ ᠪᠠᠰᠠ ᠪᠥᠬᠥ᠌ ᠨᠠᠮ᠎ᠤᠨ ᠬᠡᠪᠴᠢᠶᠡᠨ᠎ᠳᠦ ᠵᠠᠰᠠᠭ᠎ᠤᠨ ᠠᠵᠢᠯ᠎ᠤᠨ  ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠪᠠᠢᠷᠢᠯᠠᠭᠤᠯᠪᠠ᠃ ᠰᠤᠷᠤᠯᠴᠠᠯᠭ᠎ᠠ ᠬᠥᠮᠦᠵᠢᠯ᠎ᠦᠨ ᠳᠤᠮᠳᠠ᠂ ᠰᠸᠴᠤᠸᠠᠨ ᠮᠤᠵᠢ᠎ᠶ᠋ᠢᠨ ᠵᠤᠤ ᠵᠢᠤᠸᠠᠢ ᠱᠢᠶᠠᠨ᠂ ᠬᠤᠪᠸᠢ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠴᠢ ᠬᠤᠪᠸᠢ ᠵᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠤᠷᠤᠯᠴᠠᠯᠭ᠎ᠠ ᠪᠠ ᠬᠡᠷᠡᠭ᠌ᠯᠡᠭᠡ ᠰᠠᠯᠤᠩᠭᠢᠷᠠᠵᠤ᠂ ᠰᠤᠷᠤᠯᠴᠠᠯᠭ᠎ᠠ ᠨᠢ ᠰᠤᠷᠤᠯᠴᠠᠬᠤ᠎ᠶᠢᠨ ᠳᠡᠳᠦᠢ᠂ ᠬᠢᠭ᠌ᠦ ᠨᠢ ᠬᠢᠬᠦ᠎ᠶᠢᠨ ᠳᠡᠳᠦᠢ ᠪᠠᠢᠵᠤ᠂ ᠪᠤᠳᠠᠳᠠᠢ ᠪᠠᠢᠳᠠᠯ᠎ᠢ ᠬᠠᠢᠬᠤᠷᠬᠤ ᠦᠭᠡᠢ᠎ᠪᠡᠷ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠬᠡᠷᠡᠭᠯᠡᠨ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶ᠋ᠢᠨ ᠳᠠᠭᠤᠤ᠎ᠶ᠋ᠢ ᠬᠤᠳᠠᠯᠳᠤᠨ ᠠᠪᠴᠤ᠌᠂ ᠵᠠᠷᠢᠮ ᠭᠠᠵᠠᠷ ᠣᠷᠣᠨ ᠪᠠ ᠨᠢᠭᠡᠴᠢ᠎ᠶ᠋ᠢᠨ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠠᠨᠢᠯᠲᠠ ᠰᠡᠷᠭᠡᠭ ᠪᠤᠰᠤ᠂ ᠰᠤᠷᠤᠯᠴᠠᠯᠭ᠎ᠠ ᠬᠥᠮᠦᠵᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠴᠦᠨ ᠦᠭᠡᠢ ᠪᠠᠢᠬᠤ᠎ᠶ᠋ᠢ ᠲᠤᠰᠭᠠᠪᠠ᠃

ᠣᠳᠣᠬᠠᠨ᠎ᠳᠤ᠂ ᠰᠤᠷᠤᠯᠴᠠᠯᠭ᠎ᠠ ᠬᠥᠮᠦᠵᠢᠯ ᠶᠠᠭ ᠯᠠᠪᠳᠠᠭᠤᠨ ᠡᠮᠬᠢ ᠵᠢᠷᠤᠮ᠎ᠲᠠᠢ ᠶᠠᠪᠤᠭᠳᠠᠵᠤ ᠪᠠᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠢᠯᠠᠩᠭᠤᠶ᠎ᠠ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠨᠢᠭᠡ᠎ᠡᠴᠡ ᠨᠦᠬᠦᠭᠡ ᠵᠢ ᠵᠦᠢᠴᠢᠯᠡᠨ ᠮᠡᠳᠡᠵᠦ᠂ ᠰᠤᠷᠭᠠᠮᠵᠢ ᠠᠪᠬᠤ ᠬᠡᠷᠡᠭᠲᠡᠢ᠃ ᠰᠤᠷᠤᠯᠴᠠᠬᠤ ᠬᠡᠷᠡᠭᠯᠡᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ 《ᠲᠦᠷᠪᠡᠨ ᠭᠦᠨᠵᠡᠭᠡᠢ ᠰᠤᠷᠤᠯᠴᠠᠬᠤ》 ᠶ᠋ᠢ ᠦᠷᠭᠦᠯᠵᠢᠯᠡᠨ ᠠᠬᠢᠭᠤᠯᠵᠤ᠂ ᠤᠬᠠᠮᠰᠠᠷ᠎ᠡᠴᠡ᠎ᠪᠠᠨ ᠪᠠᠷᠢᠮᠵᠢᠶᠠᠯᠠᠵᠤ ᠬᠠᠷᠭᠤᠭᠤᠯᠵᠤ᠂ ᠦᠵᠡᠯ ᠰᠠᠨᠠᠭ᠎ᠠ ᠲᠠᠨᠢᠯᠲᠠ᠎ᠶᠢᠨ ᠵᠥᠷᠢᠶ᠎ᠡ ᠪᠡᠨ ᠴᠠᠭ ᠲᠤᠬᠠᠢ ᠳ᠋ᠤᠨᠢ ᠵᠠᠯᠠᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠬᠠᠬᠤ ᠬᠡᠷᠡᠭᠲᠡᠢ᠃ 《ᠭᠤᠷᠪᠠ᠎ᠶᠢ ᠬᠠᠷᠭᠤᠭᠤᠯᠬᠤ》 ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠳᠤᠮᠳᠠ ᠣᠷᠣᠰᠢᠵᠤ ᠪᠠᠢᠭ᠎ᠠ ᠠᠰᠠᠭᠤᠳᠠᠯ᠎ᠢ ᠨᠠᠷᠢᠨ ᠬᠢᠨᠠᠮᠠᠭᠠᠢ ᠪᠠᠢᠴᠠᠭᠠᠨ ᠦᠵᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ ᠵᠢᠨ ᠱᠠᠭᠠᠷᠳᠠᠯᠭ᠎ᠠ᠎ᠳᠤ ᠨᠡᠢᠴᠡᠬᠦ ᠦᠭᠡᠢ᠎ᠶᠢ ᠨᠢ ᠮᠡᠳᠡᠮᠡᠭᠴᠡ ᠳᠠᠷᠤᠢ ᠥᠭᠡᠷᠡᠴᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠢᠯᠡᠳᠦᠯᠭᠡ᠎ᠶᠢ ᠵᠢᠯᠤᠭᠣᠳᠬᠤ᠂ ᠠᠵᠢᠯ᠎ᠢ ᠠᠬᠢᠭᠤᠯᠬᠤ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠣᠯᠭᠠᠨ ᠤᠨᠳᠤᠤᠰᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠲᠤᠬᠠᠢ ᠨᠠᠮ᠎ᠤᠨ ᠲᠥᠪ ᠬᠣᠷᠢᠶ᠎ᠡ ᠵᠢᠨ ᠱᠠᠭᠠᠷᠳᠠᠯᠭ᠎ᠠ᠎ᠶᠢ ᠡᠷᠡᠰ ᠨᠠᠢᠳᠠᠪᠤᠷᠢᠵᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠬᠦ ᠣᠢᠯᠠᠭᠠᠭᠳᠠᠬᠤᠨ᠎ᠢ ᠪᠠᠲᠤ ᠪᠤᠢ ᠪᠣᠯᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠦᠨᠡᠨ ᠬᠦ᠌ ᠲᠡᠷᠢᠭᠦᠨ ᠪᠠᠢᠷᠢᠨ᠎ᠳᠤ ᠲᠠᠯᠪᠢᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠳᠡᠭᠡᠭᠰᠢᠯᠡᠭᠦᠯᠵᠤ᠂ ᠡᠯ᠎ᠡ ᠵᠦᠢᠯ᠎ᠦᠨ ᠵᠠᠷᠤᠳᠠᠯ᠎ᠢ ᠡᠷᠬᠡᠪᠰᠢ ᠨᠠᠷᠢᠨ ᠨᠢᠭ᠍ᠲᠠ ᠪᠤᠳᠤᠵᠤ᠂ ᠵᠣᠭᠣᠰ ᠵᠠᠷᠤᠬᠤ᠎ᠳᠠᠭᠠᠨ ᠪᠦᠷᠢᠯᠭᠡᠨ ᠰᠦᠢᠳᠬᠡᠬᠦ᠎ᠶᠢ ᠴᠢᠩᠭ᠎ᠠ ᠬᠤᠷᠢᠭᠯᠠᠵᠤ᠂ ᠵᠣᠭᠣᠰ᠎ᠢ ᠴᠥᠮ ᠵᠠᠩᠭᠢᠯᠠᠭ᠎ᠠ᠎ᠶᠢᠨ ᠭᠠᠵᠠᠷ᠂ ᠴᠢᠬᠤᠯᠠ ᠭᠠᠵᠠᠷ᠎ᠲᠤ ᠬᠡᠷᠡᠭᠯᠡᠵᠦ᠂ ᠠᠷᠠᠳ ᠤᠯᠠᠨ᠎ᠢ ᠦᠨᠡᠨᠴᠢ ᠨᠠᠢᠳᠠᠪᠤᠷᠢᠲᠠᠢ᠂ ᠦᠨᠡᠨ ᠪᠤᠲᠠᠳᠦ ᠲᠥᠷᠥᠭᠳᠡᠯ᠎ᠲᠠᠢ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ᠎ᠶᠢ ᠠᠷᠠᠳ᠎ᠡᠴᠡ ᠠᠰᠠᠭᠤᠬᠤ᠂ ᠠᠷᠭ᠎ᠠ ᠪᠣᠳᠣᠯᠭ᠎ᠠ᠎ᠶᠢ ᠠᠷᠠᠳ᠎ᠡᠴᠡ ᠠᠰᠠᠭᠤᠬᠤ᠎ᠶᠢ ᠪᠠᠷᠢᠮᠲᠠᠯᠠᠵᠤ᠂ ᠤᠯᠠᠨ ᠲᠦᠮᠡᠨ᠎ᠦ ᠲᠤᠰ ᠪᠡᠶ᠎ᠡ᠎ᠶᠢᠨ ᠬᠡᠷᠡᠭᠴᠡᠭᠡ ᠱᠠᠭᠠᠷᠳᠠᠯᠭ᠎ᠠ᠎ᠪᠡᠷ ᠤᠷᠢᠲᠠᠯ ᠪᠣᠯᠭᠠᠨ ᠠᠰᠠᠭᠤᠳᠠᠯ᠎ᠢ ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ᠎ᠢᠶᠡᠨ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠡᠰᠡᠬᠦ᠎ᠪᠡᠷ ᠰᠢᠢᠳᠪᠦᠷᠢᠲᠦ ᠪᠣᠳᠣᠯᠭ᠎ᠠ᠎ᠶᠢᠨ ᠰᠢᠨᠵᠢᠯᠡᠬᠦ ᠤᠬᠠᠭᠠᠨᠴᠢ ᠪᠠᠢᠬᠤ ᠡᠰᠡᠬᠦ᠎ᠶᠢ ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ᠂ ᠤᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢᠬᠤ᠎ᠶᠢ ᠨᠢ ᠪᠡᠬᠢᠵᠢᠭᠦᠯᠦᠨ ᠳᠡᠭᠡᠭᠰᠢᠯᠡᠭᠦᠯᠵᠦ᠂ ᠤᠯᠠᠨ ᠲᠦᠮᠡᠨ᠎ᠤ ᠰᠡᠳᠬᠢᠯ ᠬᠠᠨᠤᠮᠵᠢ ᠦᠭᠡᠢ ᠪᠠᠢᠬᠤ᠎ᠶᠢ ᠨᠢ ᠵᠠᠯᠠᠷᠠᠭᠤᠯᠤᠨ ᠰᠠᠢᠵᠢᠷᠠᠭᠤᠯᠵᠤ᠂ ᠪᠣᠳᠠᠲᠤ ᠪᠠᠢᠳᠠᠯ᠎ᠡᠴᠡ ᠰᠠᠯᠵᠤ ᠰᠣᠬᠣᠷ ᠪᠠᠯᠠᠢ᠎ᠪᠠᠷ ᠠᠬᠢᠭᠤᠯᠬᠤ᠎ᠶᠢ ᠰᠡᠷᠭᠡᠢᠯᠡᠬᠦ ᠬᠡᠷᠡᠭᠲᠡᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号